ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠦᠢᠯᠡᠴᠢᠯᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ | ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ | ᠬᠤᠷᠠᠯᠳᠤᠭᠠᠨ ᠳᠤ ᠣᠷᠣᠯᠴᠠᠭᠰᠠᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ | ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠪᠣᠯᠭᠤᠭᠠᠨ ᠦᠵᠡᠬᠦ ᠳᠡᠭᠡᠨ᠂ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠥᠵᠢᠭᠦᠯᠬᠦ ᠰᠠᠶᠢᠨ ᠨᠥᠬᠦᠴᠡᠯᠳᠦᠯ ᠢ ᠪᠡᠶᠡᠯᠡᠭᠦᠯᠬᠦ ᠳᠤ ᠰᠤᠷᠭᠠᠨ ᠬᠥᠮᠦᠵᠢᠯ ᠨᠢ ᠤᠳᠤᠷᠢᠳᠤᠮᠵᠢ ᠶᠢᠨ | ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠬᠤ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ᠃ | ᠴᠢᠳᠠᠪᠤᠷᠢᠲᠠᠨ ᠢ ᠬᠥᠮᠥᠵᠢᠭᠦᠯᠬᠦ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠣᠳᠣᠬᠠᠨ ᠳᠤ᠂ ᠮᠠᠨ ᠤ ᠤᠯᠤᠰ ᠶᠠᠭ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠴᠢᠳᠠᠪᠤᠷᠢᠲᠠᠨ ᠤ ᠬᠠᠩᠭᠠᠯᠭ᠎ᠠ ᠪᠣᠯᠣᠨ ᠬᠡᠷᠡᠭᠴᠡᠭᠡ ᠶᠢᠨ | ᠬᠤᠭᠤᠷᠤᠨᠳᠤᠬᠢ ᠪᠦᠲᠦᠴᠡ ᠶᠢᠨ ᠴᠢᠨᠠᠷᠲᠠᠢ ᠵᠥᠷᠢᠴᠡᠯ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠬᠤ ᠪᠠᠷ ᠪᠠᠷᠠᠬᠤ ᠦᠭᠡᠢ ᠪᠠᠰᠠ ᠬᠥᠮᠥᠨ ᠨᠢᠭᠡᠪᠦᠷᠢ ᠶᠢᠨ ᠠᠵᠢᠯ | ᠮᠡᠷᠭᠡᠵᠢᠯ ᠤᠨ ᠬᠥᠭᠵᠢᠯᠲᠡ ᠪᠣᠯᠣᠨ ᠠᠮᠢᠳᠤᠷᠠᠬᠤᠢ ᠶᠢᠨ ᠥᠷᠲᠡᠭ ᠤᠨ ᠪᠡᠶᠡᠯᠡᠭᠳᠡᠬᠦ ᠶᠢ ᠨᠥᠯᠥᠭᠡᠯᠡᠵᠦ ᠪᠠᠶᠢᠨ᠎ᠠ᠃ | ᠡᠭᠦᠨ ᠤ ᠬᠠᠮᠲᠤ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠳᠤ ᠬᠠᠷᠢᠯᠴᠠᠨ ᠠᠬᠢᠭᠤᠯᠬᠤ᠂ ᠬᠠᠷᠢᠯᠴᠠᠨ ᠤᠷᠢᠲᠠᠯ ᠪᠣᠯᠭᠠᠬᠤ᠂ ᠬᠠᠷᠢᠯᠴᠠᠨ | ᠰᠣᠯᠪᠢᠴᠠᠬᠤ᠂ ᠲᠦᠷᠭᠡᠨ ᠢᠶᠠᠷ ᠳᠠᠪᠬᠤᠴᠠᠬᠤ ᠣᠨᠴᠠᠯᠢᠭ ᠢᠯᠡᠷᠡᠵᠦ᠂ ᠪᠠᠰᠠ ᠬᠥᠮᠥᠨ ᠤ ᠬᠦᠴᠦᠨ ᠤ ᠡᠬᠢ | ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠡᠪ ᠴᠢᠨᠠᠷ | ᠨᠢ ᠰᠢᠯᠢᠳᠡᠭ᠂ ᠶᠡᠷᠦᠩᠬᠡᠢ ᠬᠡᠮᠵᠢᠶ᠎ᠡ ᠨᠢ ᠭᠦᠢᠴᠡᠳ᠂ ᠪᠦᠲᠦᠴᠡ ᠨᠢ ᠰᠢᠯᠢᠳᠡᠭᠵᠢᠭᠰᠡᠨ᠂ ᠲᠠᠷᠬᠠᠯᠲᠠ ᠨᠢ ᠵᠦᠢ | ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠰᠲ᠋ᠧᠮ ᠢ ᠲᠦᠷᠭᠡᠪᠴᠢᠯᠡᠨ ᠪᠤᠢ | ᠪᠣᠯᠭᠠᠬᠤ ᠶᠢ ᠱᠠᠭᠠᠷᠳᠠᠵᠤ ᠪᠠᠶᠢᠨ᠎ᠠ᠃ ᠡᠶᠢᠮᠦ ᠠᠴᠠ ᠡᠷᠬᠡᠪᠰᠢ ᠴᠠᠭ ᠤᠨ ᠪᠠᠶᠢᠳᠠᠯ ᠢ ᠦᠨᠳᠦᠰᠦᠯᠡᠨ ᠬᠤᠪᠢᠷᠠᠭᠤᠯᠵᠤ᠂ | ᠪᠠᠶᠢᠳᠠᠯ ᠢ ᠲᠠᠭᠠᠨ ᠠᠵᠢᠯᠯᠠᠵᠤ᠂ ᠪᠦᠬᠦ ᠤᠯᠤᠰ ᠲᠤ ᠬᠠᠨᠳᠤᠨ᠂ ᠢᠷᠡᠭᠡᠳᠦᠢ ᠳᠤ ᠬᠠᠨᠳᠤᠵᠤ᠂ ᠴᠢᠳᠠᠪᠤᠷᠢᠲᠠᠨ ᠢ | ᠬᠥᠮᠥᠵᠢᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠴᠢᠳᠠᠪᠤᠷᠢᠲᠠᠨ ᠢ ᠬᠥᠮᠥᠵᠢᠭᠦᠯᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠶᠡᠷᠦᠩᠬᠡᠢ ᠳᠤᠨᠢ ᠲᠣᠬᠢᠷᠠᠭᠤᠯᠬᠤ ᠬᠡᠷᠡᠭᠲᠡᠶ᠃ | ᠴᠢᠳᠠᠪᠤᠷᠢᠲᠠᠨ ᠢ ᠬᠥᠮᠥᠵᠢᠭᠦᠯᠬᠦ ᠳᠤ ᠡᠪᠳᠡᠬᠦ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠬᠤ | ᠬᠡᠷᠡᠭᠲᠡᠶ᠃ ᠣᠶᠢᠷ᠎ᠠ ᠶᠢᠨ ᠨᠢᠭᠡ ᠬᠤᠭᠤᠴᠠᠭᠠᠨ ᠳᠤ᠂ ᠬᠡᠰᠡᠭ ᠶᠡᠭᠡ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠤᠨ | ᠪᠠᠶᠢᠷᠢᠰᠢᠯ ᠢᠶᠠᠨ ᠱᠠᠯᠠᠪᠳᠠᠨ ᠲᠣᠬᠢᠷᠠᠭᠤᠯᠵᠤ᠂ ᠵᠠᠷᠢᠮ ᠤᠯᠠᠮᠵᠢᠯᠠᠯᠲᠤ ᠲᠤᠰᠬᠠᠢ ᠮᠡᠷᠭᠡᠵᠢᠯ ᠤᠨ ᠲᠤᠭ᠎ᠠ ᠴᠥᠭᠡᠷᠡᠵᠦ᠂ | ᠨᠠᠩ ᠤᠯᠠᠨ ᠰᠢᠨ᠎ᠡ ᠪᠠᠷ ᠬᠥᠭᠵᠢᠭᠰᠡᠨ ᠲᠤᠰᠬᠠᠢ ᠮᠡᠷᠭᠡᠵᠢᠯ ᠢ ᠰᠣᠷᠣᠭᠴᠢ ᠡᠯᠰᠡᠬᠦ ᠭᠠᠷᠴᠠᠭ ᠲᠤ ᠣᠷᠣᠭᠤᠯᠪᠠ᠂ ᠡᠨᠡ | ᠪᠣᠯ ᠰᠤᠷᠭᠠᠨ ᠬᠥᠮᠦᠵᠢᠯ ᠤᠨ ᠬᠦᠷᠢᠶᠡᠨ ᠳᠠᠬᠢ ᠴᠠᠭ ᠦᠶ᠎ᠡ ᠶᠢᠨ ᠬᠠᠨᠳᠤᠰᠢ ᠶᠢ ᠭᠦᠨᠵᠡᠭᠡᠢ ᠡᠵᠡᠮᠳᠡᠵᠦ ᠪᠠᠶᠢᠭᠠᠳ | ᠭᠠᠷᠭᠠᠭᠰᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠢᠷᠡᠭᠡᠳᠦᠢ ᠳᠤ ᠰᠢᠨᠵᠢᠯᠡᠭᠡᠨ ᠤ ᠰᠠᠯᠠᠭ᠎ᠠ | ᠲᠤᠰᠬᠠᠢ ᠮᠡᠷᠭᠡᠵᠢᠯ ᠢ ᠬᠥᠳᠡᠯᠦᠩᠭᠦᠢ ᠪᠠᠷ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠤᠨ ᠪᠠᠶᠢᠭᠤᠯᠤᠯᠲᠠ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡᠨ ᠤ | ᠲᠣᠬᠢᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ᠣᠷᠣᠨ | ᠨᠤᠲᠤᠭ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠣᠯᠣᠨ ᠣᠷᠣᠨ ᠪᠦᠰᠡ ᠶᠢᠨ | ᠬᠥᠭᠵᠢᠯᠲᠡ ᠶᠢᠨ ᠲᠣᠬᠢᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠤᠨ ᠪᠠᠶᠢᠭᠤᠯᠤᠯᠲᠠ ᠪᠣᠯᠣᠨ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢᠨ | ᠲᠣᠬᠢᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠪᠠᠰᠠ ᠰᠤᠷᠭᠠᠭᠤᠯᠢ ᠶᠢᠨ | ᠬᠦᠷᠢᠶᠡᠨ ᠤ ᠠᠵᠢᠯ ᠣᠯᠭᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢ ᠠᠭᠤᠰᠤᠯᠴᠠᠭᠤᠯᠬᠤ ᠰᠢᠨ᠎ᠡ ᠵᠠᠭᠪᠤᠷ ᠢ ᠬᠠᠮᠲᠤᠪᠠᠷ ᠡᠭᠦᠳᠴᠦ᠂ ᠳᠠᠳᠤᠯᠭ᠎ᠠ ᠪᠣᠯᠪᠠᠰᠤᠷᠠᠯ ᠤᠨ ᠠᠵᠠ | ᠲᠣᠬᠢᠶᠠᠯ ᠢ ᠭᠦᠢᠴᠡᠳ ᠬᠠᠩᠭᠠᠵᠤ᠂ ᠰᠤᠷᠭᠠᠭᠤᠯᠢ ᠳᠤ ᠪᠠᠶᠢᠭ᠎ᠠ ᠣᠶᠤᠲᠠᠳ ᠤᠨ ᠢᠷᠡᠭᠡᠳᠦᠢ ᠳᠤ ᠠᠵᠢᠯ ᠤᠨ | ᠪᠠᠶᠢᠷᠢ ᠳᠠᠭᠠᠨ ᠲᠦᠷᠭᠡᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠴᠢᠳᠠᠪᠤᠷᠢᠲᠠᠨ ᠢ ᠬᠥᠮᠥᠵᠢᠭᠦᠯᠬᠦ ᠳᠤ ᠰᠢᠰᠲ᠋ᠧᠮ ᠤᠨ ᠴᠤᠭᠯᠠᠷᠠᠯ ᠢ ᠪᠠᠷᠢᠮᠲᠠᠯᠠᠬᠤ ᠬᠡᠷᠡᠭᠲᠡᠢ᠃ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠠᠭᠠᠨ ᠪᠠᠷᠠᠯᠠᠯᠳᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ | ᠴᠢᠬᠤᠯᠠᠴᠢᠯᠠᠵᠤ᠂ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠪᠠ | ᠢᠷᠡᠭᠡᠳᠦᠢ ᠶᠢᠨ ᠬᠠᠨᠳᠤᠰᠢ ᠳᠤ ᠰᠠᠭᠤᠷᠢᠯᠠᠬᠤ ᠬᠡᠷᠡᠭᠲᠡᠶ ᠮᠥᠷᠲᠡᠭᠡᠨ ᠪᠠᠰᠠ ᠴᠢᠳᠠᠪᠤᠷᠢᠲᠠᠨ ᠤ ᠲᠤᠰ ᠪᠡᠶ᠎ᠡ ᠶᠢᠨ | ᠦᠰᠦᠨ ᠪᠤᠶᠢᠵᠢᠬᠤ ᠵᠢᠮ᠎ᠡ ᠶᠣᠰᠣ ᠪᠠ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ | ᠣᠳᠣᠬᠠᠨ ᠳᠤ᠂ ᠮᠠᠨ ᠤ ᠤᠯᠤᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠨᠢᠭᠡᠨᠲᠡ 2 | ᠳ᠋ᠦᠩᠰᠢᠭᠤᠷ ᠢ ᠳᠠᠪᠠᠵᠤ᠂ ᠡᠭᠦᠨ ᠤ ᠳᠣᠲᠣᠷᠠᠬᠢ ᠨᠡᠯᠢᠶᠡᠳ ᠲᠣᠭᠠᠨ ᠤ ᠬᠥᠳᠡᠯᠮᠦᠷᠢᠴᠢᠳ ᠲᠤ ︽ᠴᠠᠬᠢᠯᠭᠠᠨ | ᠴᠡᠨᠡᠭᠯᠡᠵᠦ ᠦᠷᠭᠦᠯᠵᠢᠯᠡᠨ ᠠᠶᠠᠯᠠᠬᠤ︾ ᠠᠴᠠ ᠲᠣᠭᠠᠴᠢᠯᠠᠭᠰᠠᠨ ᠬᠡᠯᠪᠡᠷᠢ ᠶᠢᠨ ᠬᠠᠮ ᠬᠡᠯᠪᠡᠷᠢ ᠶᠢᠨ ᠴᠢᠳᠠᠪᠤᠷᠢᠲᠠᠨ | ᠲᠡᠶᠢᠰᠢ ᠬᠡᠯᠪᠡᠷᠢ ᠪᠠᠨ ᠬᠤᠪᠢᠷᠠᠭᠤᠯᠬᠤ ᠲᠤᠯᠭᠠᠮ᠎ᠠ ᠱᠠᠭᠠᠷᠳᠠᠯᠭ᠎ᠠ ᠲᠠᠢ ᠪᠠᠶᠢᠵᠤ᠂ ᠲᠡᠷᠢᠭᠦᠨ ᠤ ᠦᠢᠯᠡᠳᠬᠦ ᠦᠢᠯᠡᠰ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ᠂ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠨᠠᠰᠤᠨ | ᠲᠤᠷᠰᠢᠲᠠ ᠰᠤᠷᠤᠯᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠬᠡᠪᠴᠢᠶᠡᠨ ᠤ ᠮᠡᠳᠡᠯᠭᠡ ᠶᠢᠨ | ᠰᠢᠨᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠲᠦᠰᠢᠭᠯᠡᠵᠦ | ᠪᠠᠶᠢᠭᠠᠳ ᠬᠠᠮᠲᠤᠪᠠᠷ ᠬᠦᠴᠦᠯᠡᠵᠦ᠂ ᠤᠷ᠎ᠠ ᠮᠡᠷᠭᠡᠵᠢᠯᠲᠦ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠤᠨ | ᠳᠡᠭᠡᠭᠰᠢᠯᠡᠯᠲᠡ ᠶᠢ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ | ᠴᠢᠳᠠᠪᠤᠷᠢᠲᠠᠨ ᠬᠥᠮᠥᠵᠢᠭᠦᠯᠬᠦ ᠳᠡᠭᠡᠨ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ᠃ | ᠣᠶᠢᠷ᠎ᠠ ᠶᠢᠨ ᠵᠢᠯ ᠤᠳ ᠲᠤ᠂ ᠤᠷ᠎ᠠ ᠮᠡᠷᠭᠡᠵᠢᠯᠲᠦ ᠴᠢᠳᠠᠪᠤᠷᠢᠲᠠᠨ ᠤ ᠠᠵᠢᠯ ᠮᠡᠷᠭᠡᠵᠢᠯ ᠤᠨ ᠳᠡᠭᠡᠭᠰᠢᠯᠡᠯᠲᠡ ᠶᠢᠨ ᠵᠠᠮ | ᠰᠠᠭᠠᠳ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠴᠥᠭᠡᠨ ᠪᠤᠰᠤ ᠭᠠᠵᠠᠷ ᠣᠷᠣᠨ ᠤ ᠮᠡᠷᠭᠡᠵᠢᠯ ᠤᠨ | ᠴᠣᠯᠠ ᠶᠢᠨ ᠳᠦᠷᠢᠮ ᠤᠨ ᠥᠭᠡᠷᠡᠴᠢᠯᠡᠯᠲᠡ ᠳᠤ ︽ᠳᠥᠷᠪᠡᠨ ᠵᠦᠢᠯ ᠢ ᠯᠡ ᠡᠷᠬᠢᠮᠯᠡᠬᠦ ᠶᠢ ᠡᠪᠳᠡᠬᠦ︾᠂ ︽ᠰᠢᠨ᠎ᠡ | ᠪᠠᠷᠢᠮᠵᠢᠶ᠎ᠠ ᠲᠣᠭᠲᠠᠭᠠᠬᠤ︾᠂ ᠡᠷᠬᠡ ᠶᠢ ᠳᠣᠷᠣᠭᠰᠢ ᠪᠠᠭᠤᠯᠭᠠᠵᠤ ᠬᠦᠯᠢᠶᠡᠰᠦ ᠶᠢ ᠰᠤᠯᠠᠷᠠᠭᠤᠯᠬᠤ ᠠᠷᠭ᠎ᠠ ᠬᠢᠳᠡᠯ ᠢ | ᠳᠡᠯᠭᠡᠷᠡᠭᠦᠯᠦᠭᠦᠰᠢᠲᠡᠢ ᠪᠠᠶᠢᠨ᠎ᠠ᠃ ᠪᠡᠭᠡᠵᠢᠩ ᠬᠤᠲᠠ ᠬᠤᠷᠠᠮᠠᠯ ᠴᠠᠬᠢᠯᠭᠠᠨ ᠬᠡᠯᠬᠢᠶ᠎ᠡ᠂ ᠺᠸᠠᠨ᠋ᠲ ᠤᠨ ᠮᠡᠳᠡᠭᠡ ᠵᠠᠩᠭᠢ᠂ | ᠵᠢᠱᠢᠮᠡᠭ ᠠᠬᠤᠢ᠂ ᠰᠦᠯᠵᠢᠶᠡᠨ ᠤ ᠠᠮᠤᠷ ᠲᠦᠪᠰᠢᠨ᠂ ᠲᠣᠮᠣ ᠳ᠋ᠠᠶᠢᠲ᠋ᠠ᠂ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠰᠢᠨ᠎ᠡ ᠲᠤᠰᠬᠠᠢ ᠮᠡᠷᠭᠡᠵᠢᠯ ᠢ ᠨᠡᠮᠡᠪᠡ︔ | ᠬᠤᠪᠧᠢ ᠮᠤᠵᠢ ᠶᠢᠨ ᠬᠢᠨ ᠲᠠᠷᠢᠶᠠᠴᠢᠳ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠰᠬᠠᠢ ᠠᠷᠭ᠎ᠠ ᠶᠢ | ᠲᠣᠭᠲᠠᠭᠠᠵᠤ᠂ ᠠᠵᠢᠯ ᠤᠨ ᠪᠣᠳᠠᠲᠤ ᠪᠦᠲᠦᠮᠵᠢ᠂ ᠮᠡᠷᠭᠡᠵᠢᠯ ᠤᠨ ᠬᠢᠷᠢ ᠬᠡᠮᠵᠢᠶ᠎ᠡ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠴᠢᠳᠠᠪᠤᠷᠢ ᠵᠢᠴᠢ ᠠᠵᠤ ᠠᠬᠤᠢ ᠨᠡᠶᠢᠭᠡᠮ ᠤᠨ ᠦᠷ᠎ᠡ ᠠᠰᠢᠭ ᠢ ᠦᠨᠡᠯᠡᠬᠦ ᠭᠤᠣᠯ ᠦᠨᠳᠦᠰᠦᠯᠡᠯ | ᠪᠣᠯᠭᠠᠪᠠ︔ ᠵᠠᠷᠢᠮ ᠭᠠᠵᠠᠷ ᠣᠷᠣᠨ ᠳᠤ ᠪᠠᠰᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠪᠡᠶ᠎ᠡ ᠶᠢᠨ ᠭᠠᠷᠤᠯ ᠢ ᠬᠠᠮᠢᠶᠠᠷᠬᠤ | ᠦᠭᠡᠢ᠂ ᠶᠠᠭᠤ ᠪᠠᠶᠢᠭ᠎ᠠ ᠶᠢ ᠬᠥᠭᠡᠭᠡᠴᠡᠯᠳᠦᠬᠦ ᠦᠭᠡᠢ᠂ ᠨᠢᠭᠡ ᠯᠡ ᠬᠡᠪᠰᠢᠯ ᠳᠤ ᠪᠠᠷᠢᠭᠳᠠᠬᠤ ᠦᠭᠡᠢ᠂ ᠨᠢᠭᠡ | ᠤᠴᠢᠷ ᠢ ᠨᠢᠭᠡ ᠵᠥᠪᠯᠡᠵᠦ᠂ ᠨᠢᠭᠡ ᠬᠥᠮᠥᠨ ᠳᠤ ᠨᠢᠭᠡ ᠵᠦᠢᠯ ᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠨ᠎ᠠ᠃ | ᠡᠲᠡᠭᠡᠷ ᠠᠷᠭ᠎ᠠ ᠬᠢᠳᠡᠯ ᠨᠢ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ | ᠬᠥᠭᠵᠢᠯᠲᠡ ᠶᠢᠨ ᠵᠠᠮ ᠢ ᠰᠠᠭᠠᠳ ᠦᠭᠡᠢ ᠨᠠᠪᠲᠠᠷᠡᠭᠦᠯᠵᠦ᠂ ᠴᠢᠳᠠᠪᠤᠷᠢᠲᠠᠨ ᠤ ᠠᠮᠵᠢᠯᠲᠠ ᠶᠢᠨ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠲᠠᠰᠤᠷᠠᠯᠲᠠ ᠦᠭᠡᠢ ᠨᠡᠮᠡᠭᠳᠡᠪᠡ᠃ ᠭᠡᠪᠡᠴᠦ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠰᠢᠨ᠎ᠡ ᠶᠢ ᠡᠭᠦᠳᠬᠦ ᠴᠢᠳᠠᠪᠤᠷᠢ᠂ | ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠢ | ᠦᠨᠡᠯᠡᠬᠦ ᠰᠢᠰᠲ᠋ᠧᠮ ᠢ ᠪᠠᠶᠢᠭᠤᠯᠬᠤ ᠱᠠᠭᠠᠷᠳᠠᠯᠭ᠎ᠠ ᠲᠠᠢ ᠬᠠᠷᠭᠤᠭᠤᠯᠪᠠᠯ ᠬᠤᠶᠢᠰᠢᠳᠠ ᠪᠠᠰᠠ ᠮᠠᠰᠢ ᠤᠷᠳᠤ ᠵᠠᠮ ᠢ | ᠵᠠᠮᠨᠠᠬᠤ ᠬᠡᠷᠡᠭᠲᠡᠶ ᠪᠠᠶᠢᠨ᠎ᠠ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠪᠠᠰᠠ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠴᠢᠬᠤᠯᠠᠲᠠᠢ ᠪᠠᠶᠢᠨ᠎ᠠ᠂ ᠡᠨᠡ ᠨᠢ ᠠᠵᠤ ᠠᠬᠤᠢ ᠶᠢᠨ | ᠬᠥᠭᠵᠢᠯᠲᠡ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ ᠨᠡᠩ ᠴᠤ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠶᠤᠮ᠃ ︵ ᠶᠢᠨ ᠭᠤᠸᠠᠨ ᠫᠢᠩ︶ |