ᠥᠪᠥᠷ ᠮᠣᠩᠭᠤᠯ ᠭᠤᠸᠠᠩᠳᠦ᠋ᠩ ᠭᠠᠷ ᠬᠤᠯᠪᠤᠭ᠋ᠠᠯᠠᠨ 《ᠦᠪᠦᠷ ᠮᠣᠩᠭᠤᠯ》 ᠲᠡᠮᠳᠡᠭᠲᠦ ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠭᠦᠨ ᠎ᠢ ᠲᠣᠮᠣ ᠵᠠᠬ᠎ᠠ ᠳᠡᠯᠭᠡᠭᠦᠷ᠎ᠳᠦ ᠭᠦᠨᠵᠡᠭᠡᠢ᠌ᠷᠡᠭᠦᠯᠵᠡᠢ
2025-12-15

11 ᠳ᠋ᠦ᠍ᠭᠡᠷ ᠰᠠᠷ᠎ᠠ ᠎ᠶᠢᠨ 24 — 25 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠱᠧᠨᠵᠧᠨ᠎ᠳᠤ ᠰᠠᠭᠤᠭ᠎ᠠ ᠬᠡᠷᠡᠭ ᠡᠷᠬᠢᠯᠡᠬᠦ᠌ ᠭᠠᠵᠠᠷ᠎ᠠᠴᠠ ᠲᠦᠷᠦᠭᠦᠯᠡᠨ ᠡᠷᠬᠢᠯᠡᠭ᠌ᠰᠡᠨ 2025 ᠣᠨ᠎ᠤ ᠥᠪᠥᠷ ᠮᠣᠩᠭᠤᠯ᠎ᠤᠨ ᠤᠨᠴᠠᠯᠢᠬ᠍ᠳᠤ ᠲᠠᠷᠢᠶᠠᠯᠠᠩ᠎ᠤᠨ ᠭᠠᠷᠤᠯᠲᠠ᠎ᠶᠢᠨ ᠲᠣᠮᠣ ᠪᠤᠯᠤᠩ᠎ᠤᠨ ᠣᠷᠣᠨ (ᠭᠤᠸᠠᠩᠵᠧᠦ)᠎ᠳᠠᠬᠢ ᠲᠠᠨᠢᠯᠴᠠᠭᠤᠯᠭ᠎ᠠ᠎ᠶᠢᠨ ᠠᠵᠢᠯᠯᠠᠭ᠎ᠠ ᠡᠬᠢᠯᠡᠪᠡ᠃ 《ᠦᠪᠦᠷ ᠮᠣᠩᠭᠤᠯ》 ᠲᠡᠮᠳᠡᠭᠲᠦ᠎ᠶᠢᠨ ᠦᠨᠡᠮᠯᠡᠯ᠎ᠢ ᠣᠯᠤᠭ᠍ᠰᠠᠨ 7 ᠠᠵᠤ ᠠᠬᠤᠢᠯᠠᠯ ᠦᠵᠡᠰᠭᠦᠯᠡᠩ᠎ᠳᠤ ᠣᠷᠣᠯᠴᠠᠵᠤ᠂ ᠮᠤᠨᠢ ᠠᠭᠤᠯᠠ᠎ᠶ᠋ᠢᠨ ᠶᠢᠦ ᠮᠠᠶ ᠺᠣᠮᠫᠠᠨᠢ᠎ᠨᠢ ᠠᠵᠤ ᠠᠬᠤᠢᠯᠠᠯ᠎ᠤᠨ ᠲᠥᠯᠥᠭᠡᠯᠡᠭ᠌ᠴᠢ᠎ᠶ᠋ᠢᠨ ᠬᠤᠪᠢ᠎ᠪᠠᠷ ᠲᠠᠢᠰᠠᠨ᠎ᠳᠤ ᠭᠠᠷᠴᠤ᠌ ᠶᠠᠷᠢᠶ᠎ᠠ ᠲᠠᠯᠪᠢᠵᠤ᠂ ᠨᠠᠷᠠᠲᠤ ᠲᠡᠮᠳᠡᠭ᠌ᠲᠦ᠍᠎ᠳᠤ᠎ᠪᠡᠨ ᠲᠦᠱᠢᠭ᠌ᠯᠡᠨ ᠲᠣᠮᠣ ᠪᠤᠯᠤᠩ᠎ᠤᠨ ᠣᠷᠣᠨ᠎ᠤ ᠵᠠᠬ᠎ᠠ ᠳᠡᠯᠭᠡᠭᠦᠷ᠎ᠢ ᠥᠷᠭᠡᠳᠭᠡᠭ᠌ᠰᠡᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢᠶᠠᠨ ᠬᠤᠪᠢᠶᠠᠯᠴᠠᠵᠤ᠂ ᠬᠡᠷᠡᠭ᠌ᠯᠡᠭ᠌ᠴᠢᠳ᠎ᠲᠤ 《ᠦᠪᠦᠷ ᠮᠣᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭᠳᠡᠭᠦᠨ᠎ᠦ ᠠᠮᠢ ᠠᠬᠤᠶ᠎ᠶ᠋ᠢᠨ ᠠᠭᠤᠯᠤᠭ᠍ᠳᠠᠬᠤᠨ ᠪᠠ ᠶᠠᠰᠤ ᠴᠢᠨᠠᠷ᠎ᠤᠨ ᠢᠳᠡ ᠬᠦᠴᠦᠨ᠎ᠢ ᠱᠢᠭᠤᠳ ᠮᠡᠳᠡᠷᠡᠭᠦᠯᠪᠡ᠃

 

 

《ᠦᠪᠦᠷ ᠮᠣᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭ᠌ᠳᠡᠬᠦᠨ᠎ᠨᠢ ᠢᠮᠠᠭ᠍ᠲᠠ 《ᠦᠨᠳᠦᠷ ᠪᠠᠷᠢᠮᠵᠢᠶ᠎ᠠ᠂ ᠴᠢᠩᠭ᠎ᠠ ᠭᠡᠷᠡᠴᠢᠯᠡᠭᠡ᠂ ᠴᠢᠩᠭ᠎ᠠ ᠬᠢᠨᠠᠯᠲᠠ ᠬᠠᠮᠢᠶᠠᠷᠤᠯᠲᠠ᠂ ᠰᠢᠯᠢᠳᠡᠭ ᠦᠢᠯᠡᠴᠢᠯᠡᠭᠡ》᠎ᠪᠠᠷ ᠭᠤᠤᠯ ᠪᠤᠯᠠᠭ᠋ᠠᠨ᠂ ᠠᠵᠤ ᠦᠢᠯᠡᠰ᠎ᠤᠨ ᠬᠥᠭ᠌ᠵᠢᠯᠲᠡ᠎ᠳᠤ ᠬᠦᠴᠦᠨ ᠣᠯᠭᠣᠳᠠᠭ᠃ ᠣᠳᠤ ᠪᠤᠯᠲᠠᠯ᠎ᠠ᠂ ᠨᠠᠷᠠᠲᠤ ᠲᠡᠮᠳᠡᠭ᠌ᠲᠦ᠍᠎ᠶ᠋ᠢᠨ ᠵᠢᠭ᠍ᠰᠠᠭᠠᠯ᠎ᠨᠢ ᠨᠢᠭᠡᠨᠲᠡ 159 《ᠦᠪᠦᠷ ᠮᠣᠩᠭᠤᠯ》 ᠲᠡᠮᠳᠡᠭᠲᠦ᠎ᠶᠢᠨ ᠦᠨᠡᠮᠯᠡᠯ᠎ᠢ ᠣᠯᠤᠭ᠍ᠰᠠᠨ ᠠᠵᠤ ᠠᠬᠤᠢᠯᠠᠯ᠂ 1500 ᠢᠯᠡᠭᠦᠦ ᠵᠦᠢᠯ᠎ᠤᠨ ᠰᠢᠯᠢᠳᠡᠭ ᠪᠦᠲᠦᠭᠡᠭ᠌ᠳᠡᠬᠦᠨ᠎ᠢ ᠬᠤᠷᠠᠮᠳᠤᠭᠤᠯᠵᠤ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠂ ᠨᠠᠷᠢᠯᠢᠭ ᠭᠦᠨᠵᠡᠭᠡᠶ ᠪᠣᠯᠪᠠᠰᠤᠷᠠᠭᠤᠯᠤᠭᠰᠠᠨ ᠵᠡᠷᠭᠡ ᠲᠥᠷᠥᠯ ᠵᠦᠢᠯ᠎ᠢ ᠬᠠᠮᠤᠷᠪᠠ᠃ ᠢᠷᠡᠭᠡᠳᠦᠢ᠎ᠳᠤ᠂ ᠥᠪᠥᠷ ᠮᠣᠩᠭᠤᠯ ᠦᠷᠭᠦᠯᠵᠢᠯᠡᠨ 《ᠦᠪᠦᠷ ᠮᠣᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭ᠌ᠳᠡᠬᠦᠨ᠎ᠢ ᠬᠦᠴᠦᠷᠬᠡᠭ᠌ᠵᠢᠭᠦᠯᠵᠦ᠍᠂ ᠨᠠᠩ ᠣᠯᠠᠨ 《ᠦᠪᠦᠷ ᠮᠣᠩᠭᠤᠯ》 ᠲᠡᠮᠳᠡᠭᠲᠦ᠎ᠶᠢᠨ ᠭᠡᠷᠡᠴᠢᠯᠡᠭᠰᠡᠨ ᠪᠦᠲᠦᠭᠡᠭ᠌ᠳᠡᠬᠦᠨ᠎ᠢ ᠪᠤᠯᠤᠩ᠎ᠤᠨ ᠣᠷᠣᠨ᠎ᠳᠤ ᠦᠨᠳᠦᠰᠦᠯᠡᠭᠦᠯᠵᠦ᠍᠂ ᠪᠥᠬᠦ᠌ ᠤᠯᠤᠰ᠎ᠲᠤ ᠴᠦᠷᠬᠡᠯᠡᠨ᠂ ᠨᠠᠷᠠᠲᠤ ᠲᠡᠮᠳᠡᠭ᠌ᠲᠦ᠍᠎ᠶ᠋ᠢᠨ ᠬᠦᠴᠦᠨ᠎ᠢᠶᠠᠷ ᠠᠵᠤ ᠦᠢᠯᠡᠰ᠎ᠤᠨ ᠳᠠᠯᠳᠠ ᠬᠦᠴᠦᠨ᠎ᠢ ᠬᠥᠭ᠌ᠵᠢᠭᠡᠵᠦ᠍᠂ 《ᠠᠮᠢ ᠠᠬᠤᠢ᠌ᠯᠠᠯ ᠥᠪᠥᠷ ᠮᠣᠩᠭᠤᠯ᠂ ᠪᠣᠬᠢᠷᠲᠤᠯ ᠥᠬᠡᠶ ᠰᠠᠢᠨ ᠠᠮᠲᠠ》 ᠎ᠶ᠋ᠢᠨ ᠳᠦᠷᠢ ᠲᠥᠷᠬᠦ᠌᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠵᠤ᠂ ᠥᠪᠥᠷ ᠮᠣᠩᠭᠤᠯ ᠪᠠ ᠭᠤᠸᠠᠩᠳᠦ᠋ᠩ ᠎ᠤᠨ ᠠᠵᠤ ᠠᠬᠤᠶ᠎ᠶ᠋ᠢᠨ ᠬᠠᠮᠵᠢᠯᠴᠠᠨ ᠬᠥᠭ᠌ᠵᠢᠬᠦ᠌᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠯ᠎ᠤᠨ ᠰᠤᠳᠤᠯᠭᠠᠨ᠎ᠤ ᠬᠦᠷᠢᠶᠡᠯᠡᠩ