2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠣᠨ ᠤ ᠮᠥᠩᠭᠦ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2025/4/17
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠣᠨ ᠤ ᠮᠥᠩᠭᠦ ᠶᠢ 2020 ᠣᠨ ᠤ 4 ᠰᠠᠷ᠎ᠠ  ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ᠂ ᠠᠵᠢᠯ ᠮᠡᠷᠭᠡᠵᠢᠯ ᠤᠨ ᠣᠨ ᠤ ᠮᠥᠩᠭᠦ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠨᠡᠶᠢᠲᠡ 11 ᠲᠣᠭᠲᠠᠭᠠᠵᠤ᠂ ᠣᠯᠠᠨ ᠲᠥᠯᠥᠪᠯᠡᠭᠡ ᠲᠠᠢ ᠨᠢᠭᠡᠳᠦᠯᠲᠡᠢ ᠠᠰᠢᠭ ᠣᠷᠣᠯᠭ᠎ᠠ ᠶᠢᠨ ᠨᠣᠷᠮ᠎ᠠ ᠶᠢᠨ ᠵᠠᠭᠪᠤᠷ ᠢ ᠬᠡᠷᠡᠭᠯᠡᠭᠰᠡᠨ ᠪᠠᠶᠢᠨ᠎ᠠ᠃ 2024 ᠣᠨ ᠤ ᠡᠴᠦᠰ ᠪᠣᠯᠲᠠᠯ᠎ᠠ᠂ ᠪᠥᠬᠦ ᠣᠷᠣᠨ ᠤ 122 ᠭᠠᠷᠲᠠᠨ ᠭᠦᠢᠴᠡᠳᠬᠡᠬᠦ ᠪᠠᠶᠢᠭᠤᠯᠤᠮᠵᠢ ᠨᠢᠭᠡᠨᠲᠡ ᠠᠵᠢᠯ ᠮᠡᠷᠭᠡᠵᠢᠯ ᠤᠨ ᠣᠨ ᠤ ᠮᠥᠩᠭᠦ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢ ᠪᠦᠬᠦᠨ ᠢ ᠪᠡᠶᠡᠯᠡᠭᠦᠯᠵᠦ᠂ ᠨᠡᠶᠢᠲᠡ 1281808 ᠬᠤᠪᠢ ᠬᠥᠮᠥᠨ ᠤ ᠲᠠᠩᠰᠠᠨ ᠡᠷᠦᠬᠡ ᠪᠠᠶᠢᠭᠤᠯᠵᠤ᠂ ᠨᠡᠶᠢᠲᠡ 583.19 ᠳ᠋ᠦᠩᠰᠢᠭᠤᠷ ᠲᠥᠭᠦᠷᠢᠭ ᠤᠨ ᠠᠵᠢᠯ ᠮᠡᠷᠭᠡᠵᠢᠯ ᠤᠨ ᠣᠨ ᠤ ᠮᠥᠩᠭᠦ ᠶᠢᠨ ᠡᠬᠡ ᠮᠥᠩᠭᠦ ᠶᠢ ᠴᠤᠭᠯᠠᠭᠤᠯᠵᠤ᠂ ᠨᠡᠶᠢᠲᠡ 37.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠣᠯᠣᠭᠰᠠᠨ ᠪᠠᠶᠢᠨ᠎ᠠ᠃ 2024 ᠣᠨ ᠳᠤ 23.68 ᠳ᠋ᠦᠩᠰᠢᠭᠤᠷ ᠲᠥᠭᠦᠷᠢᠭ ᠤᠨ ᠠᠰᠢᠭ ᠣᠷᠣᠯᠭ᠎ᠠ ᠣᠯᠵᠤ᠂ 18.93 ᠳ᠋ᠦᠩᠰᠢᠭᠤᠷ ᠲᠥᠭᠦᠷᠢᠭ ᠢ ᠵᠤᠯᠢᠶᠠᠰᠤᠯᠠᠨ ᠪᠤᠴᠠᠭᠠᠵᠤ᠂ 28.53 ᠲᠦᠮᠡᠨ ᠬᠥᠮᠥᠨ ᠳᠤ ᠣᠯᠭᠤᠮᠵᠢ ᠬᠦᠷᠲᠡᠭᠡᠪᠡ᠃      ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠣᠨ ᠤ ᠮᠥᠩᠭᠦ ᠶᠢᠨ ᠬᠤᠪᠢ ᠬᠥᠮᠥᠨ ᠤ ᠡᠷᠬᠡ ᠠᠰᠢᠭ ᠤᠨ ᠮᠡᠳᠡᠭᠡ ᠵᠠᠩᠭᠢ ᠶᠢ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠠᠴᠠ ᠯᠠᠪᠯᠠᠭᠠᠷᠠᠢ᠃
 
ᠢᠷᠡᠯᠲᠡ᠄ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ 
 
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号