ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ ᠰᠠᠭᠤᠷᠢ ᠮᠥᠨ᠃ 3 | ᠰᠠᠷ᠎ᠠ ᠶᠢᠨ 15 ᠤ ᠡᠳᠦᠷ᠂ ᠲᠦᠩᠯᠢᠶᠣᠣ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ | ᠶᠠᠪᠤᠭᠤᠯ ᠠᠵᠢᠯᠲᠠᠨ ᠡᠯᠰᠡᠬᠦ ᠴᠤᠭᠯᠠᠭᠠᠨ ᠢ ᠦᠷᠭᠦᠯᠵᠢᠯᠡᠨ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠲᠤ ᠶᠠᠪᠤᠭᠤᠯᠵᠤ᠂ ᠸᠢᠺᠲ᠋ᠣᠷᠢᠮᠤᠷ ᠬᠤᠲᠠ ᠶᠢᠨ ᠨᠢᠭᠡᠳᠦᠭᠡᠷ ᠳᠠᠪᠬᠤᠷᠯᠢᠭ ᠤᠨ ᠳᠤᠮᠳᠠ | ᠲᠢᠩᠬᠢᠮ ᠳᠤ ᠠᠮᠵᠢᠯᠲᠠ ᠲᠠᠢ ᠡᠷᠭᠢᠯᠡᠵᠦ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠥᠨᠳᠥᠷ ᠪᠦᠲᠦᠮᠵᠢᠲᠡᠶ | ᠨᠡᠪᠲᠡᠷᠡᠯᠴᠡᠨ ᠵᠣᠯᠭᠠᠭᠤᠯᠬᠤ ᠬᠥᠭᠦᠷᠭᠡ ᠪᠠᠶᠢᠭᠤᠯᠵᠤ ᠥᠭᠪᠡ᠃ | ︽ᠪᠢ ᠨᠡᠭᠡᠭᠡᠯᠲᠡ ᠶᠢᠨ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶᠠᠨ ᠤ ᠨᠡᠶᠢᠲᠡ ᠶᠢᠨ ᠳ᠋ᠤᠭᠠᠷ ᠠᠴᠠ ᠠᠵᠢᠯᠲᠠᠨ ᠡᠯᠰᠡᠬᠦ ᠴᠤᠭᠯᠠᠭᠠᠨ ᠤ ᠮᠡᠳᠡᠭᠡ ᠵᠠᠩᠭᠢ ᠶᠢ ᠣᠯᠵᠤ | ᠦᠵᠡᠭᠰᠡᠨ ᠶᠤᠮ᠂ ᠰᠡᠭᠦᠯᠡᠷ ᠨᠢ ᠪᠠᠰᠠ ᠤᠲᠠᠰᠤ ᠪᠠᠷ ᠠᠵᠢᠯᠲᠠᠳ ᠠᠴᠠ ᠯᠠᠪᠯᠠᠭᠰᠠᠨ ᠶᠤᠮ᠂ ᠥᠨᠥᠳᠥᠷ ᠠᠵᠢᠯᠲᠠᠨ | ᠡᠯᠰᠡᠬᠦ ᠲᠤᠬᠠᠢ ᠶᠢᠨ ᠲᠠᠯᠠᠪᠠᠶ ᠳᠤ ᠢᠷᠡᠵᠦ ᠭᠤᠣᠯᠳᠠᠭᠤ ᠪᠣᠷᠤᠯᠠᠭᠤᠯᠭ᠎ᠠ ᠶᠢᠨ ᠠᠵᠢᠯ᠂ ᠨᠢᠭᠲᠠᠯᠠᠨ ᠪᠤᠳᠤᠭᠴᠢ ᠶᠢᠨ | ᠲᠠᠯ᠎ᠠ ᠶᠢᠨ ᠠᠵᠢᠯ ᠡᠷᠢᠵᠦ᠂ ᠨᠡᠶᠢᠲᠡ 4 ᠬᠤᠪᠢ ᠲᠣᠪᠴᠢ ᠨᠠᠮᠲᠠᠷ ᠢᠶᠠᠨ ᠥᠭᠴᠡᠢ︾ᠭᠡᠵᠦ ᠠᠵᠢᠯ ᠡᠷᠢᠭᠴᠢ ᠵᠤᠤ | ᠸᠧᠢ ᠬᠡᠯᠡᠨ᠎ᠡ᠃ | ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ︽ᠶᠠᠪᠤᠭᠤᠯ ᠠᠵᠢᠯᠲᠠᠨ ᠡᠯᠰᠡᠬᠦ ᠦᠢᠯᠡᠴᠢᠯᠡᠭᠡ | ᠬᠦᠷᠭᠡᠬᠦ᠂ ᠨᠠᠷᠢᠯᠢᠭ ᠣᠨᠣᠴᠠᠲᠠᠢ ᠪᠠᠷ ᠠᠵᠢᠯ ᠤᠨ ᠪᠠᠶᠢᠷᠢ ᠬᠦᠷᠭᠡᠵᠦ ᠠᠵᠢᠯ ᠣᠯᠭᠤᠬᠤ︾ ᠪᠠᠷ ᠭᠤᠣᠯ ᠰᠡᠳᠦᠪ | ᠪᠣᠯᠭᠠᠵᠤ᠂ ᠲᠦᠩᠯᠢᠶᠣᠣ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠭᠤᠣᠯᠯᠠᠨ ᠡᠷᠭᠢᠯᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢᠨ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ | ᠰᠢᠨ᠎ᠡ ᠡᠨᠧᠷᠭᠢ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠦᠢᠯᠡᠳᠬᠦ ᠦᠢᠯᠡᠰ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠠᠬᠢ 100 ᠰᠢᠯᠢᠳᠡᠭ ᠠᠵᠤ ᠠᠬᠤᠶᠢᠯᠠᠯ ᠢ ᠨᠢᠮᠪᠠᠢ ᠰᠢᠯᠢᠨ | ᠰᠣᠩᠭᠤᠵᠤ᠂ 4280 ᠭᠠᠷᠤᠢ ᠠᠵᠢᠯ ᠤᠨ ᠪᠠᠶᠢᠷᠢ ᠬᠠᠩᠭᠠᠵᠤ᠂ ᠦᠢᠯᠡᠳᠪᠦᠷᠢᠯᠡᠵᠦ ᠦᠢᠯᠡᠳᠬᠦ᠂ ᠵᠠᠬ᠎ᠠ | ᠳᠡᠯᠭᠡᠭᠦᠷ ᠲᠤ ᠳᠡᠯᠭᠡᠷᠡᠭᠦᠯᠦᠨ ᠪᠣᠷᠣᠯᠠᠭᠤᠯᠬᠤ᠂ ᠡᠨᠧᠷᠭᠢ ᠣᠷᠴᠢᠨ ᠲᠣᠭᠤᠷᠢᠨ ᠤ ᠬᠠᠮᠠᠭᠠᠯᠠᠯᠲᠠ ᠬᠢᠮᠢ ᠶᠢᠨ ᠠᠵᠤ | ᠦᠢᠯᠡᠳᠪᠦᠷᠢ᠂ ᠮᠥᠩᠭᠦᠨ ᠭᠦᠢᠯᠭᠡᠭᠡ ᠵᠢᠴᠢ ᠢᠨᠲ᠋ᠧᠷ ᠰᠦᠯᠵᠢᠶᠡᠨ ᠤ ᠮᠡᠷᠭᠡᠵᠢᠯ ᠵᠡᠷᠭᠡ ᠣᠯᠠᠨ ᠬᠦᠷᠢᠶᠡᠨ ᠳᠤ ᠠᠵᠢᠯ | ᠣᠯᠭᠤᠯᠲᠠ ᠶᠢᠨ ᠠᠵᠢᠯ ᠤᠨ ᠪᠠᠶᠢᠷᠢ ᠬᠠᠩᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠣᠷᠣᠭᠴᠢ᠂ ᠠᠵᠢᠯ ᠣᠯᠬᠤ ᠳᠤ ᠬᠦᠴᠢᠷᠲᠡᠢ ᠬᠥᠮᠥᠰ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠵᠡᠷᠭᠡ ᠡᠯ᠎ᠡ ᠲᠥᠷᠥᠯ ᠤᠨ ᠠᠵᠢᠯ ᠡᠷᠢᠭᠰᠡᠳ 4000 ᠭᠠᠷᠤᠢ ᠬᠥᠮᠥᠨ ᠴᠤᠭᠯᠠᠷᠠᠵᠤ᠂ ᠠᠵᠢᠯ ᠤᠨ | ᠪᠠᠶᠢᠷᠢ ᠶᠢ ᠣᠯᠠᠨ ᠲᠦᠮᠡᠨ ᠤ ︽ᠭᠡᠷ ᠤᠨ ᠡᠭᠦᠳᠡᠨ ᠳᠤ︾ ᠦᠨᠡᠨ ᠬᠦ ᠬᠦᠷᠭᠡᠭᠰᠡᠨ ᠪᠠᠶᠢᠨ᠎ᠠ᠃ | ᠡᠭᠦᠨ ᠤ ᠬᠠᠮᠲᠤ᠂ ᠠᠵᠢᠯᠯᠠᠭ᠎ᠠ ᠳᠤ ︽ᠰᠦᠯᠵᠢᠶᠡᠨ ᠭᠠᠳᠠᠨ᠎ᠠ ᠤᠷᠢᠬᠤ + ᠰᠦᠯᠵᠢᠶᠡᠨ ᠳᠡᠭᠡᠷ᠎ᠡ ᠰᠢᠭᠤᠳ | ᠨᠡᠪᠲᠡᠷᠡᠭᠦᠯᠬᠦ + ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ + ᠬᠤᠣᠰ ᠴᠢᠭᠯᠡᠯ ᠢᠶᠠᠷ ᠪᠠᠶᠢᠴᠠᠭᠠᠨ | ᠵᠢᠭᠰᠠᠭᠠᠬᠤ︾ ᠣᠯᠠᠨ ᠡᠰᠢᠲᠦ ᠵᠠᠭᠪᠤᠷ ᠢ ᠠᠪᠴᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠨᠠᠷᠢᠯᠢᠭ | ᠣᠨᠣᠴᠠᠲᠠᠢ ᠪᠠᠷ ᠵᠣᠯᠭᠠᠯᠳᠤᠬᠤ ᠶᠢ ᠠᠬᠢᠭᠤᠯᠪᠠ᠃ ︽ᠡᠭᠦᠯᠡᠨ ᠦᠵᠦᠭᠦᠷ︾ ᠤᠨ ᠬᠥᠭᠦᠷᠭᠡ ᠶᠢ ᠪᠠᠶᠢᠭᠤᠯᠵᠤ᠂ ︽ | ᠲᠦᠩᠯᠢᠶᠣᠣ ᠶᠢᠨ ᠨᠡᠭᠡᠭᠡᠯᠲᠡ ᠶᠢᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ︾ ᠲᠢᠺ ᠲᠤᠺ ᠳ᠋ᠤᠭᠠᠷ ᠵᠡᠷᠭᠡ ᠪᠠᠷ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ᠂ 4 ᠲᠦᠮᠡ ᠭᠠᠷᠤᠢ | ᠬᠥᠮᠥᠨ ᠤᠳᠠᠭ᠎ᠠ ᠶᠢᠨ ᠠᠩᠬᠠᠷᠤᠯ ᠢ ᠲᠠᠲᠠᠵᠤ᠂ ᠠᠵᠢᠯ ᠡᠷᠢᠭᠰᠡᠳ ᠲᠤ ᠭᠡᠷ ᠠᠴᠠ ᠪᠠᠨ ᠭᠠᠷᠬᠤ ᠦᠭᠡᠢ ᠪᠠᠷ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠣᠶᠢᠯᠠᠭᠠᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡ ᠬᠦᠷᠲᠡᠭᠡᠵᠡᠢ᠃ | | ᠵᠢᠯ ᠤᠨ ᠡᠬᠢᠨ ᠠᠴᠠ ᠨᠠᠭᠠᠰᠢ᠂ ᠲᠦᠩᠯᠢᠶᠣᠣ ᠬᠤᠲᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ | ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ᠃ ᠡᠯ᠎ᠡ ᠲᠥᠷᠥᠯ ᠤᠨ ᠠᠵᠢᠯᠲᠠᠨ | ᠡᠯᠰᠡᠬᠦ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ︽ᠲᠦᠩᠯᠢᠶᠣᠣ ᠳᠤ ᠠᠵᠢᠯ ᠣᠯᠬᠤ︾ ᠠᠵᠢᠯ ᠡᠷᠢᠬᠦ | ᠠᠵᠢᠯᠲᠠᠨ ᠡᠯᠰᠡᠬᠦ ᠨᠠᠷᠠᠲᠤ ᠲᠥᠷᠥᠯ ᠲᠡᠮᠳᠡᠭ ᠢ ᠭᠡᠷᠡᠯᠲᠦᠭᠦᠯᠪᠡ᠃ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ | ︽ᠬᠠᠪᠤᠷ ᠤᠨ ᠤᠷᠢᠬᠠᠨ ᠰᠠᠯᠬᠢ ᠠᠵᠢᠯᠯᠠᠭ᠎ᠠ︾ ︽ᠤᠷᠢᠬᠠᠨ ᠬᠠᠪᠤᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠢ | ᠳᠤᠯᠠᠭᠠᠴᠠᠭᠤᠯᠬᠤ︾ ︽ᠶᠠᠪᠤᠭᠤᠯ ᠠᠵᠢᠯᠴᠢᠨ ᠡᠯᠰᠡᠯᠳᠡ︾ ︽ᠴᠡᠴᠡᠷᠯᠢᠭ ᠤᠨ ᠤᠷᠢᠵᠤ ᠡᠯᠰᠡᠬᠦ ᠠᠵᠢᠯᠯᠠᠭ᠎ᠠ︾ | ᠵᠡᠷᠭᠡ ᠭᠤᠣᠯ ᠰᠡᠳᠦᠪᠲᠦ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠷᠢᠵᠤ ᠡᠯᠰᠡᠬᠦ | ᠠᠵᠢᠯᠯᠠᠭ᠎ᠠ ᠶᠢ 173 ᠲᠠᠯᠠᠪᠤᠷ ᠥᠷᠨᠢᠭᠦᠯᠵᠦ᠂ 975 ᠠᠵᠤ ᠠᠬᠤᠶᠢᠯᠠᠯ ᠳᠤ ᠦᠢᠯᠡᠴᠢᠯᠡᠨ᠂ 4254 ᠬᠥᠮᠥᠨ | ᠤᠳᠠᠭ᠎ᠠ ᠠᠵᠢᠯ ᠣᠯᠬᠤ ᠰᠠᠨᠠᠮᠵᠢ ᠲᠠᠢ ᠪᠣᠯᠵᠤ᠂ ᠡᠯ᠎ᠡ ᠲᠥᠷᠥᠯ ᠤᠨ ᠭᠤᠣᠯᠳᠠᠯᠭ᠎ᠠ ᠲᠠᠢ ᠬᠥᠮᠥᠰ ᠤᠨ ᠴᠢᠨᠠᠷ | ᠰᠠᠶᠢᠲᠠᠢ ᠪᠥᠭᠡᠳ ᠭᠦᠢᠴᠡᠳ ᠠᠵᠢᠯ ᠣᠯᠬᠤ ᠶᠢ ᠠᠬᠢᠭᠤᠯᠪᠠ᠃ |