︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ﹀ ᠢᠨᠵᠧᠨᠧᠷᠢᠩ ᠤᠨ ᠲᠥᠷᠥ ᠶᠢᠨ | ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ | ᠨᠡᠶᠢᠲᠡᠯᠡᠬᠦ᠂ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠦᠨᠡᠯᠡᠨ | ᠵᠢᠱᠢᠵᠦ ᠮᠠᠭᠠᠳᠯᠠᠨ ᠲᠣᠭᠲᠠᠭᠠᠬᠤ᠂ ᠬᠢᠨᠠᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ ᠨᠠᠶᠢᠳᠠ 1 ᠬᠥᠮᠥᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ | ᠬᠡᠪᠴᠢᠶᠡᠨ ᠳᠤ ᠣᠷᠣᠵᠤ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠠᠵᠢᠯᠲᠠᠨ ᠵᠢᠴᠢ | ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠨ᠎ᠡ᠃ | ᠨᠢᠭᠡ᠂ ᠢᠯᠡ ᠨᠡᠶᠢᠲᠡᠯᠡᠬᠦ ᠡᠲᠡᠭᠡᠳ | ᠯᠢᠦ ᠸᠧᠢ᠂ ᠡᠷᠡᠭᠲᠡᠢ᠂ ᠬᠢᠲᠠᠳ ᠦᠨᠳᠦᠰᠦᠲᠡᠨ᠂ 1989 ᠣᠨ ᠤ 3 ᠰᠠᠷ᠎ᠠ ᠳᠤ ᠲᠥᠷᠥᠵᠡᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠭᠦᠨ ᠤᠬᠠᠭᠠᠨ ᠤ | ᠳ᠋ᠣᠺᠲ᠋ᠣᠷ ᠴᠣᠯᠠ ᠲᠠᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ | ᠬᠠᠷᠢᠶᠠᠲᠤ ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭᠠᠨ ᠤ ᠡᠮᠴᠢᠯᠡᠭᠡᠨ ᠤ ᠰᠤᠳᠤᠯᠭᠠᠨ ᠤ ᠲᠥᠪ ᠤᠨ ᠲᠤᠰᠬᠠᠢ | ᠮᠡᠷᠭᠡᠵᠢᠯ ᠤᠨ ᠠᠵᠢᠯ ᠤᠨ ᠪᠠᠶᠢᠷᠢ ︵ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ︶ ᠳᠤ ᠡᠯᠰᠡᠨ | ᠬᠡᠷᠡᠭᠯᠡᠬᠦ ᠪᠠᠷ ᠪᠣᠢ᠃ | ᠬᠤᠶᠠᠷ᠂ ᠢᠯᠡ ᠨᠡᠶᠢᠲᠡᠯᠡᠬᠦ ᠴᠠᠭ | 2025 ᠣᠨ ᠤ 3 ᠰᠠᠷ᠎ᠠ ᠶᠢᠨ 5 ᠠᠴᠠ 2025 ᠣᠨ ᠤ 3 ᠰᠠᠷ᠎ᠠ ᠶᠢᠨ 11 ᠤ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ | ᠪᠣᠯᠣᠨ᠎ᠠ᠂ ᠲᠤᠰᠬᠠᠭᠰᠠᠨ ᠮᠠᠲ᠋ᠧᠷᠢᠶᠠᠯ ᠳᠤ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ | ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠶ᠃ | ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 ︱ 12᠄ 00᠂ ᠦᠳᠡ ᠶᠢᠨ ᠬᠤᠶᠢᠨ᠎ᠠ 14 | ᠄ 30 ︱ 17᠄ 00 | ᠬᠦᠯᠢᠶᠡᠨ ᠠᠪᠬᠤ ᠤᠲᠠᠰᠤ᠄ 0471-6946229 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | 2025 ᠣᠨ ᠤ 3 ᠰᠠᠷ᠎ᠠ ᠶᠢᠨ 5 ᠤ ᠡᠳᠦᠷ |