︽ᠠᠵᠢᠯ ᠤᠨ ᠪᠠᠶᠢᠷᠢ︾ ᠠᠴᠠ ᠢᠷᠡᠭᠡᠳᠦᠢ ᠳᠤ ᠬᠠᠨᠳᠤᠨ᠎ᠠ᠄ ᠢᠯᠡᠳᠬᠡᠯ ᠳᠤ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠬᠦᠰᠡᠯ ᠵᠡᠭᠦᠳᠦ ᠶᠢ ᠬᠡᠷᠬᠢᠨ ᠬᠥᠭᠵᠢᠭᠡᠬᠦ ᠪᠤᠢ︖
ᠨᠡᠶᠢᠲᠡᠯᠡᠭᠰᠡᠨ ᠴᠠᠭ᠄
2025/4/17
      ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠪᠣᠯ ᠴᠢᠬᠤᠯᠠ ᠠᠴᠠ ᠴᠢᠬᠤᠯᠠ ᠶᠠᠪᠤᠳᠠᠯ ᠮᠥᠨ᠃ 2025 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠰᠣᠷᠣᠭᠴᠢ ᠶᠢᠨ ᠲᠤᠭ᠎ᠠ ᠵᠢᠱᠢᠯᠲᠡ ᠪᠠᠷ 1222 ᠲᠦᠮᠡᠨ ᠬᠥᠮᠥᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43 ᠲᠦᠮᠡᠨ ᠬᠥᠮᠥᠨ ᠨᠡᠮᠡᠭᠳᠡᠬᠦ ᠪᠣᠯᠣᠨ᠎ᠠ᠃ ᠲᠤᠭ᠎ᠠ ᠪᠠᠷᠢᠮᠲᠠ ᠶᠢᠨ ᠠᠷᠤ ᠳᠤ ᠪᠣᠳᠠᠲᠠᠶᠢᠵᠢᠭᠤᠯᠬᠤ ᠶᠢ ᠬᠦᠰᠡᠨ ᠮᠥᠷᠥᠭᠡᠳᠴᠦ ᠪᠠᠶᠢᠭ᠎ᠠ ᠵᠠᠯᠠᠭᠤ ᠨᠠᠰᠤᠨ ᠤ ᠬᠦᠰᠡᠯ ᠵᠡᠭᠦᠳᠦ ᠪᠤᠶ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠤᠷᠪᠠᠭᠤᠯᠤᠨ ᠦᠵᠡᠪᠡᠯ᠂ ︽95 ᠬᠤᠵᠢᠳ︾ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠽᠧᠦ ᠪᠢᠨ ︽ᠠᠵᠢᠯ ᠣᠯᠭᠤᠬᠤ ᠪᠠ ᠦᠢᠯᠡᠰ ᠪᠣᠰᠬᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠬᠤ ᠪᠠ ᠦᠢᠯᠡᠰ ᠪᠣᠰᠬᠠᠬᠤ ᠠᠷᠭ᠎ᠠ ᠵᠠᠮ ᠢ ᠥᠷᠭᠡᠳᠬᠡᠨ᠎ᠡ︾ ᠭᠡᠬᠦ ᠦᠭᠡ ᠶᠢᠨ ᠠᠷᠤ ᠳᠤ ᠨᠢᠭᠡᠨ ᠵᠢᠷᠤᠭᠠᠰᠤ ᠵᠢᠷᠤᠪᠠ᠃ ︽ᠵᠠᠯᠠᠭᠤ ᠬᠥᠮᠥᠨ ᠪᠣᠯᠤᠭᠰᠠᠨ ᠤ ᠬᠤᠪᠢ ᠳᠤ᠂ ᠪᠢ ᠲᠡᠳᠡᠨ ᠤ ᠲᠥᠭᠡᠷᠢᠭᠳᠡᠯ ᠪᠠ ᠪᠣᠳᠣᠯ ᠢ ᠣᠶᠢᠯᠠᠭᠠᠵᠤ ᠪᠠᠶᠢᠨ᠎ᠠ᠂ ᠠᠯᠢ ᠣᠯᠠᠨ ᠪᠠᠶᠢᠷᠢᠯᠠᠭᠤᠯᠤᠯᠲᠠ ᠨᠢ ᠮᠠᠨ ᠤ ᠠᠵᠢᠯ ᠣᠯᠬᠤ ᠪᠠ ᠦᠢᠯᠡᠰ ᠪᠣᠰᠬᠠᠬᠤ ᠬᠦᠰᠡᠯ ᠢ ᠪᠣᠳᠠᠲᠤ ᠠᠬᠤᠢ ᠳᠤ ᠬᠦᠷᠭᠡᠨ᠎ᠡ ᠭᠡᠳᠡᠭ ᠢ ᠪᠢ ᠢᠲᠡᠭᠡᠵᠦ ᠪᠠᠶᠢᠨ᠎ᠠ᠃︾      DeepSeek ᠠᠴᠠ ᠢᠦᠢ ᠱᠤ᠋ ᠰᠢᠨᠵᠢᠯᠡᠬᠦ ᠤᠬᠠᠭᠠᠨ ᠮᠡᠷᠭᠡᠵᠢᠯ ᠬᠦᠷᠲᠡᠯ᠎ᠡ᠂ ᠴᠥᠮ ᠵᠠᠯᠠᠭᠤᠴᠤᠳ ᠤᠨ ᠦᠢᠯᠡᠰ ᠪᠣᠰᠬᠠᠭᠰᠠᠨ ᠦᠯᠢᠬᠡᠷ ᠵᠢᠱᠢᠶ᠎ᠡ ᠪᠣᠯᠵᠤ᠂ ᠲᠥᠯᠥᠭᠡᠯᠡᠭᠴᠢ ᠭᠡᠰᠢᠭᠦᠳ ᠤᠨ ᠰᠡᠳᠬᠢᠯ ᠢ ᠬᠥᠭᠵᠢᠭᠡᠭᠰᠡᠨ ᠪᠥᠭᠡᠳ ᠵᠠᠯᠠᠭᠤᠴᠤᠳ ᠢ ᠶᠡᠬᠡᠳᠡ ᠵᠣᠷᠢᠭᠵᠢᠭᠤᠯᠤᠭᠰᠠᠨ ᠪᠠᠶᠢᠨ᠎ᠠ᠃      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠦᠴᠢᠷ ᠠᠰᠠᠭᠤᠳᠠᠯ ᠪᠣᠯᠣᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠤᠯᠤᠰ ᠤᠨ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠢᠲᠡᠭᠡᠯ ᠵᠣᠷᠢᠭ ᠢ ᠬᠠᠷᠠᠭᠤᠯᠪᠠ᠃︾ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠠᠨᠺᠠᠢ ᠶᠡᠭᠡ ᠰᠤᠷᠭᠠᠭᠤᠯᠢ ᠶᠢᠨ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ ᠶᠢᠨ ᠵᠠᠬᠢᠷᠤᠯ ᠹᠠᠨ ᠰᠢᠶᠣᠣ ᠶᠦᠨ ᠢᠯᠡᠷᠬᠡᠶᠢᠯᠡᠬᠦ ᠳᠡᠭᠡᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠢᠯᠠᠩᠭᠤᠶ᠎ᠠ ᠵᠠᠯᠠᠭᠤᠴᠤᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠨᠠᠩ ᠶᠡᠭᠡ ᠪᠠᠷ ᠴᠢᠩᠭᠠᠳᠬᠠᠵᠤ᠂ ᠵᠠᠯᠠᠭᠤᠴᠤᠳ ᠤᠨ ᠴᠢᠨᠠᠷ ᠰᠠᠶᠢᠲᠠᠢ ᠠᠵᠢᠯ ᠣᠯᠵᠤ ᠦᠢᠯᠡᠰ ᠪᠣᠰᠬᠠᠬᠤ ᠳᠤ ᠨᠠᠩ ᠶᠡᠭᠡ ᠲᠦᠰᠢᠭ ᠲᠤᠯᠭᠠᠭᠤᠷᠢ ᠲᠠᠢ ᠪᠣᠯᠭᠠᠨ᠎ᠠ ᠭᠡᠵᠡᠢ᠃      ᠠᠰᠠᠭᠤᠳᠠᠯ ᠨᠢᠭᠡ᠄ ᠡᠨᠡ ᠵᠢᠯ ᠶᠠᠮᠠᠷ ᠶᠠᠮᠠᠷ ᠬᠠᠲᠠᠭᠤ ᠪᠣᠳᠠᠲᠠᠢ ᠠᠷᠭ᠎ᠠ ᠶᠢ ᠳᠤᠷᠠᠳᠤᠨ ᠭᠠᠷᠭᠠᠵᠤ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠪᠤᠢ︖      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︽90 ᠬᠤᠵᠢᠳ︾ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠴᠠᠩ ᠴᠢᠨ ︽ᠡᠯ᠎ᠡ ᠲᠥᠷᠥᠯ ᠤᠨ ᠪᠡᠯᠡ ᠮᠥᠩᠭᠦ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠦᠢᠴᠡᠳ ᠠᠵᠢᠯ ᠣᠯᠭᠤᠯᠲᠠ ᠶᠢ ᠠᠬᠢᠭᠤᠯᠤᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︾ ︽ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠦᠨ᠎ᠡ︾ ᠵᠡᠷᠭᠡ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠣᠯᠵᠤ ᠬᠠᠷᠠᠪᠠ᠃      ᠲᠥᠯᠥᠪᠯᠡᠭᠡ ᠶᠢᠨ ᠮᠡᠳᠡᠭᠦᠯᠦᠯᠲᠡ ᠳᠡᠭᠡᠨ᠂ ᠲᠡᠷᠡ ᠪᠠᠰᠠ ︽ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠠᠵᠤ ᠠᠬᠤᠶᠢᠯᠠᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠬᠦ︾ ︽ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠣᠷᠣᠯᠴᠠᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ︾ ᠵᠡᠷᠭᠡ ᠠᠯᠢ ᠣᠯᠠᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠡᠷᠢᠵᠦ ᠣᠯᠣᠭᠰᠠᠨ ᠪᠠᠶᠢᠨ᠎ᠠ᠃      ᠲᠥᠰᠥᠪ ᠤᠨ ᠮᠡᠳᠡᠭᠦᠯᠦᠯᠲᠡ ᠳᠤ᠂ ᠽᠧᠦ ᠪᠢᠨ ᠲᠥᠯᠥᠭᠡᠯᠡᠭᠴᠢ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠪᠠ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ︾ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠬᠤ︾ ᠵᠡᠷᠭᠡ ᠨᠠᠩ ᠪᠣᠳᠠᠲᠠᠢ ᠶᠢ ᠡᠷᠬᠢᠮᠯᠡᠭᠰᠡᠨ᠂ ᠬᠦᠴᠦᠲᠡᠢ ᠪᠠᠶᠢᠷᠢᠯᠠᠭᠤᠯᠤᠯᠲᠠ ᠶᠢ ᠢᠯᠡᠷᠡᠭᠦᠯᠪᠡ᠃      ᠡᠳᠡᠭᠡᠷ ᠠᠭᠤᠯᠭ᠎ᠠ ᠨᠢ ᠲᠡᠳᠡᠨ ᠤ ᠤᠷᠮ᠎ᠠ ᠵᠣᠷᠢᠭ ᠢ ᠬᠥᠭᠵᠢᠭᠡᠵᠦ᠂ ᠲᠦᠷᠦ ᠶᠢᠨ ᠪᠣᠳᠣᠯᠭ᠎ᠠ ᠶᠢᠨ ᠬᠠᠮᠠᠭᠠᠯᠠᠯᠲᠠ ᠳᠣᠣᠷ᠎ᠠ᠂ ᠵᠠᠯᠠᠭᠤᠴᠤᠳ ᠤᠨ ᠠᠵᠢᠯ ᠣᠯᠬᠤ ᠦᠢᠯᠡᠰ ᠪᠣᠰᠬᠠᠬᠤ ᠬᠤᠷᠢᠭ᠎ᠠ ᠶᠢ ᠪᠦᠲᠦᠮᠵᠢᠲᠡᠢ ᠨᠠᠪᠲᠠᠷᠡᠭᠦᠯᠵᠦ᠂ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠬᠦ ᠶᠢ ᠢᠲᠡᠭᠡᠵᠦ ᠪᠠᠶᠢᠨ᠎ᠠ᠃      ᠠᠰᠠᠭᠤᠳᠠᠯ ᠬᠤᠶᠠᠷ᠄ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠡᠷᠬᠢᠨ ᠰᠢᠢᠳᠪᠦᠷᠢᠯᠡᠬᠦ ᠪᠣᠶ︖      ᠠᠵᠢᠯ ᠣᠯᠭᠤᠯᠲᠠ ᠶᠢᠨ ᠠᠰᠠᠭᠤᠳᠠᠯ ᠪᠣᠯ ᠵᠥᠪᠬᠡᠨ ᠶᠡᠷᠦᠩᠬᠡᠢ ᠬᠡᠮᠵᠢᠶᠡᠨ ᠤ ᠠᠰᠠᠭᠤᠳᠠᠯ ᠪᠢᠰᠢ᠂ ᠮᠠᠰᠢ ᠶᠡᠭᠡ ᠬᠡᠮᠵᠢᠶᠡᠨ ᠳᠡᠭᠡᠷ᠎ᠡ ᠪᠠᠰᠠ ᠴᠤ ᠪᠦᠲᠦᠴᠡ ᠶᠢᠨ ᠴᠢᠨᠠᠷᠲᠠᠢ ᠠᠰᠠᠭᠤᠳᠠᠯ ᠮᠥᠨ᠂ ᠵᠠᠷᠢᠮ ᠬᠥᠮᠥᠨ ᠲᠣᠬᠢᠷᠠᠮᠵᠢᠲᠠᠢ ᠠᠵᠢᠯ ᠣᠯᠬᠤ ᠦᠭᠡᠢ ᠪᠠᠶᠢᠨ᠎ᠠ᠂ ᠵᠠᠷᠢᠮ ᠠᠵᠤ ᠠᠬᠤᠶᠢᠯᠠᠯ ᠪᠠᠰᠠ ᠲᠣᠬᠢᠷᠠᠮᠵᠢᠲᠠᠢ ᠬᠥᠮᠥᠨ ᠢ ᠡᠯᠰᠡᠵᠦ ᠳᠡᠶᠢᠯᠬᠦ ᠦᠭᠡᠢ ᠪᠠᠶᠢᠨ᠎ᠠ᠃      ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠲᠡᠮᠦᠷ ᠵᠠᠮ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠠᠢ ᠾᠧ ᠭᠧᠨ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠳᠤ ᠠᠪᠴᠤ ᠬᠡᠯᠡᠪᠡᠯ᠂ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠬᠤ ᠴᠢᠬᠤᠯᠠᠲᠠᠢ ᠭᠡᠵᠦ ᠦᠵᠡᠪᠡ᠃ ︽ᠡᠨᠡ ᠵᠢᠯ ᠵᠠᠰᠠᠭ ᠤᠨ ᠣᠷᠳᠣᠨ ᠣᠯᠠᠨ ᠲᠠᠯ᠎ᠠ ᠠᠴᠠ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠳᠡᠭᠡᠭᠰᠢᠯᠡᠯᠲᠡ ᠶᠢ ᠪᠠᠶᠢᠷᠢᠯᠠᠭᠤᠯᠬᠤ ᠨᠢ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠤᠨ᠂ ᠵᠠᠯᠠᠭᠤᠴᠤᠳ ᠤᠨ ᠠᠵᠢᠯ ᠣᠯᠬᠤ ᠪᠠ ᠠᠵᠤ ᠠᠬᠤᠶᠢᠯᠠᠯ ᠤᠨ ᠠᠵᠢᠯᠴᠢᠨ ᠡᠯᠰᠡᠬᠦ ᠶᠢᠨ ︿ᠬᠤᠣᠰ ᠴᠢᠭᠯᠡᠯ ᠢᠶᠠᠷ ᠤᠷᠤᠭᠰᠢᠯᠠᠬᠤ﹀ ᠶᠢ ᠪᠡᠶᠡᠯᠡᠭᠦᠯᠬᠦ ᠳᠤ ᠠᠰᠢᠭᠲᠠᠢ ᠶᠤᠮ︾᠃      ︽ᠲᠡᠭᠦᠰᠬᠦ ᠰᠤᠷᠤᠭᠴᠢᠳ ᠤᠨ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠴᠥᠭᠡᠨ ᠪᠤᠰᠤ ᠶᠡᠭᠡ ᠳᠡᠭᠡᠳᠦ ᠰᠤᠷᠭᠠᠭᠤᠯᠢ ᠣᠲᠣ ᠶᠠᠭ ᠠᠵᠤ ᠠᠬᠤᠶᠢᠯᠠᠯ ᠳᠤ ᠠᠶᠢᠯᠴᠢᠯᠠᠵᠤ ᠠᠵᠢᠯ ᠤᠨ ᠪᠠᠶᠢᠷᠢ ᠪᠠᠨ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︿ᠨᠢᠭᠡ ᠬᠥᠮᠥᠨ ᠳᠤ ᠨᠢᠭᠡ ᠲᠠᠩᠰᠠ﹀ ︿ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ﹀ ᠪᠠᠷ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠦ ᠪᠠᠶᠢᠨ᠎ᠠ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳ᠋ᠠᠯᠢᠶᠠᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠢᠳᠡᠭᠡᠨ ᠤ ᠳᠡᠭᠡᠳᠦ ᠰᠤᠷᠭᠠᠭᠤᠯᠢ ᠶᠢᠨ ᠵᠠᠬᠢᠷᠤᠯ ᠵᠧᠦ ᠳ᠋ᠡ ᠶᠦᠩ ᠬᠡᠯᠡᠪᠡ᠃      ᠠᠰᠠᠭᠤᠳᠠᠯ ᠭᠤᠷᠪᠠ᠄ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠬᠡᠷᠬᠢᠨ ᠨᠠᠩ ᠰᠠᠶᠢᠨ ᠪᠠᠲᠤᠯᠠᠬᠤ ᠪᠣᠶ︖      ᠰᠦᠯᠵᠢᠶᠡᠨ ᠤ ᠭᠤᠣᠯ ᠨᠡᠪᠲᠡᠷᠡᠭᠦᠯᠦᠭᠴᠢ᠂ ᠬᠡᠪᠯᠡᠯ ᠤᠨ ᠡᠷᠬᠡ ᠶᠢᠨ ᠵᠠᠭᠤᠴᠢᠯᠠᠭᠴᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠣᠯᠭᠤᠯᠲᠠ ᠨᠢ ᠵᠠᠯᠠᠭᠤᠴᠤᠳ ᠤᠨ ᠴᠢᠬᠤᠯᠠ ᠰᠣᠩᠭᠤᠯᠲᠠ ᠪᠣᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠮᠠᠭᠠᠳᠯᠠᠯᠲᠠ ᠪᠠᠯᠠᠷᠬᠠᠢ ᠵᠡᠷᠭᠡ ᠠᠰᠠᠭᠤᠳᠠᠯ ᠳᠠᠭᠠᠯᠳᠤᠨ ᠪᠤᠢ ᠪᠣᠯᠪᠠ᠃      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠬᠢᠭᠰᠡᠨ ᠨᠢ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠢᠨ᠎ᠡ ᠠᠵᠢᠯ ᠮᠡᠷᠭᠡᠵᠢᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠠᠵᠢᠯ ᠡᠷᠬᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠠᠰᠢᠭᠲᠠᠢ ᠶᠤᠮ᠃︾ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠭᠤᠸᠠᠩᠳᠦ᠋ᠩ ᠮᠤᠵᠢ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠧᠨ ᠸᠧᠨ ᠰᠢᠩ ᠤᠨ ᠦᠵᠡᠬᠦ ᠪᠠᠷ᠂ ᠲᠠᠪᠴᠠᠩ ᠤᠨ ᠠᠵᠤ ᠠᠬᠤᠶᠢᠯᠠᠯ ᠬᠢᠭᠡᠳ ᠬᠥᠳᠡᠯᠮᠦᠷᠢᠴᠢᠳ ᠤᠨ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠲᠠᠪᠴᠠᠩ ᠤᠨ ᠠᠵᠤ ᠠᠬᠤᠶᠢᠯᠠᠯ ᠤᠨ ᠵᠠᠯᠠᠭᠤ ᠬᠥᠳᠡᠯᠮᠦᠷᠢᠴᠢᠳ ᠲᠤ ᠨᠡᠶᠢᠭᠡᠮ ᠤᠨ ᠳᠠᠭᠠᠳᠬᠠᠯ ᠲᠤᠰᠢᠶᠠᠬᠤ ᠶᠢ ᠠᠬᠢᠭᠤᠯᠬᠤ ᠬᠡᠷᠡᠭᠲᠡᠢ᠃      ᠢᠯᠡᠳᠬᠡᠯ ᠠᠴᠠ ᠭᠠᠳᠠᠨᠠᠬᠢ ᠡᠯ᠎ᠡ ᠭᠠᠵᠠᠷ ᠤᠨ ᠦᠢᠯᠡᠳᠦᠯᠭᠡ ᠶᠢ ᠦᠵᠡᠶ᠎ᠡ᠄ ᠪᠥᠬᠦ ᠤᠯᠤᠰ ᠤᠨ 18 ᠲᠦᠮᠡ ᠭᠠᠷᠤᠢ ᠠᠵᠢᠯᠴᠢᠨ ᠤ ᠡᠪᠯᠡᠯ ᠤᠨ ᠥᠷᠲᠡᠭᠡ᠂ ᠠᠵᠢᠯ ᠣᠯᠭᠤᠯᠲᠠ ᠶᠢᠨ ᠦᠢᠯᠡᠴᠢᠯᠡᠭᠡ ᠠᠴᠠ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠯ᠎ᠡ᠂ ᠨᠠᠩ ᠣᠯᠠᠨ ᠦᠢᠯᠡᠴᠢᠯᠡᠭᠡᠨ ᠤ ᠮᠡᠳᠡᠭᠡ ᠵᠠᠩᠭᠢ ᠶᠢ ᠰᠢᠨ᠎ᠡ ᠠᠵᠢᠯ ᠣᠯᠭᠤᠯᠲᠠ ᠶᠢᠨ ᠬᠥᠮᠥᠰ ᠲᠤ ᠬᠦᠷᠭᠡᠵᠦ ᠪᠠᠶᠢᠨ᠎ᠠ︔ ᠡᠯ᠎ᠡ ᠭᠠᠵᠠᠷ ᠤᠨ ᠬᠢᠨ ᠣᠷᠣᠨ ᠰᠠᠭᠤᠴᠠ ᠲᠦᠷᠢᠶᠡᠰᠦᠯᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠦᠢᠯᠡᠰ ᠪᠣᠰᠬᠠᠬᠤ ᠡᠬᠢᠯᠡᠯᠲᠡ ᠶᠢᠨ ᠪᠡᠯᠡ ᠮᠥᠩᠭᠦ ᠶᠢ ᠬᠠᠩᠭᠠᠵᠤ᠂ ᠵᠠᠯᠠᠭᠤ ᠴᠢᠳᠠᠪᠤᠷᠢᠲᠠᠨ ᠢ ᠲᠠᠲᠠᠵᠤ ᠪᠠᠶᠢᠨ᠎ᠠ ᠁      ᠽᠧᠦ ᠪᠢᠨ ᠲᠥᠯᠥᠭᠡᠯᠡᠭᠴᠢ ᠥᠪᠡᠷ ᠤᠨ ᠢᠶᠠᠨ ᠨᠢᠭᠡᠨ ᠰᠢᠪᠠᠷᠴᠢᠨ ᠠᠴᠠ ᠡᠬᠢᠯᠡᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠤᠳᠤ ᠨᠢᠭᠡᠨᠲᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠠᠪᠤᠳᠤᠭᠠᠷ ᠲᠣᠪᠴᠢᠶ᠎ᠠ ᠶᠢᠨ ᠶᠡᠷᠦᠩᠬᠡᠢ ᠳᠠᠭᠠᠭᠠᠴᠢᠯᠠᠯᠲᠠ ᠶᠢᠨ ᠺᠣᠮᠫᠠᠨᠢ ᠶᠢᠨ ᠲᠦᠷᠦᠯ ᠵᠦᠢᠯ ᠤᠨ ᠶᠠᠰᠤ ᠴᠢᠨᠠᠷ ᠤᠨ ᠶᠡᠷᠦᠩᠬᠡᠢ ᠪᠠᠶᠢᠴᠠᠭᠠᠭᠴᠢ ᠪᠣᠯᠣᠭᠰᠠᠨ ᠥᠩᠭᠡᠷᠡᠯᠲᠡ ᠪᠠᠨ ᠶᠠᠷᠢᠬᠤ ᠳᠠᠭᠠᠨ᠄ ︽ᠮᠢᠨᠤ ᠦᠵᠡᠬᠦ ᠪᠠᠷ ᠵᠠᠯᠠᠭᠤ ᠬᠥᠮᠥᠰ ︿ᠭᠤᠷᠪᠠᠨ ᠵᠠᠭᠤ ᠵᠢᠷᠠᠨ ᠠᠵᠢᠯ ᠲᠦᠷᠦᠯ ᠪᠦᠷᠢ ᠠᠴᠠ ᠲᠡᠷᠢᠭᠦᠨ ᠮᠠᠩᠯᠠᠢ ᠴᠣᠯᠭᠤᠷᠠᠨ ᠭᠠᠷᠤᠨ᠎ᠠ﹀ ᠭᠡᠳᠡᠭ ᠢ ᠢᠲᠡᠭᠡᠬᠦ ᠬᠡᠷᠡᠭᠲᠡᠢ᠂ ᠥᠪᠡᠷ ᠤᠨ ᠪᠡᠶ᠎ᠡ ᠳᠡᠭᠡᠨ ᠬᠢᠵᠠᠭᠠᠷᠯᠠᠯ ᠲᠣᠭᠲᠠᠭᠠᠵᠤ ᠪᠣᠯᠬᠤ ᠦᠭᠡᠢ᠂ ᠡᠴᠦᠰ ᠲᠡᠭᠡᠨ ᠯᠠᠪᠲᠠᠢ ᠢᠷᠡᠭᠡᠳᠦᠢ ᠶᠢᠨ ︿ᠰᠢᠯᠢᠳᠡᠭ ᠬᠥᠮᠥᠰ﹀ ᠪᠣᠯᠵᠤ ᠴᠢᠳᠠᠨ᠎ᠠ︾ ᠭᠡᠵᠡᠢ᠃ ︵ᠵᠧᠦ ᠶᠤᠸᠠᠨ᠂ ᠬᠤᠸᠠᠩ ᠶᠣᠣ︶
 
ᠢᠷᠡᠯᠲᠡ᠄ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ 
 
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号