ᠥᠪᠥᠷ ᠮᠣᠩᠭᠣᠯ ᠣᠷᠣᠰ᠎ᠲᠤ᠌ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢ ᠬᠠᠮᠠᠭᠠᠯᠠᠬᠤ ᠬᠤᠯᠪᠤᠭ᠋ᠠᠯᠠᠬᠤ ᠥᠷᠲᠡᠭᠡ ᠪᠠᠢᠭᠤᠯᠪᠠ
2025-12-15

12 ᠳ᠋ᠤᠭᠠᠷ ᠰᠠᠷ᠎ᠠ᠎ᠶ᠋ᠢᠨ 2 ᠎ᠤᠨ ᠡᠳᠦᠷ᠂ ᠭᠠᠳᠠᠭᠠᠳᠤ ᠶ᠋ᠢᠨ ᠮᠡᠳᠡᠯᠭᠡ ᠎ᠶ᠋ᠢᠨ ᠦᠮᠴᠢᠯᠡᠯ᠎ᠤᠨ ᠡᠷᠬᠡ ᠎ᠶ᠋ᠢᠨ ᠵᠢᠭᠤᠷᠠᠯᠳᠤᠭᠠᠨ᠎ᠢ ᠠᠷᠭ᠋ᠠᠴᠠᠭ᠋ᠠᠨ ᠵᠢᠯᠣᠭᠣᠳᠬᠤ ᠥᠪᠥᠷ ᠮᠣᠩᠭᠤᠯ᠎ᠤᠨ ᠬᠤᠪᠢᠶᠠᠷᠢ ᠲᠥᠪ ᠪᠣᠯᠤᠨ ᠣᠷᠣᠰ᠎ᠤᠨ ᠯᠦᠩ ᠴᠧᠩ ᠡᠯᠧᠺᠲᠷᠣᠨ ᠬᠤᠳᠠᠯᠳᠤᠭᠠᠨ᠎ᠤ ᠶᠡᠷᠦᠩᠬᠡᠶ ᠡᠪᠯᠡᠯ ᠲᠠᠢ ᠭᠠᠳᠠᠭᠠᠳᠤ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠵᠢᠯᠴᠠᠨ ᠬᠠᠮᠠᠭᠠᠯᠠᠬᠤ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠭ᠋ᠠᠭᠰᠠᠨ ᠪᠦᠭᠡᠳ ᠫᠠᠢᠰᠠ ᠣᠯᠭᠤᠬᠤ ᠶᠣᠰᠣᠯᠠᠯ ᠶᠠᠪᠤᠭᠳᠠᠭᠤᠯᠵᠤ᠂ ᠥᠪᠥᠷ ᠮᠣᠩᠭᠤᠯ᠎ᠤᠨ ᠠᠩᠬᠠᠳᠠᠭ᠍ᠴᠢ ᠣᠷᠣᠰ᠎ᠤᠨ ᠵᠠᠬ᠎ᠠ ᠳᠡᠯᠭᠡᠭᠦᠷ᠎ᠲᠤ ᠬᠠᠨᠳᠤᠭᠤᠯᠤᠭ᠍ᠰᠠᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶ᠋ᠢᠨ ᠬᠤᠯᠪᠣᠭ᠋ᠠᠯᠠᠬᠤ ᠥᠷᠲᠡᠭᠡ ᠵᠢᠩᠬᠢᠨᠢ᠎ᠪᠠᠷ  ᠨᠠᠢ᠌ᠳᠠᠪᠤᠷᠢᠵᠢᠭᠳᠠᠪᠠ᠃

ᠣᠷᠣᠰ᠎ᠤᠨ ᠯᠦᠩ ᠴᠧᠩ ᠡᠯᠧᠺᠲᠷᠣᠨ ᠬᠤᠳᠠᠯᠳᠤᠭᠠᠨ᠎ᠤ ᠶᠡᠷᠦᠩᠬᠡᠶ ᠡᠪᠯᠡᠯ ᠎ᠠᠴᠠ ᠳᠣᠮᠳᠠᠲᠦ ᠤᠯᠤᠰ᠎ᠤᠨ ᠭᠠᠳᠠᠭ᠋ᠠᠳᠤ ᠎ᠳᠤ ᠭᠠᠷᠬᠤ ᠠᠵᠤ ᠠᠬᠤᠢᠯᠠᠯ᠎ᠳᠤ ᠭᠠᠳᠠᠭᠠᠳᠤ᠎ᠶ᠋ᠢᠨ ᠬᠠᠳᠠᠭᠠᠯᠠᠬᠤ ᠬᠦᠮᠦᠷᠭᠡ᠂ ᠬᠤᠳᠠᠯᠳᠤᠭᠠᠨ᠎ᠤ ᠫᠦᠰᠡ᠂ ᠡᠯᠧᠺᠲᠷᠣᠨ ᠬᠤᠳᠠᠯᠳᠤᠭᠠᠨ᠎ᠤ ᠳᠡᠩᠰᠡᠯᠡᠯᠲᠡ ᠵᠡᠷᠭᠡ ᠦᠶ᠋ᠯᠡᠴᠢᠯᠡᠭᠡ ᠬᠠᠩᠭᠠᠵᠤ᠂ ᠣᠲᠣ 36 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠡᠯᠧᠺᠲᠷᠣᠨ ᠬᠤᠳᠠᠯᠳᠤᠭᠠᠨ᠎ᠤ ᠬᠦᠷᠢᠶᠡᠯᠡᠩ ᠎ᠢ ᠡᠵᠡᠩᠨᠡᠵᠦ᠍ ᠪᠠᠢᠨ᠎ᠠ᠃ ᠬᠠᠮᠲᠤᠷᠠᠯᠴᠠᠭᠠᠨ᠎ᠤ ᠬᠡᠯᠡᠯᠴᠡᠭᠡᠷ᠎ᠢ ᠦᠨᠳᠦᠰᠦᠯᠡᠨ᠂ ᠬᠤᠶᠠᠷ ᠲᠠᠯ᠎ᠠ᠎ᠪᠠᠷ᠎ᠢᠶᠠᠨ ᠭᠤᠷᠪᠠᠨ ᠶᠡᠭᠡ ᠭᠤᠣᠯ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ᠄

ᠣᠷᠣᠰ᠎ᠤᠨ ᠯᠦᠩ ᠴᠧᠩ ᠡᠯᠧᠺᠲᠷᠣᠨ ᠬᠤᠳᠠᠯᠳᠤᠭᠠᠨ᠎ᠤ ᠶᠡᠷᠦᠩᠬᠡᠶ ᠡᠪᠯᠡᠯ᠎ᠳᠤ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢ ᠬᠠᠮᠠᠭᠠᠯᠠᠬᠤ ᠬᠤᠯᠪᠤᠭ᠋ᠠᠯᠠᠬᠤ ᠥᠷᠲᠡᠭᠡ ᠪᠠᠢᠭᠤᠯᠵᠤ᠂ ᠠᠵᠤ ᠠᠬᠤᠢᠯᠠᠯ᠎ᠳᠤ ᠰᠢᠭᠤᠳ ᠬᠦᠷᠬᠦ ᠲᠤᠰᠭᠠᠶ ᠮᠡᠷᠭᠡᠵᠢᠯ᠎ᠤᠨ ᠦᠢᠯᠡᠴᠢᠯᠡᠭᠡᠨ᠎ᠤ ᠨᠡᠪᠲᠡᠷᠡᠬᠦ ᠵᠠᠮ᠎ᠢ ᠪᠠᠢᠭᠤᠯᠵᠤ᠂ ᠣᠷᠣᠰ᠎ᠲᠤ ᠪᠠᠢ᠌ᠭ᠎ᠠ ᠥᠪᠥᠷ ᠮᠣᠩᠭᠤᠯ᠎ᠤᠨ ᠠᠵᠤ ᠠᠬᠤᠢᠯᠠᠯ᠎ᠳᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠯᠠᠪᠯᠠᠯᠲᠠ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠤᠬᠠᠭᠤᠯᠭ᠎ᠠ᠎ᠶᠢᠨ ᠪᠤᠯᠪᠠᠰᠣᠷᠠᠯ᠂ ᠭᠠᠳᠠᠭᠠᠳᠤ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠷᠬᠡ᠎ᠪᠠᠨ ᠬᠠᠮᠠᠭᠠᠯᠠᠬᠤ ᠵᠢᠯᠣᠭᠤᠳᠣᠯᠭ᠎ᠠ ᠵᠡᠷᠭᠡ ᠲᠦᠪᠯᠡᠷᠡᠭᠦᠯᠦᠭᠰᠡᠨ ᠦᠢᠯᠡᠴᠢᠯᠡᠭᠡ  ᠬᠠᠩᠭ᠋ᠠᠨ᠎ᠠ;

ᠣᠷᠣᠰ᠎ᠤᠨ ᠯᠦᠩ ᠴᠧᠩ ᠡᠯᠧᠺᠲᠷᠣᠨ ᠬᠤᠳᠠᠯᠳᠤᠭᠠᠨ᠎ᠤ ᠶᠡᠷᠦᠩᠬᠡᠶ ᠡᠪᠯᠡᠯ᠎ᠳᠤ ᠲᠦᠱᠢᠭ᠌ᠯᠡᠨ᠂ ᠥᠪᠥᠷ ᠮᠣᠩᠭᠤᠯ᠎ᠤᠨ ᠣᠷᠣᠰ᠎ᠲᠤ ᠪᠠᠢᠭ᠎ᠠ ᠠᠵᠤ ᠠᠬᠤᠢᠯᠠᠯ᠎ᠤᠨ ᠭᠤᠤᠯ ᠪᠣᠯᠬᠤ ᠠᠵᠤ ᠦᠢᠯᠡᠰ᠎ᠤᠨ ᠣᠨᠴᠠᠯᠢᠭ ᠵᠢᠴᠢ ᠭᠠᠳᠠᠭᠠᠳᠤ᠎ᠳᠤ ᠪᠠᠢᠭ᠎ᠠ ᠭᠤᠤᠯᠳᠠᠯᠭ᠎ᠠ᠎ᠲᠠᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠯᠵᠤ ᠠᠪᠴᠤ᠂ ᠠᠵᠤ ᠠᠬᠤᠢᠯᠠᠯ᠎ᠳᠤ ᠨᠠᠷᠢᠯᠢᠭ ᠣᠨᠣᠪᠴᠢᠲᠠᠢ᠎ᠪᠠᠷ ᠵᠠᠬᠢᠶᠠᠯᠠᠨ ᠦᠶ᠋ᠯᠡᠳᠬᠦ᠌ ᠦᠶ᠋ᠯᠡᠴᠢᠯᠡᠭᠡ ᠬᠠᠩᠭᠠᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ ᠬᠢᠭᠡᠳ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ᠂ ᠪᠠᠷᠠᠭᠠᠨ᠎ᠤ ᠭᠦᠶ᠋ᠯᠭᠡᠭᠡ᠂ ᠦᠵᠡᠭᠦᠯᠦᠯᠭᠡ ᠵᠡᠷᠭᠡ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠴᠣᠭ᠍ᠴᠠᠵᠢᠭᠤᠯᠤᠭ᠍ᠰᠠᠨ ᠬᠢᠯᠢ ᠠᠯᠤᠰᠯᠠᠭ᠍ᠰᠠᠨ ᠠᠵᠤ ᠠᠬᠤᠶ ᠠᠷᠠᠯᠵᠢᠶᠠᠨ᠎ᠤ ᠦᠶ᠋ᠯᠡᠴᠢᠯᠡᠭᠡᠨ᠎ᠤ ᠱᠢᠶ᠋ᠳᠪᠦᠷᠢᠯᠡᠬᠦ᠌ ᠲᠥᠰᠦᠯ᠎ᠢ ᠪᠠᠢ᠌ᠭᠤᠯᠤᠨ᠎ᠠ;

ᠡᠬᠢ ᠪᠠᠶᠠᠯᠢᠭ᠎ᠢ ᠬᠠᠮᠲᠤᠪᠠᠷ ᠡᠳ᠋ᠯᠡᠬᠦ᠌ ᠲᠤᠭᠲᠠᠯᠴᠠᠭ᠎ᠠ᠎ᠶ᠋ᠢ ᠪᠠᠢᠭᠤᠯᠵᠤ᠂ ᠬᠣᠶᠠᠷ ᠲᠠᠯ᠎ᠠ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ ᠡᠬᠢ ᠪᠠᠶᠠᠯᠢᠭ᠂ ᠠᠵᠤ ᠠᠬᠤᠢᠯᠠᠯ᠎ᠤᠨ ᠡᠬᠢ ᠪᠠᠶᠠᠯᠢᠭ᠂ ᠦᠢᠯᠡᠳᠬᠦᠨ᠎ᠦ ᠡᠬᠢ ᠪᠠᠶᠠᠯᠢᠭ ᠵᠡᠷᠭᠡ᠎ᠶ᠋ᠢ ᠭᠦᠢᠴᠡᠳ ᠡᠮᠬᠢᠯᠡᠨ ᠨᠢᠭᠡᠳᠦᠭᠦᠯᠦᠨ᠎ᠡ᠃ ᠥᠪᠥᠷ ᠮᠣᠩᠭᠣᠯ᠎ᠤᠨ ᠣᠷᠣᠰ᠎ᠲᠤ ᠪᠠᠢᠭ᠎ᠠ ᠠᠵᠤ ᠠᠬᠤᠢᠯᠠᠯ᠎ᠤᠨ ᠨᠡᠷᠡᠰ᠎ᠦᠨ ᠵᠢᠭ᠍ᠰᠠᠭᠠᠯᠲᠠ᠎ᠶ᠋ᠢ ᠪᠠᠢᠭᠤᠯᠵᠤ᠂ ᠠᠵᠤ ᠠᠬᠤᠢᠯᠠᠯ᠎ᠤᠨ ᠪᠠᠢᠭ᠎ᠠ ᠠᠵᠢᠯ ᠲᠥᠷᠥᠯ ᠂ ᠳᠠᠷᠤᠢ ᠣᠯᠬᠤ ᠴᠢᠬᠤᠯᠠᠲᠠᠶ ᠭᠠᠳᠠᠭᠠᠳᠤ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢ᠍ᠯᠡᠴᠢᠯᠡᠭᠡ ᠵᠡᠷᠭᠡ᠎ᠶ᠋ᠢ ᠲᠡᠮᠳᠡᠭᠯᠡᠨ᠎ᠡ; ᠡᠭᠦᠨ᠎ᠤ ᠬᠠᠮᠲᠤ ᠲᠤᠰᠭᠠᠶ ᠮᠡᠷᠭᠡᠵᠢᠯᠲᠡᠨ᠎ᠤ ᠡᠬᠢ ᠪᠠᠶᠠᠯᠢᠭ᠎ᠤᠨ ᠨᠡᠷᠡᠰ᠎ᠤᠨ ᠵᠢᠭ᠍ᠰᠠᠭᠠᠯᠲᠠ᠎ᠶ᠋ᠢ ᠪᠠᠢᠭᠤᠯᠵᠤ᠂ ᠥᠪᠥᠷ ᠮᠣᠩᠭᠤᠯ᠎ᠤᠨ ᠭᠠᠳᠠᠭ᠋ᠠᠳᠤ᠎ᠳᠤ ᠭᠠᠷᠤᠭᠰᠠᠨ ᠠᠵᠤ ᠠᠬᠤᠢᠯᠠᠯ ᠬᠢᠭᠡᠳ ᠥᠪᠥᠷ ᠮᠣᠩᠭᠤᠯ᠎ᠤᠨ ᠣᠷᠣᠰ᠎ᠲᠠᠬᠢ ᠠᠵᠤ ᠠᠬᠤᠢᠯᠠᠯ᠎ᠳᠤ ᠬᠤᠤᠰ ᠴᠢᠭ᠌ᠯᠡᠯᠲᠦ ᠣᠶᠤᠨ᠎ᠤ ᠲᠤᠯᠭᠠᠭᠤᠷᠢᠯᠠᠯ ᠬᠠᠩᠭ᠋ᠠᠨ᠎ᠠ᠃

 

ᠢᠷᠡᠯᠲᠡ᠄ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠳᠠ᠎ᠶ᠋ᠢᠨ ᠭᠠᠵᠠᠷ