ᠣᠢᠷ᠎ᠠ᠎ᠶᠢᠨ ᠵᠢᠯ᠎ᠳᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠵᠥᠪᠯᠡᠯ (ᠳᠣᠷᠣᠭ᠍ᠰᠢ ᠡᠶᠡᠳᠡᠭᠦᠯᠬᠦ᠌ ᠵᠥᠪᠯᠡᠯ ᠭᠡᠵᠦ᠍ ᠲᠣᠪᠴᠢᠯᠠᠨ᠎ᠠ) ᠨᠢ 《ᠡᠶᠡᠳᠡᠭᠦᠯᠦᠯ ᠬᠢᠬᠦ᠎ᠶ᠋ᠢ᠎ᠨᠢ ᠪᠦᠬᠦᠨ᠎ᠢ ᠡᠶᠡᠳᠡᠭᠦᠯᠬᠦ᠂ ᠡᠶᠡᠳᠡᠭᠦᠯᠵᠦ ᠳᠡᠢ᠌ᠯᠬᠦᠶ᠋ᠢᠨᠢ ᠪᠦᠬᠦᠨ᠎ᠢ ᠡᠶᠡᠳᠡᠭᠦᠯᠬᠦ᠌》 ᠵᠠᠷᠴᠢᠮ᠎ᠢ ᠪᠠᠷᠢᠮᠲᠠᠯᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠵᠤ ᠠᠬᠤᠢᠯᠠᠯ᠎ᠤᠨ ᠬᠦᠴᠢᠷᠳᠡᠯ᠎ᠢ ᠲᠠᠢ᠌ᠯᠠᠬᠤ》᠎ᠪᠠᠷ ᠡᠬᠢᠯᠡᠯᠡᠲᠡᠶᠢᠨ ᠴᠡᠭ ᠪᠣᠯᠭᠠᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ ᠤᠷᠢᠳᠴᠢᠯᠠᠨ ᠰᠡᠷᠭᠡᠢᠯᠡᠬᠦ᠌ ᠪᠠ ᠦᠭᠡᠢ᠌ᠰᠭᠡᠬᠦ᠂ ᠨᠡᠢᠭᠡᠮ᠎ᠤᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠂ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠵᠦ᠍᠂ ᠡᠶᠡᠳᠡᠭᠦᠯᠬᠦ᠌ ᠠᠵᠢᠯ᠎ᠤᠨ ᠠᠷᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠪᠠᠷ ᠳᠠᠮᠵᠢᠭᠤᠯᠤᠨ᠂ ᠬᠠᠤᠯᠢ ᠴᠠᠭᠠᠵᠠ᠎ᠶ᠋ᠢᠨ ᠬᠠᠮᠵᠢᠯᠴᠠᠭ᠎ᠠ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠵᠥᠷᠢᠴᠡᠯ ᠵᠢᠭᠤᠷᠠᠯᠳᠤᠭᠠᠨ᠎ᠢ ᠦᠨᠳᠦᠰᠦᠨ ᠱᠠᠲᠤᠨ᠎ᠡᠴᠡ ᠱᠢᠢᠳᠪᠦᠷᠢᠯᠡᠬᠦ᠌᠎ᠪᠠᠷ ᠴᠢᠷᠮᠠᠢ᠌ᠵᠠᠢ᠃
《ᠲᠠᠪᠤᠨ ᠰᠡᠳᠭᠢᠯ᠎ᠤᠨ ᠡᠶᠡᠳᠡᠭᠦᠯᠦᠯ + ᠬᠠᠮ ᠦᠶ᠋ᠯᠡᠴᠢᠯᠡᠭᠡ》 ᠥᠨᠳᠥᠷ ᠪᠦᠲᠦᠮᠵᠢᠲᠡᠶ᠎ᠪᠠᠷ ᠵᠢᠭᠤᠷᠠᠯᠳᠤᠭᠠᠨ᠎ᠢ ᠰᠢᠢ᠍ᠳᠪᠦᠷᠢᠯᠡᠨ᠎ᠡ
5 ᠤᠳᠠᠭᠠᠨ᠎ᠤ ᠬᠡᠤᠬᠡᠳ᠎ᠤᠨ ᠴᠡᠴᠡᠷᠯᠢᠭ᠎ᠤᠨ ᠣᠯᠠᠨ ᠨᠡᠢᠲᠡ᠎ᠶ᠋ᠢᠨ ᠸᠢᠴᠠᠲ ᠲᠠᠪᠴᠠᠩ᠎ᠤᠨ ᠵᠢᠷᠣᠭ᠎ᠤᠨ ᠬᠡᠪᠯᠡᠯ᠎ᠤᠨ ᠡᠷᠬᠡ᠎ᠶ᠋ᠢᠨ ᠵᠢᠭᠤᠷᠠᠯᠳᠤᠭᠠᠨ᠎ᠤ ᠱᠢᠷᠢᠰ ᠬᠡᠷᠡᠭ᠎ᠲᠤ᠌᠂ ᠡᠶᠡᠳᠡᠭᠦᠯᠦᠭ᠌ᠴᠢ ᠲᠤᠬᠠᠶ᠎ᠶ᠋ᠢᠨ ᠭᠠᠵᠠᠷ᠎ᠢᠶᠠᠷ ᠰᠤᠷᠪᠤᠯᠵᠢᠯᠠᠬᠤ᠎ᠪᠠᠷ ᠳᠠᠮᠵᠢᠭᠤᠯᠤᠨ᠂ 《ᠬᠠᠤᠯᠢ ᠲᠣᠭ᠍ᠲᠠᠭᠠᠯ᠎ᠤᠨ ᠲᠠᠢᠯᠤᠮᠵᠢ + ᠬᠡᠷᠡᠭ᠎ᠤᠨ ᠵᠢᠱ᠌ᠢᠶ᠎ᠡ ᠶᠢᠨ ᠵᠠᠳᠠᠯᠤᠯᠲᠠ》 ᠶᠢᠨ ᠬᠡᠯᠪᠡᠷᠢ᠎ᠪᠠᠷ ᠬᠤᠯᠪᠣᠭᠳᠠᠬᠤ ᠬᠥᠮᠦᠨ᠎ᠤ ᠲᠣᠭ᠍ᠲᠠᠭᠠᠯ᠎ᠳᠤ ᠨᠡᠢ᠌ᠴᠡᠭᠦᠯᠬᠦ ᠦᠵᠡᠯ ᠤᠬᠠᠮᠰᠠᠷ᠎ᠢ ᠴᠢᠩᠭᠠᠷᠠᠭᠤᠯᠵᠤ᠂ 《ᠨᠢᠷᠤᠭᠤ ᠨᠢᠷᠤᠭᠤ ᠪᠠᠨ ᠲᠦᠰᠢᠬᠦ》 ᠨᠡᠪᠲᠡᠷᠡᠯᠴᠡᠬᠦ᠌ ᠠᠷᠭ᠎ᠠ ᠪᠣᠳᠣᠯᠭ᠎ᠠ᠎ᠶ᠋ᠢ ᠬᠡᠷᠡᠭ᠌ᠯᠡᠨ ᠡᠶᠡᠳᠡᠭᠦᠯᠦᠯ ᠶ᠋ᠢ ᠠᠬᠢᠭᠤᠯᠵᠤ᠂ ᠬᠠᠮᠢᠶ᠎ᠠ ᠪᠥᠬᠦᠶ ᠨᠢᠭᠡᠴᠢ ᠶ᠋ᠢᠨ 《ᠭᠤᠷᠪᠠᠨ ᠱᠢᠭᠦᠯᠲᠡ ᠭᠤᠷᠪᠠᠨ ᠬᠠᠷᠠᠭᠤᠭᠤᠯᠲᠠ》 ᠶ᠋ᠢᠨ ᠮᠡᠳᠡᠭᠡ ᠵᠠᠩᠭᠢ ᠶᠢ ᠨᠡᠢ᠌ᠳᠡᠯᠡᠵᠦ ᠬᠢᠨᠠᠨ ᠪᠠᠢᠴᠠᠭᠠᠬᠤ ᠲᠤᠭᠲᠠᠯᠴᠠᠭ᠎ᠠ ᠪᠠᠢᠭᠤᠯᠬᠤ᠎ᠶ᠋ᠢ ᠳᠥᠯᠭᠢᠨ ᠠᠬᠢᠭᠤᠯᠵᠤ᠂ ᠡᠷᠬᠡ᠎ᠳᠤ ᠬᠠᠯᠳᠠᠬᠤ ᠲᠦᠭ᠌ᠰᠢᠭᠦᠷᠢ᠎ᠶ᠋ᠢ ᠡᠬᠢ ᠡᠭᠦᠰᠦᠯ᠎ᠠᠴᠠ᠎ᠨᠢ ᠰᠡᠷᠭᠡᠢ᠌ᠯᠡᠵᠡᠢ᠃ ᠡᠶᠡᠳᠡᠭᠦᠯᠬᠦ ᠵᠥᠪᠯᠡᠯ᠎ᠤᠨ ᠪᠠᠢᠭᠤᠯᠤᠭ᠍ᠰᠠᠨ 《ᠲᠠᠪᠤᠨ ᠰᠡᠳᠭᠢᠯ᠎ᠤᠨ ᠡᠶᠡᠳᠡᠭᠦᠯᠦᠯ》 (ᠲᠤᠬᠠᠢᠯᠠᠪᠠᠯ ᠬᠦᠯᠢᠴᠡᠩᠭᠦᠶ᠎ᠪᠠᠷ ᠰᠣᠨᠣᠰᠭᠤ᠂ ᠲᠥᠪ ᠭᠤᠤᠯᠴᠢ᠎ᠪᠠᠷ ᠶᠣᠰᠣ ᠬᠡᠯᠡᠯᠴᠡᠬᠦ᠂ ᠰᠡᠳᠭᠢᠯ ᠨᠢᠭᠡᠳᠦᠨ ᠨᠡᠪᠲᠡᠷᠡᠯᠴᠡᠬᠦ᠂ ᠪᠦᠬᠦ᠌ ᠰᠡᠳᠭᠢᠯ᠎ᠢᠶᠠᠷ᠎ᠢᠶᠠᠨ ᠬᠠᠷᠢᠭᠤ ᠰᠤᠷᠪᠤᠯᠵᠢᠯᠠᠬᠤ᠂ ᠦᠨᠡᠨ ᠰᠡᠳᠭᠢᠯ᠎ᠠᠴᠠ᠎ᠪᠠᠨ ᠱᠢᠢᠳᠪᠦᠷᠢᠯᠡᠬᠦ᠌) ᠠᠵᠢᠯ᠎ᠤᠨ ᠲᠤᠭᠲᠠᠯᠴᠠᠭ᠎ᠠ ᠨᠢ᠂ ᠬᠠᠤᠯᠢ ᠴᠠᠭᠠᠵᠠ᠎ᠶ᠋ᠢᠨ ᠨᠠᠷᠢᠨ ᠬᠢᠨᠠᠮᠠᠭ᠋ᠠᠢ ᠴᠢᠨᠠᠷ ᠪᠠ ᠬᠥᠮᠦᠨ ᠨᠡᠢᠭᠡᠮ᠎ᠤᠨ ᠬᠠᠯᠠᠮᠵᠢᠯᠠᠯ᠎ᠢ ᠬᠠᠮᠲᠤ᠎ᠳᠤ ᠨᠢ ᠬᠠᠷᠠᠭᠠᠯᠵᠠᠵᠤ᠂ ᠬᠤᠯᠪᠤᠭᠳᠠᠬᠤ ᠬᠥᠮᠦᠨ᠎ᠤ ᠡᠰᠡᠷᠭᠦᠴᠡᠯᠳᠦᠬᠦ᠌ ᠰᠡᠳᠭᠢᠯᠭᠡ᠎ᠶ᠋ᠢ ᠪᠦᠲᠦᠮᠵᠢᠲᠡᠶ᠎ᠪᠠᠷ ᠨᠠᠮᠳᠠᠭᠤᠯᠵᠤ᠂ ᠡᠶᠡᠳᠡᠭᠦᠯᠬᠦ᠌ ᠬᠡᠯᠡᠯᠴᠡᠭᠡᠷ᠎ᠤᠨ ᠭᠦᠢᠴᠡᠳᠭᠡᠬᠦ᠌ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠬᠡᠪᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ 《ᠰᠠᠨᠠᠭ᠋ᠠᠴᠢᠯᠠᠭ᠋ᠠᠲᠣ ᠪᠤᠰᠤ᠎ᠪᠠᠷ ᠲᠤᠭᠳᠠᠭ᠋ᠠᠯ᠎ᠳᠤ ᠨᠡᠢ᠌ᠴᠡᠭᠦᠯᠬᠦ》 ᠠᠴᠠ 《ᠰᠠᠨᠠᠭᠠᠴᠢᠯᠠᠭ᠎ᠠ ᠡᠴᠡ ᠪᠠᠨ ᠦᠢᠯᠡᠳᠦᠯᠭᠡᠵᠢᠭᠦᠯᠬᠦ᠌》 ᠪᠤᠯᠠᠭ᠋ᠠᠨ ᠬᠤᠪᠢᠷᠠᠭᠤᠯᠬᠤ᠎ᠶ᠋ᠢ ᠲᠦᠯᠬᠢᠨ ᠠᠬᠢᠭᠤᠯᠤᠭ᠍ᠰᠠᠨ᠎ᠢᠶᠠᠷ ᠪᠠᠷᠠᠬᠤ ᠦᠭᠡᠢ᠂ ᠨᠠᠩ ᠴᠦ᠍ ᠬᠡᠪᠯᠡᠯ᠎ᠤᠨ ᠡᠷᠬᠡ᠎ᠶ᠋ᠢ ᠬᠠᠮᠠᠭᠠᠯᠠᠬᠤ ᠤᠬᠠᠮᠰᠠᠷ᠎ᠨᠢ ᠣᠷᠢᠳᠴᠢᠯᠠᠯ ᠰᠤᠷᠭ᠋ᠠᠨ ᠬᠦᠮᠦᠵᠢᠯ ᠦᠨ ᠬᠦᠷᠢᠶ᠎ᠡ ᠴᠠᠷᠠᠭ᠋ᠠᠨ᠎ᠳᠤ ᠦᠨᠳᠦᠰᠦᠯᠡᠬᠦ᠌᠎ᠶ᠋ᠢ ᠪᠡᠶᠡᠯᠡᠭᠦᠯᠪᠡ᠃
《ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌ + ᠬᠠᠮᠵᠢᠯᠴᠠᠨ ᠲᠦᠷᠭᠡᠨ ᠡᠶᠡᠳᠡᠭᠦᠯᠬᠦ》 ᠪᠤᠳᠤᠯᠢᠶᠠᠨᠲᠠᠶ ᠮᠠᠷᠭᠤᠯᠳᠤᠭᠠᠨ᠎ᠢ ᠰᠢᠢ᠍ᠳᠪᠦᠷᠢᠯᠡᠨ᠎ᠡ
ᠡᠶᠡᠳᠡᠭᠦᠯᠬᠦ ᠵᠦᠪᠯᠡᠯ᠎ᠨᠢ ᠠᠳᠠᠯᠢ ᠪᠤᠰᠤ ᠭᠤᠣᠯ ᠴᠣᠭ᠍ᠴᠠ᠎ᠶ᠋ᠢᠨ ᠣᠨᠴᠠᠯᠢᠭ᠎ᠢ ᠦᠨᠳᠦᠰᠦᠯᠡᠨ᠂ ᠲᠥᠷᠥᠯ ᠬᠤᠪᠢᠶᠠᠨ ᠠᠷᠭ᠎ᠠ ᠪᠤᠳᠣᠯᠭ᠎ᠠ ᠬᠡᠷᠡᠭᠵᠢᠭᠦᠯᠬᠦ ᠡᠶᠡᠳᠡᠭᠦᠯᠦᠯᠦᠨ ᠠᠷᠭ᠎ᠠ ᠪᠣᠳᠣᠯᠭ᠎ᠠ᠎ᠶ᠋ᠢ ᠬᠡᠷᠡᠭᠯᠡᠵᠡᠢ᠃ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠶ᠋ᠢᠨ 《ᠶᠠᠷᠢᠶ᠎ᠠ ᠬᠡᠯᠡᠯᠴᠡᠭᠡᠨ᠎ᠤ ᠪᠠᠢᠳᠠᠯ᠎ᠤᠨ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠎ᠶ᠋ᠢ ᠴᠢᠬᠤᠯᠠᠴᠢᠯᠠᠬᠤ》 ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠥᠨᠳᠥᠷ ᠪᠦᠲᠦᠮᠵᠢᠲᠡᠶ᠎ᠪᠠᠷ ᠨᠡᠪᠲᠡᠷᠡᠯᠴᠡᠬᠦ᠌ ᠪᠠ ᠲᠥᠷᠥᠯ᠎ᠤᠨ ᠬᠡᠷᠡᠭ ᠤᠨ ᠯᠠᠪᠯᠠᠯᠲᠠ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠡᠯᠢᠶᠡᠳ ᠥᠨᠳᠥᠷ ᠡᠶᠡᠳᠡᠭᠦᠯᠦᠯᠦᠨ ᠨᠣᠷᠮ᠎ᠠ᠎ᠶ᠋ᠢ ᠪᠠᠲᠤᠯᠠᠵᠠᠢ᠃ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠤ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠪᠠ ᠣᠶᠤᠨᠴᠢ᠎ᠪᠠᠷ ᠵᠥᠪᠳᠡᠯᠴᠡᠬᠦ᠌᠎ᠶ᠋ᠢ ᠴᠢᠩᠭᠠᠳᠭᠠᠵᠤ᠂ ᠬᠡᠰᠡᠭ ᠬᠡᠷᠡᠭ᠎ᠢ 《ᠡᠶᠡᠳᠡᠭᠦᠯᠬᠦ᠌᠎ᠶ᠋ᠢ ᠲᠡᠪᠴᠢᠬᠦ᠌》 ᠪᠠᠢᠭ᠍ᠰᠠᠨ᠎ᠠᠴᠠ 《ᠣᠶᠤᠨᠴᠢ᠎ᠪᠠᠷ ᠵᠥᠪᠳᠡᠯᠴᠡᠬᠦ᠌》 ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠡᠭᠦᠨ᠎ᠤ ᠬᠠᠮᠲᠤ᠌᠂ ᠮᠠᠷᠭᠤᠭᠠᠨ᠎ᠢ ᠡᠶᠡᠳᠡᠭᠦᠯᠬᠦ᠌᠎ᠶ᠋ᠢᠨ ᠬᠠᠮᠵᠢᠯᠴᠠᠬᠤ ᠴᠢᠨᠠᠷ ᠪᠠ ᠦᠷ᠎ᠡ ᠪᠦᠲᠦᠮᠵᠢ᠎ᠶ᠋ᠢᠨ ᠴᠢᠨᠠᠷ᠎ᠢ ᠵᠡᠷᠭᠡ᠎ᠪᠠᠷ ᠬᠠᠷᠠᠭ᠋ᠠᠯᠵᠠᠵᠠᠢ᠃ 60 ᠲᠦᠮᠡᠨ ᠲᠥᠭᠦᠷᠢᠭ᠎ᠤᠨ ᠥᠷᠲᠡᠭ ᠪᠥᠬᠦᠶ IPTV ᠮᠡᠳᠡᠭᠡ ᠵᠠᠩᠭᠢ᠎ᠶ᠋ᠢᠨ ᠰᠦᠯᠵᠢᠶᠡᠨ᠎ᠤ ᠳᠠᠮᠵᠢᠭᠤᠯᠭ᠎ᠠ᠎ᠶ᠋ᠢᠨ ᠡᠷᠬᠡ᠎ᠶ᠋ᠢᠨ ᠵᠢᠭᠤᠷᠠᠯᠳᠤᠭᠠᠨ᠎ᠢ ᠡᠶᠡᠳᠡᠭᠦᠯᠬᠦ᠌ ᠦᠶ᠎ᠡ᠎ᠳᠤ᠂ ᠡᠶᠡᠳᠡᠭᠦᠯᠬᠦ᠌ ᠵᠦᠪᠯᠡᠯ ᠡᠴᠡ ᠨᠠᠮ᠎ᠤᠨ ᠭᠡᠱᠢᠭᠦᠨ ᠪᠠ ᠡᠮᠡᠭ᠌ᠲᠡᠢᠴᠦᠳ᠎ᠤᠨ ᠡᠶᠡᠳᠡᠭᠦᠯᠦᠭ᠌ᠴᠢ ᠵᠢᠴᠢ ᠮᠡᠷᠭᠡᠵᠢᠯ᠂ ᠬᠠᠤᠯᠢ ᠴᠠᠭᠠᠵᠠ᠎ᠶ᠋ᠢᠨ ᠲᠤᠰᠭᠠᠶ ᠮᠡᠷᠭᠡᠵᠢᠯᠲᠡᠨ᠎ᠢᠶᠠᠷ ᠪᠦᠷᠢᠯᠳᠦᠭ᠌ᠰᠡᠨ ᠲᠦᠷᠭᠡᠨ ᠡᠶᠡᠳᠡᠭᠦᠯᠬᠦ᠌ ᠪᠦᠯᠬᠦᠮ᠎ᠢ ᠵᠣᠬᠢᠶᠠᠨ ᠪᠠᠢᠭᠤᠯᠵᠤ᠂ 《ᠲᠥᠷᠥᠯ᠎ᠤᠨ ᠬᠡᠷᠡᠭ᠎ᠤᠨ ᠯᠠᠪᠯᠠᠯᠲᠠ + ᠤᠶᠤᠨ ᠴᠢᠨᠠᠷᠲᠠᠢ ᠡᠶᠡᠳᠡᠭᠦᠯᠦᠯ + ᠲᠤᠰᠭᠠᠶ ᠮᠡᠷᠭᠡᠵᠢᠯ᠎ᠤᠨ ᠲᠤᠯᠭᠠᠭᠤᠷᠢᠯᠠᠯ》 ᠭᠤᠷᠪᠠ᠎ᠶ᠋ᠢ ᠨᠢᠭᠡᠳᠭᠡᠭᠰᠡᠨ ᠵᠢᠭᠤᠷᠠᠯᠳᠤᠭᠠᠨ᠎ᠢ ᠱᠢᠢᠳᠪᠦᠷᠢᠯᠡᠬᠦ᠌ ᠵᠠᠭ᠍ᠪᠤᠷ᠎ᠢ ᠱᠢᠨ᠎ᠡ᠎ᠪᠠᠷ ᠡᠭᠦᠳᠴᠦ᠍᠂ ᠡᠴᠦᠰ᠎ᠲᠡᠭᠡᠨ 10 ᠲᠦᠮᠡᠨ ᠲᠥᠭᠦᠷᠢᠭ᠎ᠢᠶᠠᠷ ᠡᠶᠡᠳᠡᠭᠦᠯᠵᠦ᠍᠂ ᠬᠤᠶᠠᠷ ᠲᠠᠯ᠎ᠠ᠎ᠶ᠋ᠢᠨ ᠬᠤᠢᠱᠢᠳᠠ᠎ᠶ᠋ᠢᠨ ᠬᠠᠮᠲᠤᠷᠠᠯᠴᠠᠭ᠎ᠠ᠎ᠳᠤ ᠣᠷᠣᠨ ᠵᠠᠶ ᠦᠯᠡᠳᠡᠭᠡᠵᠦ᠍᠂ 《ᠱᠢᠨ᠎ᠡ᠎ᠶ᠋ᠢ ᠡᠭᠦᠳᠬᠦ᠌᠎ᠶ᠋ᠢ ᠬᠦᠨᠳᠦᠳᠭᠡᠬᠦ᠂ ᠲᠣᠭ᠍ᠲᠠᠭᠠᠯ᠎ᠳᠤ ᠨᠡᠢᠴᠡᠭᠦᠯᠦᠨ ᠬᠥᠭ᠌ᠵᠢᠭᠦᠯᠬᠦ᠌》 ᠠᠵᠢᠯ ᠲᠥᠷᠥᠯ᠎ᠤᠨ ᠠᠮᠢ ᠠᠬᠤᠶ᠎ᠶ᠋ᠢ ᠪᠣᠶ ᠪᠣᠯᠭᠠᠬᠤ᠎ᠳᠤ ᠬᠦᠴᠦᠨ ᠨᠡᠮᠡᠷᠢᠯᠡᠪᠡ᠃
《ᠬᠥᠨᠳᠡᠯᠡᠨ ᠴᠢᠭ᠌ᠯᠡᠯ᠎ᠢᠶᠠᠷ ᠬᠤᠯᠪᠣᠭᠠᠯᠠᠨ ᠬᠥᠳᠡᠯᠦᠯᠴᠡᠬᠦ᠌ + ᠱᠠᠲᠣᠯᠢᠭᠢᠶᠠᠷ ᠬᠦᠴᠦᠨ ᠣᠯᠭᠤᠬᠤ》 ᠣᠯᠠᠨ ᠡᠱᠢᠲᠦ ᠵᠢᠭᠤᠷᠠᠯᠳᠤᠭᠠᠨ᠎ᠢ ᠱᠢᠢᠳᠪᠦᠷᠢᠯᠡᠬᠦ᠌ ᠲᠤᠭᠲᠠᠯᠴᠠᠭ᠎ᠠ ᠪᠠᠢ᠌ᠭᠤᠯᠤᠨ᠎ᠠ
ᠡᠶᠡᠳᠡᠭᠦᠯᠬᠦ᠌ ᠵᠦᠪᠯᠡᠯ᠎ᠨᠢ ᠬᠥᠬᠡᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠎ᠲᠠᠢ 《ᠱᠢᠭᠦᠬᠦ᠌ ᠬᠤᠷᠢᠶ᠎ᠠ᠎ᠠᠴᠠ ᠲᠣᠮᠢᠯᠠᠬᠤ — ᠲᠥᠪ᠎ᠠᠴᠠ ᠡᠶᠡᠳᠡᠭᠦᠯᠬᠦ — ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠬᠤ》 ᠬᠠᠮᠵᠢᠯᠴᠠᠬᠤ ᠲᠤᠭᠲᠠᠯᠴᠠᠭ᠎ᠠ᠎ᠶ᠋ᠢ ᠪᠠᠢᠭᠤᠯᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ ᠣᠯᠠᠨ ᠡᠱᠢᠵᠢᠭᠦᠯᠦᠨ ᠱᠢᠢᠳᠪᠦᠷᠢᠯᠡᠬᠦ᠌ ᠲᠤᠭᠲᠠᠯᠴᠠᠭ᠎ᠠ᠎ᠶ᠋ᠢ ᠲᠤᠰᠭᠠᠢᠵᠢᠭᠤᠯᠬᠤ᠂ ᠬᠠᠮᠵᠢᠯᠴᠠᠭᠤᠯᠬᠤ ᠲᠠᠯ᠎ᠠ ᠶᠢᠨ ᠬᠦᠭᠵᠢᠯᠲᠡ᠎ᠶ᠋ᠢ ᠠᠬᠢᠭᠤᠯᠵᠠᠢ᠃ ᠬᠥᠬᠡᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶᠠᠨ᠎ᠠᠴᠠ ᠲᠣᠮᠢᠯᠠᠭ᠍ᠰᠠᠨ 44 ᠬᠤᠪᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠶᠡᠳᠡᠭᠦᠯᠦᠯᠦᠨ ᠬᠡᠷᠡᠭ᠎ᠢ ᠬᠦᠯᠢᠶᠠᠨ ᠠᠪᠬᠤ ᠳᠣᠮᠳᠠ᠂ 《ᠬᠠᠭᠣᠴᠢᠨ ᠨᠢ ᠰᠢᠨ᠎ᠡ᠎ᠪᠡᠨ ᠳᠠᠭ᠋ᠠᠭᠤᠯᠬᠤ — ᠬᠠᠣᠯᠢ ᠵᠦᠢ ᠨᠡᠢ᠌ᠷ ᠰᠡᠳᠭᠢᠯᠭᠡ 》 ᠶᠢᠨ ᠬᠤᠣᠰ ᠬᠥᠳᠡᠯᠭᠡᠭᠦᠷ ᠠᠵᠢᠯ᠎ᠤᠨ ᠵᠠᠭ᠍ᠪᠤᠷ᠎ᠢ ᠱᠢᠨ᠎ᠡ᠎ᠪᠠᠷ ᠡᠭᠦᠳᠦᠨ ᠬᠡᠷᠡᠭ᠌ᠯᠡᠵᠦ᠍᠂ ᠱᠢᠨ᠎ᠡ ᠬᠠᠭᠤᠴᠢᠨ ᠡᠶᠡᠳᠡᠭᠦᠯᠦᠭ᠌ᠴᠢ᠎ᠶ᠋ᠢᠨ ᠲᠤᠰ ᠲᠤᠰ᠎ᠤᠨ ᠳᠠᠪᠠᠭᠤᠯᠢᠭ ᠢᠶᠠᠨ ᠤᠶᠠᠯᠳᠤᠭᠤᠯᠤᠨ᠂ ᠬᠠᠤᠯᠢ ᠵᠦᠢ᠎ᠶ᠋ᠢᠨ ᠲᠠᠢᠯᠪᠤᠷᠢᠯᠠᠯᠲᠠ ᠪᠠ ᠬᠠᠢᠷ᠎ᠠ ᠰᠡᠳᠭᠢᠯᠭᠡ᠎ᠶ᠋ᠢᠨ ᠵᠢᠯᠣᠭᠤᠳᠤᠯᠭ᠎ᠠ᠎ᠪᠠᠷ ᠳᠠᠮᠵᠢᠭᠤᠯᠤᠨ᠂ ᠶᠡᠭᠡ ᠬᠡᠮᠵᠢᠶᠡᠨ᠎ᠤ ᠮᠠᠷᠭᠤᠯᠳᠤᠭᠠᠨ ᠪᠠ ᠭᠠᠳᠠᠷ ᠳᠦᠷᠰᠦ᠎ᠶ᠋ᠢᠨ ᠵᠢᠷᠤᠭ ᠲᠥᠯᠥᠪᠯᠡᠭᠡᠨ᠎ᠤ ᠲᠤᠰᠭᠠᠢ ᠠᠱᠢᠭ᠂ ᠺᠣᠮᠫᠢᠦ᠋ᠲ᠋ᠧᠷ᠎ᠤᠨ ᠵᠥᠭᠡᠯᠡᠨ ᠲᠣᠨᠤᠭ᠎ᠤᠨ ᠵᠤᠬᠢᠶᠠᠨ ᠪᠦᠲᠦᠭᠡᠬᠦ ᠡᠷᠬᠡ᠎ᠶ᠋ᠢᠨ ᠡᠷᠬᠡ᠎ᠳᠤ ᠬᠠᠯᠳᠠᠬᠤ ᠵᠡᠷᠭᠡ ᠱᠢᠨ᠎ᠡ ᠬᠡᠯᠪᠡᠷᠢ᠎ᠶ᠋ᠢᠨ ᠵᠢᠭᠤᠷᠠᠯᠳᠤᠭᠠᠨ᠎ᠢ ᠠᠮᠵᠢᠯᠲᠠ᠎ᠲᠠᠢ᠎ᠪᠠᠷ ᠣᠯᠠᠨ ᠤᠳᠠᠭ᠎ᠠ ᠱᠢᠢᠳᠪᠦᠷᠢᠯᠡᠵᠦ᠍᠂ ᠵᠥᠪᠬᠡᠨ ᠬᠥᠬᠡᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶᠠᠨ᠎ᠠᠴᠠ ᠲᠣᠮᠢᠯᠠᠭ᠍ᠰᠠᠨ ᠬᠡᠷᠡᠭ᠎ᠢ 40 ᠭᠠᠷᠤᠢ ᠲᠦᠮᠡᠨ ᠲᠥᠭᠦᠷᠢᠭ ᠪᠣᠯᠭᠠᠨ ᠡᠶᠡᠳᠡᠭᠦᠯᠵᠦ᠂ ᠠᠳᠠᠯᠢ ᠬᠡᠯᠪᠡᠷᠢ᠎ᠶᠢᠨ ᠪᠤᠳᠤᠯᠢᠶᠠᠨᠲᠠᠢ ᠬᠡᠷᠡᠭ᠎ᠢ ᠱᠢᠢᠳᠪᠦᠷᠢᠯᠡᠬᠦ᠌᠎ᠳᠤ ᠲᠤᠷᠱᠢᠯᠭ᠎ᠠ ᠬᠤᠷᠠᠮᠳᠤᠭᠤᠯᠤᠭ᠍ᠰᠠᠨ ᠪᠠᠢᠨ᠎ᠠ᠃
ᠣᠳᠣᠬᠠᠨ ᠪᠣᠯᠲᠠᠯ᠎ᠠ᠂ ᠡᠶᠡᠳᠡᠭᠦᠯᠬᠦ᠌ ᠵᠦᠪᠯᠡᠯ ᠨᠢ ᠬᠥᠬᠡᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠂ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠠᠷᠠᠳ᠎ᠤᠨ ᠱᠢᠭᠦᠬᠦ᠌ ᠬᠤᠷᠢᠶᠠᠨ᠎ᠤ ᠲᠣᠮᠢᠯᠠᠭ᠍ᠰᠠᠨ ᠡᠶᠡᠳᠡᠭᠦᠯᠦᠯᠦᠨ ᠬᠡᠷᠡᠭ᠎ᠢ ᠨᠡᠢᠲᠡ 434 ᠬᠤᠪᠢ ᠭᠥᠯᠢᠶᠡᠨ ᠠᠪᠴᠤ᠌᠂ ᠨᠢᠭᠡᠨᠲᠡ 416 ᠬᠡᠷᠡᠭ᠎ᠢ ᠱᠢᠢᠳᠪᠦᠷᠢᠯᠡᠵᠦ᠍᠂ ᠡᠶᠡᠳᠡᠭᠦᠯᠦᠯ ᠠᠮᠵᠢᠯᠲᠠ ᠤᠯᠣᠭᠰᠠᠨ ᠨᠢ150 ᠬᠤᠪᠢ ᠪᠠᠢ᠌ᠵᠦ᠂ ᠬᠠᠷᠠᠯᠲᠠ᠎ᠶ᠋ᠢᠨ ᠲᠤᠭ᠎ᠠ᠎ᠨᠢ 337.52 ᠲᠦᠮᠡᠨ ᠲᠥᠭᠦᠷᠢᠭ᠎ᠲᠤ ᠬᠦᠷᠴᠡᠶ; ᠡᠶᠡᠳᠡᠭᠦᠯᠦᠯ ᠤᠨ ᠠᠮᠵᠢᠯᠲᠠ ᠤᠯᠣᠭᠰᠠᠨ ᠨᠣᠷᠮ᠎ᠠ᠎ᠨᠢ 73% ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 30% ᠱᠢᠬᠠᠮ ᠨᠡᠮᠡᠭ᠌ᠳᠡᠪᠡ; ᠬᠡᠷᠡᠭ᠎ᠢ ᠡᠶᠡᠳᠡᠭᠦᠯᠬᠦ ᠳᠤᠮᠳᠠᠴᠢ ᠴᠠᠭ᠎ᠨᠢ 10 ᠠᠵᠢᠯᠯᠠᠬᠤ ᠡᠳᠦᠷ ᠪᠣᠯᠲᠠᠯ᠎ᠠ ᠪᠣᠭᠤᠨᠢᠰᠭᠠᠵᠤ᠂ ᠬᠡᠷᠡᠭ ᠱᠢᠢᠳᠪᠦᠷᠢᠯᠡᠬᠦ᠌ ᠦᠷ᠎ᠡ ᠪᠦᠲᠦᠮᠵᠢ᠎ᠨᠢ 54.55%᠎ᠪᠠᠷ ᠳᠡᠭᠡᠭ᠌ᠰᠢᠯᠡᠪᠡ᠃