︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ﹀ ᠢᠨᠵᠧᠨᠧᠷᠢᠩ ᠤᠨ ᠲᠥᠷᠥ ᠶᠢᠨ | ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠬᠢᠨ ᠴᠢᠳᠠᠪᠤᠷᠢᠲᠠᠨ ᠤᠷᠢᠵᠤ ᠬᠡᠷᠡᠭᠯᠡᠬᠦ ᠠᠯᠪᠠᠨ ᠵᠠᠷᠯᠠᠯ ᠨᠡᠶᠢᠲᠡᠯᠡᠬᠦ᠂ ᠵᠣᠬᠢᠶᠠᠨ | ᠪᠠᠶᠢᠭᠤᠯᠵᠤ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ | ᠲᠣᠭᠲᠠᠭᠠᠬᠤ᠂ ᠬᠢᠨᠠᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ | ᠨᠡᠶᠢᠲᠡ 8 ᠬᠥᠮᠥᠨ ᠤᠷᠢᠵᠤ ᠣᠷᠣᠭᠤᠯᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠵᠤ᠂ ᠣᠲᠣ | ᠤᠷᠢᠵᠤ ᠣᠷᠣᠭᠤᠯᠬᠤ ᠪᠠᠷ ᠪᠠᠶᠢᠭ᠎ᠠ ᠳᠡᠭᠡᠳᠦ ᠲᠠᠰ ᠤᠨ ᠠᠵᠢᠯᠲᠠᠨ ᠵᠢᠴᠢ ᠤᠷᠢᠵᠤ ᠣᠷᠣᠭᠤᠯᠬᠤ ᠪᠠᠷ ᠪᠠᠶᠢᠭ᠎ᠠ | ᠨᠢᠭᠡᠴᠢ ᠶᠢ ᠢᠯᠡ ᠨᠡᠶᠢᠲᠡᠯᠡᠨ᠎ᠡ᠃ | ᠨᠢᠭᠡ᠂ ᠢᠯᠡ ᠨᠡᠶᠢᠲᠡᠯᠡᠬᠦ ᠡᠲᠡᠭᠡᠳ | ᠳᠠᠭᠠᠯᠳᠤᠭᠤᠯᠤᠯ ᠢ ᠦᠵᠡ | ᠬᠤᠶᠠᠷ᠂ ᠢᠯᠡ ᠨᠡᠶᠢᠲᠡᠯᠡᠬᠦ ᠴᠠᠭ | 2025 ᠣᠨ ᠤ 4 ᠰᠠᠷ᠎ᠠ ᠶᠢᠨ 2 ᠤᠨ ᠡᠳᠦᠷ ᠠᠴᠠ 4 ᠰᠠᠷ᠎ᠠ ᠶᠢᠨ 9 ᠤ ᠡᠳᠦᠷ ᠪᠤᠯᠳᠠᠯ᠎ᠠ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ | ᠪᠣᠯᠣᠨ᠎ᠠ᠂ ᠲᠤᠰᠬᠠᠭᠰᠠᠨ ᠮᠠᠲ᠋ᠧᠷᠢᠶᠠᠯ ᠳᠤ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ | ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠢ᠃ | ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 ︱ 12᠄ 00᠂ ᠦᠳᠡ ᠶᠢᠨ ᠬᠤᠶᠢᠨ᠎ᠠ 14 | ᠄ 30 ︱ 17᠄ 00 | ᠬᠦᠯᠢᠶᠡᠨ ᠠᠪᠬᠤ ᠤᠲᠠᠰᠤ᠄ 0471-6946229 | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ︽ᠰᠠᠭᠠᠳ ᠦᠭᠡᠢ ᠨᠡᠪᠲᠡᠷᠡᠬᠦ ᠵᠠᠮ︾ ᠢᠶᠠᠷ ᠣᠷᠣᠭᠤᠯᠤᠨ ᠠᠪᠴᠢᠷᠠᠬᠤ ᠪᠠᠷ ᠪᠣᠶ | ᠳᠡᠭᠡᠳᠦ ᠲᠠᠰ ᠤᠨ ᠴᠢᠳᠠᠪᠤᠷᠢᠲᠠᠨ ᠢ ᠢᠯᠡ ᠨᠡᠶᠢᠲᠡᠯᠡᠬᠦ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | 2025 ᠣᠨ ᠤ 4 ᠰᠠᠷ᠎ᠠ ᠶᠢᠨ 1 ᠤ ᠡᠳᠦᠷ |