ᠪᠠᠶᠠᠷ᠎ᠤᠨ ᠮᠡᠳᠡᠭᠡ  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠢᠷᠭᠤᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠲᠤᠭ᠎ᠠ ᠪᠠᠷᠢᠮᠲᠠ᠎ᠶ᠋ᠢᠨ ᠵᠠᠳᠠᠯᠤᠯᠲᠠ᠎ᠶ᠋ᠢᠨ ᠤᠷᠤᠯᠳᠤᠭᠠᠨ᠎ᠳᠤ ᠨᠢᠭᠡᠳᠦᠭᠡᠷ ᠳᠡᠰ᠎ᠤᠨ ᠱᠠᠩᠨᠠᠯ ᠭᠥᠷᠳᠡᠪᠡ
2025-12-01

11 ᠳ᠋ᠦ᠍ᠭᠡᠷ ᠰᠠᠷ᠎ᠠ᠎ᠶ᠋ᠢᠨ 26 ᠎ᠤ ᠡᠳᠦᠷ᠎ᠠᠴᠠ 27 ᠎ᠤ ᠡᠳᠦᠷ ᠂ ᠵᠢᠷᠭᠤᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠲᠤᠭ᠎ᠠ ᠪᠠᠷᠢᠮᠲᠠ᠎ᠶ᠋ᠢᠨ ᠵᠠᠳᠠᠯᠤᠯᠲᠠ᠎ᠶ᠋ᠢᠨ ᠤᠷᠤᠯᠳᠤᠭᠠᠨ ᠬᠤᠪᠸᠢ ᠮᠤᠵᠢ᠎ᠶ᠋ᠢᠨ ᠵᠢᠩ ᠵᠧᠦ ᠬᠤᠲᠠ᠎ᠳᠤ ᠠᠮᠵᠢᠯᠲᠠ᠎ᠲᠠᠢ ᠶᠠᠪᠤᠭ᠍ᠳᠠᠪᠠ᠃ ᠪᠥᠬᠦ᠌ ᠤᠯᠤᠰ᠎ᠤᠨ 31 ᠲᠥᠯᠥᠭᠡᠯᠡᠭ᠌ᠴᠢᠳ᠎ᠤᠨ ᠠᠩᠭᠢ ᠤᠷᠤᠯᠳᠤᠭᠠᠨ᠎ᠳᠤ ᠣᠷᠣᠯᠴᠠᠵᠤ᠂ ᠨᠢᠭᠡ ᠡᠳᠦᠷ ᠬᠠᠭᠠᠰ᠎ᠤᠨ ᠥᠷᠢᠰᠥᠯᠳᠦᠭᠡᠨ᠎ᠢᠶᠠᠷ ᠳᠡᠮᠵᠢᠨ ᠥᠪᠥᠷ ᠮᠣᠩᠭᠤᠯ᠎ᠤᠨ《ᠳ᠋ᠢᠭᠢᠲ ᠣᠶᠤᠯᠢᠭ ᠺᠣᠳ᠋ ᠲᠠᠢᠯᠬᠤ ᠠᠩᠭᠢ》 ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃

 

 

ᠤᠷᠤᠯᠳᠤᠭᠠᠨ᠎ᠳᠤ ᠨᠡᠢᠲᠡ 4 ᠲᠤᠰᠭᠠᠶ ᠰᠡᠳᠦᠪ ᠲᠣᠬᠢᠷᠠᠭᠤᠯᠵᠤ᠂ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠠᠩᠭᠢ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠨᠠᠷᠢᠯᠢᠭ ᠤᠨᠤᠪᠴᠢᠲᠠᠢ᠎ᠪᠠᠷ ᠬᠠᠪᠰᠤᠷᠤᠨ ᠲᠡᠳᠬᠦᠬᠦ᠌ ᠪᠠ ᠴᠢᠨᠠᠷ ᠰᠠᠢᠲᠠᠶ ᠬᠥᠭ᠌ᠵᠢᠭᠦᠯᠬᠦ᠌》 ᠭᠤᠤᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠡᠵᠡᠩᠨᠡᠯᠲᠡ᠎ᠶ᠋ᠢᠨ ᠲᠤᠭ᠎ᠠ ᠪᠠᠷᠢᠮᠲᠠ᠎ᠶ᠋ᠢ ᠭᠦᠨᠵᠡᠭᠡᠶ ᠠᠭᠤᠳᠠᠯᠤᠨ ᠵᠠᠳᠠᠯᠵᠤ᠂ ᠡᠵᠡᠩᠨᠡᠯᠲᠡ᠎ᠶ᠋ᠢᠨ ᠥᠪᠡᠷ᠎ᠤᠨ ᠥᠷᠲᠡᠭ᠂ ᠲᠥᠷᠥ᠎ᠶ᠋ᠢᠨ ᠪᠣᠳᠣᠯᠭ᠎ᠠ᠎ᠶ᠋ᠢᠨ ᠲᠤᠬᠢᠷᠠᠭᠤᠯᠭ᠎ᠠ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠵᠡᠷᠭᠡ ᠲᠠᠯ᠎ᠠ᠎ᠶ᠋ᠢᠨ ᠪᠣᠳᠠᠲᠤ ᠬᠦᠴᠢᠷᠳᠡᠯ᠎ᠳᠤ ᠴᠢᠭ᠌ᠯᠡᠭᠦᠯᠦᠨ᠂ ᠢᠳᠡᠪᠬᠢ ᠬᠦᠴᠦᠨ᠎ᠢ ᠭᠦᠨᠵᠡᠭᠡᠶ  ᠵᠠᠢ᠌ᠳᠠᠯᠠᠬᠤ᠎ᠪᠠᠷ ᠳᠠᠮᠵᠢᠨ ᠰᠦᠪᠡᠭᠴᠢᠯᠡᠨ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠨᠠᠷᠢᠯᠢᠭ ᠤᠨᠤᠪᠴᠢᠲᠠᠢ ᠦᠢᠯᠡᠴᠢᠯᠡᠭᠡ ᠬᠢᠭᠡᠳ ᠣᠷᠳᠣ ᠬᠤᠭᠤᠴᠠᠭᠠᠨ᠎ᠤ ᠪᠦᠲᠦᠮᠵᠢᠲᠡᠶ ᠬᠥᠭ᠌ᠵᠢᠯᠲᠡ᠎ᠶ᠋ᠢᠨ ᠱᠢᠨ᠎ᠡ ᠲᠣᠭ᠍ᠲᠠᠴᠠ᠎ᠶ᠋ᠢ ᠪᠠᠢᠭᠤᠯᠵᠤ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠤ ᠥᠪᠥᠷ ᠮᠣᠩᠭᠤᠯ᠎ᠤᠨ ᠲᠥᠰᠦᠯ᠎ᠢ ᠬᠠᠩᠭᠠᠪᠠ᠃

 

 

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠶ᠋ᠯᠡᠴᠢᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠲᠤᠭ᠎ᠠ ᠪᠠᠷᠢᠮᠲᠠ᠎ᠶ᠋ᠢ ᠵᠠᠳᠠᠯᠬᠤ ᠴᠢᠳᠠᠪᠤᠷᠢ᠎ᠪᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠲᠤᠭ᠎ᠠ ᠪᠠᠷᠢᠮᠲᠠ᠎ᠶ᠋ᠢᠨ ᠵᠠᠳᠠᠯᠤᠯᠲᠠ᠎ᠶ᠋ᠢᠨ ᠦᠷ᠎ᠡ ᠪᠦᠲᠦᠭᠡᠯ᠎ᠤᠨ ᠬᠡᠷᠡᠭ᠌ᠯᠡᠭᠡᠨ᠎ᠤ ᠲᠠᠯᠠᠪᠦᠷ ᠪᠠᠨ ᠥᠷᠭᠡᠳᠭᠡᠨ᠂ ᠲᠤᠭ᠎ᠠ ᠪᠠᠷᠢᠮᠲᠠ᠎ᠶᠢᠨ ᠵᠠᠳᠠᠯᠤᠯᠲᠠ᠎ᠶ᠋ᠢ ᠭᠦᠢᠴᠡᠳ ᠠᠱᠢᠭ᠍ᠯᠠᠨ ᠱᠢᠨᠵᠢᠯᠡᠬᠦ᠌ ᠤᠬᠠᠭᠠᠨᠴᠢ ᠱᠢᠶ᠋ᠳᠪᠦᠷᠢᠲᠦ ᠪᠣᠳᠣᠯᠭ᠎ᠠ ᠲᠣᠭᠲᠠᠭ᠋ᠠᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠵᠦ᠍᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠰᠠᠭᠤᠷᠢᠨ ᠭᠠᠵᠠᠷ》᠂ 《ᠨᠢᠭᠡ ᠪᠠᠬᠢᠯᠡᠯᠲᠡ》 ᠎ᠶ᠋ᠢ ᠰᠠᠢᠲᠤᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

 

 

ᠢᠷᠡᠯᠲᠡ᠄ ᠲᠡᠮᠳᠡᠭ᠌ᠯᠡᠨ ᠳᠠᠩᠰᠠᠯᠠᠬᠤ ᠲᠣᠪᠴᠢᠶ᠎ᠠ᠂ ᠰᠣᠨᠢᠨ ᠮᠡᠳᠡᠭᠡ ᠤᠬᠠᠭᠤᠯᠭ᠎ᠠ᠎ᠶ᠋ᠢᠨ ᠭᠠᠵᠠᠷ