ᠱᠢᠨ᠎ᠡ ᠲᠣᠭ᠍ᠲᠠᠭᠠᠯ᠎ᠤᠨ ᠲᠠᠢ᠌ᠯᠤᠮᠵᠢ ᠎ᠳᠦ ᠠᠩᠬᠠᠷᠤᠯ᠎ᠢᠶᠠᠨ ᠲᠥᠪᠯᠡᠷᠡᠭᠦᠯᠦᠶ᠎ᠡ ᠥᠪᠥᠷ ᠮᠣᠩᠭᠤᠯ ᠢᠳᠡᠭᠡᠨ ᠤᠮᠳᠠᠭᠠᠨ᠎ᠤ ᠦᠶ᠋ᠯᠡᠴᠢᠯᠡᠭᠡᠨ᠎ᠤ ᠬᠤᠯᠪᠤᠭ᠋ᠠᠲᠦ ᠠᠵᠤ ᠠᠬᠤᠢᠯᠠᠯ᠎ᠤᠨ ᠢᠳᠡᠭᠡᠨ᠎ᠤ ᠠᠮᠤᠷ ᠲᠦᠪᠱᠢᠨ᠎ᠤ ᠰᠦᠯᠵᠢᠶᠡᠨ᠎ᠤ ᠪᠣᠯᠪᠠᠰᠤᠷᠠᠯ ᠡᠷᠭᠢᠯᠡᠪᠡ
2025-12-15

ᠤᠢ᠌ᠷ᠎ᠠ᠎ᠳᠤ᠂ ᠦᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶᠠᠨ ᠎ᠠᠴᠠ ᠢᠳᠡᠭᠡᠨ ᠤᠮᠳᠠᠭᠠᠨ᠎ᠤ ᠦᠶ᠋ᠯᠡᠴᠢᠯᠡᠭᠡᠨ᠎ᠤ ᠬᠤᠯᠪᠤᠭ᠋ᠠᠲᠦ ᠠᠵᠤ ᠠᠬᠤᠢᠯᠠᠯ᠎ᠤᠨ ᠢᠳᠡᠭᠡᠨ᠎ᠤ ᠠᠮᠤᠷ ᠲᠦᠪᠱᠢᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠰᠦᠯᠵᠢᠶᠡᠨ᠎ᠤ ᠪᠤᠯᠪᠠᠰᠣᠷᠠᠯ ᠡᠷᠬᠢᠯᠡᠨ᠂ 12 ᠳ᠋ᠤᠭᠠᠷ ᠰᠠᠷ᠎ᠠ᠎ᠶ᠋ᠢᠨ 1 ᠎ᠤ ᠡᠳᠦᠷ ᠬᠡᠷᠡᠭ᠌ᠵᠢᠭᠦᠯᠦᠭ᠌ᠰᠡᠨ 《ᠢᠳᠡᠭᠡᠨ ᠤᠮᠳᠠᠭᠠᠨ᠎ᠤ ᠦᠶ᠋ᠯᠡᠴᠢᠯᠡᠭᠡᠨ᠎ᠤ ᠬᠤᠯᠪᠤᠭ᠋ᠠᠲᠦ ᠠᠵᠤ ᠠᠬᠤᠢᠯᠠᠯ᠎ᠤᠨ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠭᠠᠯ》 (ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠵᠠᠷᠯᠢᠭ 104 ᠳ᠋ᠦ᠍ᠭᠡᠷ ᠲᠣᠭᠠᠲᠤ) ᠎ᠳᠦ ᠭᠤᠤᠯᠳᠠᠯᠭ᠎ᠠ᠎ᠲᠠᠢ ᠲᠠᠢ᠌ᠯᠤᠮᠵᠢ ᠬᠢᠵᠦ᠂ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ᠌ ᠎ᠶᠢ ᠳᠡᠮᠵᠢᠵᠦ᠂ ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠬᠦᠴᠦᠨ ᠴᠢᠳᠠᠯ᠎ᠢᠶᠠᠨ ᠳᠡᠭᠡᠭᠰᠢᠯᠡᠭᠦᠯᠦᠨ᠎ᠡ᠃

ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠬᠤᠯᠪᠤᠭ᠋ᠠᠲᠦ ᠠᠵᠤ ᠠᠬᠤᠢᠯᠠᠯ᠎ᠤᠨ ᠶᠡᠷᠦᠩᠬᠡᠶ  ᠺᠣᠮᠫᠠᠨᠢ᠂ ᠬᠤᠪᠢᠶᠠᠷᠢ ᠪᠠᠢᠭᠤᠯᠤᠮᠵᠢ᠂ ᠡᠭᠦᠳᠡᠨ ᠳᠡᠯᠭᠡᠭᠦᠷ ᠲᠣᠰ ᠲᠣᠰ᠎ᠤᠨ ᠡᠭᠦᠷᠭᠡᠯᠡᠪᠡᠰᠦ ᠵᠣᠬᠢᠬᠤ ᠢᠳᠡᠭᠡᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠂ 《ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠨᠠᠷᠢᠨ ᠲᠠᠩᠰᠠ》᠎ᠶ᠋ᠢ ᠬᠡᠷᠬᠢᠨ ᠲᠣᠭ᠍ᠲᠠᠭᠠᠬᠤ᠂ ᠡᠳᠦᠷ᠎ᠢᠶᠠᠷ ᠬᠠᠮᠢᠶᠠᠷᠤᠨ ᠡᠵᠡᠮᠳᠡᠬᠦ᠂ ᠭᠠᠷᠠᠭ᠎ᠢᠶᠠᠷ ᠵᠢᠭ᠍ᠰᠠᠭᠠᠨ ᠪᠠᠢᠴᠠᠭᠠᠬᠤ᠂ ᠰᠠᠷ᠎ᠠ᠎ᠪᠠᠷ ᠳᠣᠭᠢᠷᠠᠭᠤᠯᠬᠤ ᠲᠦᠷᠢᠮ ᠪᠠ ᠲᠤᠭᠲᠠᠯᠴᠠᠭ᠎ᠠ᠎ᠶ᠋ᠢ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠭᠤᠤᠯᠳᠠᠯᠭ᠎ᠠ᠎ᠲᠠᠢ ᠠᠭᠤᠯᠭ᠎ᠠ᠎ᠳᠤ ᠴᠢᠭ᠌ᠯᠡᠭᠦᠯᠦᠨ ᠲᠠᠢᠯᠤᠮᠵᠢ ᠬᠢᠵᠦ᠍᠂ ᠠᠵᠤ ᠠᠬᠤᠢᠯᠠᠯ᠎ᠢ ᠱᠢᠮᠳᠠᠭᠤᠯᠵᠤ ᠪᠠᠢᠭᠠᠳ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢ᠌ᠯᠡᠨ᠎ᠡ᠃

ᠪᠦᠬᠦ᠌ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠢᠳᠡᠭᠡᠨ᠎ᠤ ᠠᠮᠤᠷ ᠲᠦᠪᠱᠢᠨ᠎ᠤ ᠬᠦᠷᠢᠶ᠎ᠡ ᠴᠠᠷᠠᠭ᠎ᠠ ᠎ᠳᠠᠬᠢ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠎ᠳᠤ ᠴᠢᠭ᠌ᠯᠡᠭᠦᠯᠦᠨ᠂ ᠱᠢᠨ᠎ᠡ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤ᠎ᠨᠢ ᠳᠠᠮᠵᠢᠭᠤᠯᠵᠦ᠂ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠨ᠂ ᠱᠢᠨ᠎ᠡ ᠲᠣᠭ᠍ᠲᠠᠭᠠᠯ᠎ᠤᠨ ᠱᠠᠭᠠᠷᠳᠠᠯᠭ᠎ᠠ᠎ᠶ᠋ᠢ ᠡᠳᠦᠷ ᠲᠤᠲᠤᠮ᠎ᠤᠨ ᠠᠵᠢᠯ᠎ᠳᠤ ᠎ᠪᠠᠨ ᠲᠦᠷᠭᠡᠬᠡᠨ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠢᠷᠢ ᠲᠦᠪᠰᠢᠨ ᠎ᠢ ᠦᠨᠡᠨ ᠬᠦ᠌ ᠳᠡᠭᠡᠭ᠌ᠰᠢᠯᠡᠭᠦᠯᠦᠨ᠂ ᠢᠳᠡᠭᠡᠨ ᠤᠮᠳᠠᠭᠠᠨ᠎ᠤ ᠦᠶ᠋ᠯᠡᠴᠢᠯᠡᠭᠡᠨ᠎ᠤ ᠬᠤᠯᠪᠤᠭ᠋ᠠᠲᠦ ᠡᠵᠡᠩᠨᠡᠯᠲᠡ᠎ᠶᠢᠨ ᠢᠳᠡᠭᠡᠨ᠎ᠤ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠪᠥᠬᠦ᠌ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠢᠳᠡᠭᠡᠨ᠎ᠤ ᠠᠮᠤᠷ ᠲᠦᠪᠱᠢᠨ᠎ᠤ ᠬᠦᠷᠢᠶ᠎ᠡ ᠴᠠᠷᠠᠭ᠎ᠠ ᠎ᠳᠠᠬᠢ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠴᠠᠷᠠᠭ᠎ᠠ᠎ᠳᠠᠬᠢ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠬᠤᠯᠪᠤᠭ᠋ᠠᠲᠦ ᠠᠵᠤ ᠠᠬᠤᠢᠯᠠᠯ᠎ᠤᠨ ᠶᠡᠷᠦᠩᠬᠡᠶ ᠺᠣᠮᠫᠠᠨᠢ᠂ ᠬᠤᠪᠢᠶᠠᠷᠢ ᠪᠠᠢᠭᠤᠯᠤᠮᠵᠢ᠂ ᠲᠥᠪ ᠲᠣᠭᠤᠭᠠᠨ ᠬᠡᠷ᠎ᠤᠨ ᠬᠠᠷᠢᠭᠤᠴᠠᠯᠭᠠᠲᠠᠨ᠂ ᠢᠳᠡᠭᠡᠨ᠎ᠤ ᠠᠮᠤᠷ ᠲᠦᠪᠱᠢᠨ᠎ᠤ ᠶᠡᠷᠦᠩᠬᠡᠶ ᠬᠢᠨᠠᠭ᠍ᠴᠢ᠂ ᠢᠳᠡᠭᠡᠨ᠎ᠤ ᠠᠮᠤᠷ ᠲᠦᠪᠱᠢᠨ᠎ᠤ ᠠᠵᠢᠯᠲᠠᠨ ᠵᠡᠷᠭᠡ ᠨᠡᠢᠲᠡ 1.9 ᠲᠦᠮᠡᠨ ᠬᠥᠮᠦᠨ ᠤᠳᠠᠭ᠎ᠠ ᠲᠣᠰ ᠤᠳᠠᠭᠠᠨ᠎ᠤ ᠪᠤᠯᠪᠠᠰᠣᠷᠠᠯ᠎ᠳᠤ ᠣᠷᠣᠯᠴᠠᠪᠠ᠃

ᠢᠷᠡᠯᠲᠡ᠄ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠭᠠᠵᠠᠷ