ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠲᠤᠰᠬᠠᠶᠢᠵᠢᠭᠰᠠᠨ᠂ | ᠵᠢᠷᠤᠮᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠲᠣᠮᠢᠯᠠᠭᠳᠠᠬᠤ ᠬᠥᠳᠡᠯᠮᠦᠷᠢᠴᠢᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯ ᠲᠦᠷᠦᠯ ᠤᠨ | ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ︽︿ᠬᠥᠳᠡᠯᠮᠦᠷᠢ | ᠦᠢᠯᠡᠴᠢᠯᠡᠭᠡ ᠲᠣᠮᠢᠯᠠᠬᠤ ᠨᠢᠭᠡᠴᠢ ᠶᠢᠨ ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢᠨ ᠵᠦᠭᠯᠡᠭᠦᠷ﹀ ᠢ | ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ︽ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠶᠢᠨ | ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢᠨ ᠵᠦᠭᠯᠡᠭᠦᠷ︾ ᠪᠠᠷ ᠯᠠᠪᠯᠠᠯᠲᠠ ᠪᠣᠯᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠶᠢᠨ ᠢᠲᠡᠭᠡᠮᠵᠢ ᠶᠢᠨ ᠪᠠᠶᠢᠳᠠᠯ ᠳᠤ | ᠦᠨᠡᠯᠡᠯᠲᠡ ᠬᠢᠵᠦ᠂ ᠢᠲᠡᠭᠡᠮᠵᠢ ᠶᠢᠨ ᠦᠨᠡᠯᠡᠯᠲᠡ ᠶᠢᠨ ᠪᠠᠶᠢᠳᠠᠯ ᠢ ᠦᠨᠳᠦᠰᠦᠯᠡᠨ ᠬᠥᠳᠡᠯᠮᠦᠷᠢ ᠦᠢᠯᠡᠴᠢᠯᠡᠭᠡ | ᠲᠣᠮᠢᠯᠠᠬᠤ ᠨᠢᠭᠡᠴᠢ ᠳᠤ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠤᠯᠲᠠ ᠶᠠᠪᠤᠭᠤᠯᠵᠤ᠂ ᠬᠥᠳᠡᠯᠮᠦᠷᠢ ᠦᠢᠯᠡᠴᠢᠯᠡᠭᠡ | ᠲᠣᠮᠢᠯᠠᠬᠤ ᠶᠢ ᠬᠢᠨᠠᠨ ᠬᠠᠮᠢᠶᠠᠷᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠦᠭᠯᠡᠭᠦᠷ ᠤᠨ | ᠭᠤᠣᠯ ᠠᠭᠤᠯᠭ᠎ᠠ ᠳᠤ᠄ ᠨᠢᠭᠡ ᠳᠤ ᠦᠨᠡᠯᠡᠯᠲᠡ ᠶᠢᠨ ᠵᠡᠷᠭᠡ ᠳᠡᠰ ᠢ ᠲᠣᠳᠣᠷᠬᠠᠶᠢᠯᠠᠨ᠎ᠠ᠃ A+ ︵ᠰᠢᠯᠢᠳᠡᠭ︶᠂ A | ︵ᠰᠠᠶᠢᠨ︶᠂ B ︵ᠬᠢᠷᠢ ᠲᠡᠩᠴᠡᠭᠰᠡᠨ︶᠂ C ︵ᠪᠠᠷᠤᠭᠲᠠᠢ︶᠂ D ︵ᠪᠠᠷᠤᠭᠲᠠᠢ︶ ᠵᠡᠷᠭᠡ ᠲᠠᠪᠤᠨ | ᠦᠨᠡᠯᠡᠯᠲᠡ ᠶᠢᠨ ᠲᠠᠰ ᠢ ᠲᠣᠭᠲᠠᠭᠠᠬᠤ ᠶᠢᠨ ᠬᠠᠮᠲᠤ ᠡᠯ᠎ᠡ ᠲᠠᠰ ᠤᠨ ᠦᠨᠡᠯᠡᠯᠲᠡ ᠶᠢᠨ ᠪᠠᠷᠢᠮᠵᠢᠶ᠎ᠠ ᠶᠢ ᠲᠣᠳᠣᠷᠬᠠᠢ | ᠲᠣᠭᠲᠠᠭᠠᠪᠠ᠃ ᠬᠤᠶᠠᠷ ᠲᠤ ᠦᠨᠡᠯᠡᠬᠦ ᠵᠢᠷᠤᠮ ᠢ ᠵᠢᠷᠤᠮᠵᠢᠭᠤᠯᠤᠨ᠎ᠠ᠃ ᠵᠡᠷᠭᠡ ᠳᠡᠰ ᠤᠨ ᠦᠨᠡᠯᠡᠯᠲᠡ ᠶᠢ ᠵᠣᠬᠢᠶᠠᠨ | ᠪᠠᠶᠢᠭᠤᠯᠵᠤ ᠬᠡᠷᠡᠭᠵᠢᠭᠦᠯᠬᠦ ᠭᠤᠣᠯ ᠴᠣᠭᠴᠠ᠂ ᠦᠨᠡᠯᠡᠬᠦ ᠦᠶᠡᠯᠡᠯ᠂ ᠦᠨᠡᠯᠡᠬᠦ ᠮᠠᠲ᠋ᠧᠷᠢᠶᠠᠯ ᠢ ᠣᠯᠬᠤ᠂ ᠦᠨᠡᠯᠡᠬᠦ | ᠶᠠᠪᠤᠴᠠ᠂ ᠣᠨᠳᠣᠣ ᠰᠠᠨᠠᠯ ᠢ ᠰᠢᠢᠳᠪᠦᠷᠢᠯᠡᠬᠦ ᠪᠠ ᠬᠢᠨᠠᠯᠲᠠ ᠲᠠᠯᠪᠢᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠪᠠ᠃ | ᠭᠤᠷᠪᠠ ᠳᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠬᠤᠯᠠᠴᠢᠯᠠᠨ᠎ᠠ᠃ ᠵᠡᠷᠭᠡ ᠳᠡᠰ ᠤᠨ ᠦᠨᠡᠯᠡᠯᠲᠡ ᠶᠢᠨ ᠦᠷ᠎ᠡ | ᠳ᠋ᠦᠩ ᠢ ᠪᠦᠬᠦ ᠤᠯᠤᠰ ᠤᠨ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠶᠢᠨ ᠨᠡᠷᠡᠰ ᠤᠨ ᠬᠥᠮᠥᠷᠭᠡ ᠳᠤ | ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠭᠦᠯᠬᠦ ᠪᠠᠷ ᠲᠣᠳᠣᠷᠬᠠᠢ ᠲᠣᠭᠲᠠᠭᠠᠵᠤ᠂ | ᠨᠡᠶᠢᠭᠡᠮ ᠨᠡᠶᠢᠲᠡ ᠳᠤ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠶᠢ ᠬᠠᠶᠢᠨ ᠰᠦᠪᠡᠭᠴᠢᠯᠡᠵᠦ᠂ | ᠢᠲᠡᠭᠡᠮᠵᠢ ᠶᠢᠨ ᠤᠷᠮᠠᠰᠢᠭᠤᠯᠤᠯ ᠪᠠ ᠬᠢᠵᠠᠭᠠᠷᠯᠠᠯ ᠢ ᠴᠢᠩᠭᠠᠳᠬᠠᠨ᠎ᠠ᠃ |