2025 ᠣᠨ ᠳᠤ ᠬᠡᠷᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠤᠢ︖ ᠡᠷᠬᠡ ᠰᠦᠷᠲᠦ ᠰᠠᠯᠠᠭ᠎ᠠ ᠮᠥᠴᠢᠷ ᠠᠴᠠ ᠠᠵᠢᠯ ᠣᠯᠭᠤᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠪᠡ
ᠨᠡᠶᠢᠲᠡᠯᠡᠭᠰᠡᠨ ᠴᠠᠭ᠄
2025/2/13
      ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠰᠡᠳᠦᠪ᠄ 2025 ᠣᠨ ᠳᠤ ᠬᠡᠷᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠤᠢ — ᠡᠷᠬᠡ ᠰᠦᠷᠲᠦ ᠰᠠᠯᠠᠭ᠎ᠠ ᠮᠥᠴᠢᠷ ᠠᠴᠠ ᠠᠵᠢᠯ ᠣᠯᠭᠤᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠪᠡ      ᠠᠵᠢᠯ ᠣᠯᠭᠤᠯᠲᠠ ᠶᠢᠨ ᠣᠷᠣᠯᠭ᠎ᠠ ᠨᠢ ᠲᠦᠭ ᠲᠦᠮᠡᠨ ᠠᠶᠢᠯ ᠡᠷᠦᠭᠡ ᠲᠠᠢ ᠬᠤᠯᠪᠣᠭᠳᠠᠵᠤ ᠪᠠᠶᠢᠳᠠᠭ᠃ 2025 ᠣᠨ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠬᠦ ᠪᠤᠢ︖ 1 ᠰᠠᠷ᠎ᠠ ᠶᠢᠨ 21 ᠤ ᠡᠳᠦᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠭᠤᠷᠪᠠᠨ ᠶᠡᠭᠡ ᠬᠠᠯᠠᠭᠤᠨ ᠴᠡᠭ ᠤᠨ ᠠᠰᠠᠭᠤᠳᠠᠯ ᠤᠨ ᠲᠤᠬᠠᠢ ᠬᠠᠷᠢᠭᠤᠯᠲᠠ ᠥᠭᠪᠡ᠃      ᠠᠵᠢᠯ ᠣᠯᠭᠤᠯᠲᠠ ᠶᠢ ᠬᠡᠷᠬᠢᠨ ᠲᠣᠭᠲᠠᠪᠤᠷᠢᠵᠢᠭᠤᠯᠤᠨ ᠥᠷᠭᠡᠳᠬᠡᠬᠦ ᠪᠤᠢ︖      ᠠᠵᠢᠯ ᠣᠯᠭᠤᠯᠲᠠ ᠪᠣᠯ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠠᠮᠤᠭ ᠤᠨ ᠰᠢᠭᠤᠳ ᠠᠷᠭ᠎ᠠ ᠮᠠᠶ᠋ᠢᠭ ᠮᠥᠨ᠃ 2024 ᠣᠨ ᠳᠤ᠂ ᠪᠦᠬᠦ ᠤᠯᠤᠰ ᠤᠨ ᠬᠤᠲᠠ ᠪᠠᠯᠭᠠᠰᠤᠨ ᠳᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠭᠰᠡᠨ ᠬᠡᠪᠴᠢᠶ᠎ᠡ 3305.2 ᠲᠦᠮᠡᠨ ᠬᠥᠮᠥᠨ ᠳᠤ ᠬᠦᠷᠪᠡ᠃      ︽ᠲᠠᠷᠠᠭᠠᠴᠢ ᠶᠢᠨ ᠠᠯᠬᠤᠮ ᠳᠤ᠂ ᠪᠢᠳᠡ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢᠨ ᠬᠠᠷᠠᠯᠲᠠ ᠶᠢ ᠲᠣᠭᠲᠠᠭᠠᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠭᠤᠣᠯᠳᠠᠯᠭ᠎ᠠ ᠲᠠᠢ ᠬᠥᠮᠥᠰ ᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢᠨ ᠤᠯᠠᠨ ᠨᠠᠶᠢᠳᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠨ᠎ᠠ︾ ᠭᠡᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠴᠧᠨ ᠶᠦᠩ ᠵᠢᠶᠠ ᠢᠯᠡᠷᠬᠡᠶᠢᠯᠡᠪᠡ᠃      2025 ᠣᠨ ᠤ 1 ᠰᠠᠷ᠎ᠠ ᠶᠢᠨ 15 ᠤ ᠡᠳᠦᠷ᠂ ᠠᠨᠾᠦ᠋ᠢ ᠮᠤᠵᠢ ᠶᠢᠨ ᠾᠧᠹᠧᠢ ᠬᠤᠲᠠ ᠶᠢᠨ ᠹᠧᠢ ᠳ᠋ᠦᠩ ᠰᠢᠶᠠᠨ ︽ᠴᠠᠭᠠᠨ ᠰᠠᠷ᠎ᠠ ᠶᠢ ᠤᠭᠲᠤᠵᠤ ᠰᠢᠨ᠎ᠡ ᠠᠶᠠᠨ ᠢ ᠡᠬᠢᠯᠡᠭᠦᠯᠬᠦ︾ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠬᠢᠪᠡ᠃ ᠰᠢᠨᠬᠤᠸᠠ ᠬᠤᠷᠢᠶ᠎ᠠ ᠨᠡᠶᠢᠲᠡᠯᠡᠪᠡ ︵ᠷᠤᠸᠠᠨ ᠰᠢᠤᠸᠠᠢ ᠹᠧᠩ ᠰᠡᠭᠦᠳᠡᠷᠯᠡᠪᠡ︶      ᠴᠧᠨ ᠶᠦᠩ ᠵᠢᠶᠠ᠂ 2025 ᠣᠨ ᠳᠤ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠳᠦᠷᠦᠯ ᠂ ᠬᠤᠳᠠ ᠬᠥᠳᠡᠭᠡ ᠶᠢᠨ ᠦᠨᠳᠦᠰᠦᠨ ᠱᠠᠲᠤ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠳᠠᠰᠤᠷᠠᠯᠳᠠ ᠦᠭᠡᠢ ᠥᠷᠭᠡᠳᠬᠡᠨ᠎ᠡ᠃ ᠡᠭᠦᠨ ᠤ ᠬᠠᠮᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠲᠠᠭᠠᠭᠠᠯᠳᠠᠳᠤ ᠵᠢᠭᠡᠯᠡᠯᠭᠡ᠂ ᠠᠵᠢᠯ ᠣᠯᠭᠤᠯᠲᠠ ᠶᠢᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠳᠤ ᠬᠦᠴᠦᠨ ᠨᠡᠮᠡᠷᠢᠯᠡᠨ᠎ᠡ ᠭᠡᠵᠦ ᠲᠠᠨᠢᠯᠴᠠᠭᠤᠯᠪᠠ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠣᠯ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ 2025 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠲᠡᠭᠦᠰᠬᠦ ᠰᠣᠷᠣᠭᠴᠢ ᠶᠢᠨ ᠲᠤᠭ᠎ᠠ ᠵᠢᠱᠢᠯᠲᠡ ᠪᠠᠷ 1222 ᠲᠦᠮᠡᠨ ᠬᠥᠮᠥᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 43 ᠲᠦᠮᠡᠨ ᠬᠥᠮᠥᠨ ᠨᠡᠮᠡᠭᠳᠡᠬᠦ ᠪᠣᠯᠣᠨ᠎ᠠ᠃      ︽ᠵᠠᠯᠭᠠᠭᠠᠳ ᠲᠡᠭᠦᠰᠬᠦ ᠰᠤᠷᠤᠭᠴᠢᠳ ᠤᠨ ᠲᠤᠰᠬᠠᠢ ᠮᠡᠷᠭᠡᠵᠢᠯ ᠢ ᠪᠠᠳᠠᠷᠠᠭᠤᠯᠬᠤ ᠠᠵᠢᠯ ᠤᠨ ᠪᠠᠶᠢᠷᠢ ᠶᠢ ᠨᠠᠩ ᠤᠯᠠᠨ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠴᠤ ᠠᠵᠢᠯ ᠣᠯᠭᠤᠬᠤ ᠶᠢ ᠬᠦᠴᠦᠯᠡᠨ ᠳᠡᠮᠵᠢᠵᠦ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠠᠵᠢᠯ ᠤᠨ ᠪᠠᠶᠢᠷᠢ ᠶᠢ ᠴᠤᠭᠯᠠᠭᠤᠯᠤᠨ ᠨᠡᠶᠢᠲᠡᠯᠡᠬᠦ ᠳᠦᠷᠢᠮ ᠢ ᠪᠠᠶᠢᠭᠤᠯᠵᠤ᠂ ᠵᠠᠯᠠᠭᠤᠴᠤᠳ ᠤᠨ ᠤᠯᠠᠨ ᠠᠷᠭ᠎ᠠ ᠵᠠᠮ ᠢᠶᠠᠷ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠤᠨ᠎ᠠ︾ ᠭᠡᠵᠦ ᠴᠧᠨ ᠶᠦᠩ ᠵᠢᠶᠠ ᠬᠡᠯᠡᠪᠡ᠃      ᠨᠢᠭᠡ ᠬᠥᠮᠥᠨ ᠠᠵᠢᠯ ᠣᠯᠪᠠᠯ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠨ᠎ᠠ᠃ ᠣᠳᠣᠬᠠᠨ ᠳᠤ ᠪᠦᠬᠦ ᠤᠯᠤᠰ ᠤᠨ ᠬᠥᠯᠥᠰᠦᠨ ᠠᠵᠢᠯᠴᠢᠨ ᠪᠠᠷᠤᠭ 3 ᠳ᠋ᠦᠩᠰᠢᠭᠤᠷ ᠬᠥᠮᠥᠨ ᠪᠠᠶᠢᠵᠤ᠂ ᠬᠥᠯᠥᠰᠦᠨ ᠠᠵᠢᠯᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      2025 ᠣᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠯᠥᠰᠦᠨ ᠠᠵᠢᠯᠴᠢᠨ ᠤ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠲᠤᠬᠠᠢ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ ᠣᠯᠬᠤ ᠠᠷᠭ᠎ᠠ ᠵᠠᠮ ᠢ ᠥᠷᠭᠡᠳᠬᠡᠨ᠂ ᠰᠢᠶᠠᠨ ᠤ ᠬᠡᠪᠴᠢᠶᠡᠨ ᠤ ᠠᠵᠢᠯ ᠣᠯᠬᠤ ᠪᠠᠭᠲᠠᠭᠠᠮᠵᠢ ᠶᠢ ᠳᠡᠭᠡᠭᠰᠢᠯᠡᠭᠦᠯᠦᠨ᠎ᠡ︔ ᠡᠭᠦᠨ ᠠᠴᠠ ᠭᠠᠳᠠᠨ᠎ᠠ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠠᠶᠢᠳᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠰᠠᠶᠢᠲᠤᠷ ᠬᠡᠷᠡᠭᠯᠡᠨ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠵᠦ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠳᠤ ᠨᠠᠭᠠᠲᠤ ᠵᠠᠬ᠎ᠠ ᠳᠠᠭᠠᠨ ᠨᠢᠭᠡ ᠬᠥᠮᠥᠨ ᠳᠤ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃      ᠮᠡᠷᠭᠡᠵᠢᠯ ᠴᠢᠳᠠᠪᠤᠷᠢ ᠶᠢᠨ ᠣᠷᠣᠯᠭ᠎ᠠ ᠶᠢᠨ ᠨᠡᠮᠡᠭᠳᠡᠯ ᠢ ᠬᠡᠷᠬᠢᠨ ᠠᠬᠢᠭᠤᠯᠬᠤ ᠪᠣᠢ︖      ᠣᠳᠣᠬᠠᠨ ᠳᠤ ᠮᠠᠨ ᠤ ᠤᠯᠤᠰ ᠤᠨ ᠤᠷ᠎ᠠ ᠮᠡᠷᠭᠡᠵᠢᠯᠲᠦ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠨᠢᠭᠡᠨᠲᠡ 2 ᠳ᠋ᠦᠩᠰᠢᠭᠤᠷ ᠢ ᠳᠠᠪᠠᠵᠤ᠂ ᠠᠵᠢᠯ ᠣᠯᠣᠭᠰᠠᠳ ᠤᠨ ᠶᠡᠷᠦᠩᠬᠡᠢ ᠲᠣᠭᠠᠨ ᠤ 26% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠭᠡᠪᠡᠴᠦ ᠤᠷ᠎ᠠ ᠮᠡᠷᠭᠡᠵᠢᠯᠲᠦ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠳᠡᠭᠡᠳᠦ ᠤᠷ᠎ᠠ ᠮᠡᠷᠭᠡᠵᠢᠯᠲᠦ ᠴᠢᠳᠠᠪᠤᠷᠢᠲᠠᠨ ᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠲᠠᠬᠢ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ᠃      ᠬᠥᠳᠡᠯᠮᠦᠷᠢᠴᠢᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠪᠡᠯ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ ᠪᠣᠯᠣᠨ᠎ᠠ᠃ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠳᠠᠮᠵᠢᠭᠰᠠᠨ᠂ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠡᠮᠳᠡᠭ ᠢᠶᠠᠷ ᠳᠠᠶᠢᠴᠢᠯᠠᠭᠰᠠᠨ ᠬᠥᠯᠥᠰᠦᠨ ᠠᠵᠢᠯᠴᠢᠨ ᠤ ᠠᠵᠢᠯ ᠣᠯᠭᠤᠯᠲᠠ ᠶᠢᠨ ᠴᠠᠯᠢᠩ ᠤᠨ ᠣᠷᠣᠯᠭ᠎ᠠ  ᠨᠢ ᠴᠦ ᠡᠩ ᠤᠨ ᠬᠥᠯᠥᠰᠦᠨ ᠠᠵᠢᠯᠴᠢᠨ ᠤ ᠬᠢ ᠠᠴᠠ ᠬᠤᠯᠠ ᠥᠨᠳᠥᠷ ᠪᠠᠶᠢᠳᠠᠭ᠃      2024 ᠣᠨ ᠤ 5 ᠰᠠᠷ᠎ᠠ ᠶᠢᠨ 28 ᠤ ᠡᠳᠦᠷ᠂ ᠾᠧᠪᠧᠢ ᠮᠤᠵᠢ ᠶᠢᠨ ᠸᠧᠢ ᠰᠢᠶᠠᠨ ᠤ ᠬᠥᠳᠡᠯᠮᠦᠷᠢ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠩᠲ᠋ᠠᠢ ᠶᠢᠨ ᠸᠧᠢ ᠯᠢ ᠮᠠᠰᠢᠨ ᠲᠡᠷᠭᠡᠨ ᠤ ᠰᠡᠯᠪᠢᠭ ᠲᠣᠨᠤᠭ ᠤᠨ ᠬᠢᠵᠠᠭᠠᠷᠲᠤ ᠺᠣᠮᠫᠠᠨᠢ ᠳᠤ᠂ ᠪᠠᠭᠰᠢ ᠠᠴᠠ ᠰᠤᠷᠤᠭᠴᠢᠳ ᠲᠤ ᠲᠣᠭᠠᠨ ᠡᠵᠡᠮᠰᠢᠯᠲᠦ ᠰᠠᠤᠷᠢ ᠮᠠᠰᠢᠨ ᠠᠵᠢᠯᠯᠠᠭᠤᠯᠬᠤ ᠮᠡᠳᠡᠯᠭᠡ ᠶᠢ ᠲᠠᠶᠢᠯᠪᠤᠷᠢᠯᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠰᠢᠶᠣᠣ ᠰᠡᠭᠦᠳᠡᠷᠯᠡᠪᠡ      ︽2025 ᠣᠨ ᠳᠤ ᠡᠷᠡᠭᠦᠯᠵᠢᠯ ᠰᠤᠪᠢᠯᠠᠯᠲᠠ᠂ ᠬᠡᠦᠬᠡᠳ ᠰᠠᠭᠠᠲᠠᠭᠤᠯᠬᠤ ᠬᠥᠮᠦᠵᠢᠯ᠂ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡ᠂ ᠰᠢᠨ᠎ᠡ ᠠᠵᠢᠯ ᠮᠡᠷᠭᠡᠵᠢᠯ ᠵᠡᠷᠭᠡ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ᠂ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠣᠶᠢᠮ᠎ᠠ ᠪᠠᠶᠢᠭ᠎ᠠ ᠠᠵᠢᠯ ᠲᠥᠷᠥᠯ ᠤᠨ ᠬᠦᠷᠢᠶᠡᠨ ᠤ ᠲᠣᠭᠤᠷᠢᠨ ᠳᠤ ᠬᠥᠯᠥᠰᠦᠨ ᠠᠵᠢᠯᠴᠢᠨ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠳ ᠢᠶᠠᠷ ᠲᠠᠩᠰᠠᠯᠠᠭᠤᠯᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ ᠪᠠᠷ ᠥᠷᠨᠢᠭᠦᠯᠵᠦ᠂ ᠬᠥᠳᠡᠯᠮᠦᠷᠢᠴᠢᠳ ᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ︾ ᠭᠡᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ ᠯᠦ ᠠᠢ ᠬᠤᠩ ᠲᠠᠨᠢᠯᠴᠠᠭᠤᠯᠪᠠ᠃      ᠤᠷᠮᠠᠰᠢᠭᠤᠯᠵᠤ ᠪᠠᠲᠤᠯᠠᠬᠤ ᠶᠢ ᠲᠣᠪᠤᠶᠢᠯᠭᠠᠨ᠂ ᠤᠷ᠎ᠠ ᠮᠡᠷᠭᠡᠵᠢᠯᠲᠦ ᠠᠵᠢᠯ ᠣᠯᠭᠤᠯᠲᠠ ᠶᠢᠨ ᠲᠠᠲᠠᠬᠤ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ 2024 ᠣᠨ ᠤ 9 ᠰᠠᠷ᠎ᠠ ᠳᠤ ᠨᠡᠶᠢᠲᠡᠯᠡᠭᠰᠡᠨ ︽ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ︽ᠤᠷ᠎ᠠ ᠮᠡᠷᠭᠡᠵᠢᠯᠲᠦ ᠴᠢᠳᠠᠪᠤᠷᠢᠲᠠᠨ ᠤ ᠬᠥᠯᠥᠰᠦ ᠣᠯᠭᠤᠮᠵᠢ ᠶᠢᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠥᠳᠡᠯᠦᠩᠭᠦᠢ ᠪᠠᠷ ᠨᠡᠶᠢᠲᠡᠯᠡᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠷ᠎ᠠ ᠮᠡᠷᠭᠡᠵᠢᠯᠲᠦ ᠴᠢᠳᠠᠪᠤᠷᠢᠲᠠᠨ ᠤ ᠬᠥᠯᠥᠰᠦ ᠣᠯᠭᠤᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ︾ ᠭᠡᠵᠦ ᠲᠣᠳᠣᠷᠬᠠᠢ ᠱᠠᠭᠠᠷᠳᠠᠵᠠᠢ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠮᠡᠷᠭᠡᠵᠢᠯ ᠴᠢᠳᠠᠪᠤᠷᠢ ᠪᠠᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠦᠷᠢᠮ ᠢ ᠪᠠᠶᠢᠭᠤᠯᠵᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠴᠤᠭᠯᠠᠷᠠᠭᠰᠠᠨ ᠣᠷᠣᠨ ᠪᠦᠰᠡ᠂ ᠠᠵᠢᠯ ᠲᠥᠷᠥᠯ ᠳᠤ ᠴᠠᠯᠢᠩ ᠢ ᠬᠠᠮᠲᠤ ᠪᠠᠷ ᠵᠥᠪᠳᠡᠯᠴᠡᠬᠦ ᠶᠢ ᠥᠷᠨᠢᠭᠦᠯᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠵᠢᠯᠣᠭᠤᠳᠤᠮᠵᠢ ᠶᠢ ᠬᠡᠷᠡᠭᠵᠢᠭᠦᠯᠦᠨ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠡᠬᠢᠯᠡᠯᠲᠡ ᠶᠢᠨ ᠴᠡᠭ ᠤᠨ ᠴᠠᠯᠢᠩ ᠬᠥᠯᠥᠰᠦ ᠶᠢᠨ ᠳᠦᠷᠢᠮ ᠢ ᠬᠡᠷᠡᠭᠵᠢᠭᠦᠯᠬᠦ ᠶᠢ ᠠᠬᠢᠭᠤᠯᠵᠤ᠂ ᠢᠯᠡᠭᠦᠦ ᠬᠥᠳᠡᠯᠮᠦᠷᠢᠯᠡᠭᠰᠡᠳ ᠲᠤ ᠢᠯᠡᠭᠦᠦ ᠣᠯᠭᠤᠵᠤ᠂ ᠮᠡᠷᠭᠡᠵᠢᠯ ᠥᠨᠳᠥᠷ ᠬᠥᠮᠥᠰ ᠲᠤ ᠢᠯᠡᠭᠦᠦ ᠣᠯᠭᠤᠬᠤ ᠶᠢ ᠠᠬᠢᠭᠤᠯᠤᠨ᠎ᠠ᠃      ᠤᠯᠠᠨ ᠲᠦᠮᠡᠨ ᠤ ᠳᠠᠷᠤᠭᠠᠰᠤ ᠶᠢ ᠬᠥᠩᠭᠡᠯᠡᠵᠦ ᠣᠷᠣᠯᠭ᠎ᠠ ᠶᠢ ᠨᠡᠮᠡᠭᠳᠡᠭᠦᠯᠬᠦ ᠶᠢ ᠬᠡᠷᠬᠢᠨ ᠠᠬᠢᠭᠤᠯᠬᠤ ᠪᠣᠢ︖      ᠠᠵᠤ ᠠᠬᠤᠢ ᠶᠢᠨ ᠬᠥᠭᠵᠢᠯᠲᠡ ᠨᠢ ᠳᠠᠷᠤᠯᠲᠠ ᠶᠢ ᠬᠡᠳᠦᠢ ᠳᠠᠭᠠᠭᠠᠵᠤ ᠤᠷᠤᠭᠰᠢᠯᠠᠬᠤ ᠲᠤᠲᠤᠮ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠲᠡᠳᠦᠢ ᠪᠠᠲᠤ ᠰᠠᠬᠢᠵᠤ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃      2024 ᠣᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠠᠶᠢᠳᠠ 2477 ᠲᠦᠮᠡᠨ ᠬᠦᠴᠢᠷᠳᠡᠯ ᠲᠠᠢ ᠬᠥᠮᠥᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠵᠤ᠂ ᠠᠵᠢᠯ ᠠᠯᠳᠠᠭᠰᠠᠳ ᠲᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠣᠯᠭᠤᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠰᠦᠢᠳᠬᠡᠯ ᠵᠡᠷᠭᠡ ᠡᠯ᠎ᠡ ᠲᠥᠷᠥᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠶᠢ 1214 ᠳ᠋ᠦᠩᠰᠢᠭᠤᠷ ᠲᠥᠭᠦᠷᠢᠭ ᠣᠷᠣᠯᠠᠨ ᠲᠤᠰᠢᠶᠠᠵᠠᠢ᠃      2025 ᠣᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠯ᠎ᠡ ᠭᠠᠵᠠᠷ ᠤᠨ ᠨᠡᠶᠢᠭᠡᠮ ᠤᠨ ᠪᠠᠲᠤᠯᠠᠭ᠎ᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠤᠭᠤᠳᠬᠤ ᠶᠢᠨ ᠬᠠᠮᠲᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠶᠢ ᠳᠡᠭᠡᠭᠰᠢᠯᠡᠭᠦᠯᠵᠦ᠂ ᠨᠠᠩ ᠭᠦᠢᠴᠡᠳ ᠪᠥᠭᠡᠳ ᠨᠠᠶᠢᠳᠠᠪᠤᠷᠢᠲᠠᠢ ᠨᠡᠶᠢᠭᠡᠮ ᠤᠨ ᠪᠠᠲᠤᠯᠠᠭ᠎ᠠ ᠪᠠᠷ ᠬᠥᠳᠡᠯᠮᠦᠷᠢᠴᠢᠳ ᠤᠨ ᠬᠤᠶᠢᠰᠢᠳᠠ ᠶᠢᠨ ᠵᠣᠪᠠᠨᠢᠯ ᠢ ᠪᠠᠭᠠᠰᠬᠠᠨ᠎ᠠ᠃      ᠯᠦ ᠠᠢ ᠬᠤᠩ ᠢᠯᠡᠷᠬᠡᠶᠢᠯᠡᠬᠦ ᠳᠡᠭᠡᠨ᠂ 2025 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠲᠤ ᠨᠠᠩ ᠢᠯᠡᠭᠦᠦ ᠬᠡᠯᠪᠡᠶᠢᠯᠭᠡᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ᠂ ᠬᠠᠮᠲᠤ ᠨᠠᠶᠢᠳᠠ ᠶᠢᠨ ᠨᠥᠬᠦᠪᠦᠷᠢ ᠶᠢ ᠵᠢᠷᠤᠮᠵᠢᠭᠤᠯᠬᠤ ᠲᠤᠷᠰᠢᠯᠲᠠ ᠶᠢ ᠢᠳᠡᠪᠬᠢᠲᠡᠢ ᠠᠬᠢᠭᠤᠯᠵᠤ᠂ ᠰᠦᠢᠳᠬᠡᠯ ᠲᠤᠰᠢᠶᠠᠬᠤ ᠬᠢᠷᠢ ᠬᠡᠮᠵᠢᠶ᠎ᠡ ᠪᠠ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠶᠢ ᠠᠬᠢᠭᠤᠯᠤᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠡᠢ᠃      ᠴᠠᠯᠢᠩ ᠪᠣᠯ ᠬᠥᠳᠡᠯᠮᠦᠷᠢᠴᠢᠨ ᠤ ᠭᠤᠣᠯ ᠣᠷᠣᠯᠭ᠎ᠠ ᠶᠢᠨ ᠢᠷᠡᠯᠲᠡ ᠮᠥᠨ᠃ ︽ᠪᠢᠳᠡ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠠᠩᠬᠠᠨ ᠤ ᠬᠤᠪᠢᠶᠠᠷᠢᠯᠠᠯᠲᠠ ᠳᠤ ᠡᠵᠡᠯᠡᠬᠦ ᠬᠤᠪᠢ ᠶᠢᠨ ᠵᠢᠩ  ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠴᠠᠯᠢᠩ ᠤᠨ ᠬᠤᠷᠸ᠎ᠠ ᠵᠢᠯᠣᠭᠤᠳᠤᠯᠭ᠎ᠠ ᠲᠣᠬᠢᠷᠠᠭᠤᠯᠤᠯ ᠡᠵᠡᠮᠳᠡᠯ  ᠢ ᠴᠢᠩᠭᠠᠳᠬᠠᠵᠤ᠂ ᠤᠯᠠᠨ ᠲᠦᠮᠡᠨ ᠤ ᠴᠠᠯᠢᠩ ᠤᠨ ᠣᠷᠣᠯᠭ᠎ᠠ ᠶᠢᠨ ᠵᠦᠢ ᠵᠣᠬᠢᠰᠲᠠᠢ ᠪᠥᠭᠡᠳ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ︾ ᠭᠡᠵᠦ ᠯᠦ ᠠᠢ ᠬᠤᠩ ᠬᠡᠯᠡᠪᠡ᠃      ᠲᠡᠷᠡ᠂ ᠲᠠᠷᠠᠭᠠᠴᠢ ᠶᠢᠨ ᠠᠯᠬᠤᠮ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠯ᠎ᠡ ᠭᠠᠵᠠᠷ ᠤᠨ ᠬᠢᠨ ᠢ ᠵᠢᠯᠣᠭᠤᠳᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠨᠠᠭᠠᠲᠤ ᠵᠠᠬ᠎ᠠ ᠶᠢᠨ ᠴᠠᠯᠢᠩ ᠤᠨ ᠨᠡᠶᠢᠭᠡᠮ ᠤᠨ ᠳᠤᠮᠳᠠᠴᠢ ᠴᠠᠯᠢᠩ ᠳᠠᠬᠢ ᠡᠵᠡᠯᠡᠬᠦ ᠬᠠᠷᠢᠴᠠᠯ ᠢ ᠠᠭᠠᠵᠢᠮ ᠢᠶᠠᠷ ᠲᠡᠭᠡᠭᠰᠢᠯᠡᠬᠦᠯᠦᠨ᠎ᠡ︔ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠥᠮᠥᠰ ᠤᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠵᠢᠯᠣᠭᠤᠳᠤᠮᠵᠢ ᠶᠢ ᠴᠢᠩᠭᠠᠷᠠᠭᠤᠯᠤᠨ᠎ᠠ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠵᠢᠭᠠᠨ ᠵᠢᠯᠤᠭᠤᠳᠴᠤ ᠪᠠᠶᠢᠭᠠᠳ ᠡᠯ᠎ᠡ ᠳᠦᠷᠦᠯ ᠤᠨ ᠴᠢᠳᠠᠪᠤᠷᠢᠲᠠᠨ ᠤ ᠠᠵᠢᠯ ᠤᠨ ᠠᠮᠵᠢᠯᠲᠠ ᠪᠦᠲᠦᠮᠵᠢ ᠪᠠᠷ ᠨᠢ ᠴᠠᠯᠢᠩ ᠬᠥᠯᠥᠰᠦ ᠶᠢ ᠨᠢ ᠲᠣᠭᠲᠠᠭᠠᠬᠤ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠯᠠᠭᠴᠢ ᠬᠥᠮᠥᠰ ᠢ ᠤᠷᠮᠠᠰᠢᠭᠤᠯᠤᠨ ᠵᠣᠷᠢᠭᠵᠢᠭᠤᠯᠬᠤ ᠡᠷᠴᠢᠮ ᠢ ᠴᠢᠩᠭᠠᠷᠠᠭᠤᠯᠤᠨ᠎ᠠ ᠭᠡᠵᠦ ᠢᠯᠡᠳᠬᠡᠪᠡ᠃ ︵ᠵᠢᠶᠠᠩ ᠯᠢᠨ᠂ ᠬᠠᠨ ᠵᠢᠶᠠ ᠨᠥᠸᠧ︶
 
ᠢᠷᠡᠯᠲᠡ᠄ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ 
 
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号