12 ᠳ᠋ᠤᠭᠠᠷ ᠰᠠᠷ᠎ᠠ᠎ᠶ᠋ᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠱᠢᠨ᠎ᠡ᠎ᠪᠠᠷ ᠳᠡᠪᠱᠢᠭ᠌ᠰᠡᠨ ᠤᠳᠤᠷᠢᠳᠭᠤ ᠺᠠᠳ᠋ᠷ᠎ᠤᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ ᠶᠠᠪᠤᠭᠳᠠᠭᠤᠯᠵᠤ᠂ ᠱᠢᠨ᠎ᠡ᠎ᠪᠠᠷ ᠲᠤᠱᠢᠶᠠᠯ ᠡᠭᠦᠷᠭᠡᠯᠡᠭ᠌ᠰᠡᠨ 29 ᠺᠠᠳ᠋ᠷ ᠤᠯᠤᠰ᠎ᠤᠨ ᠲᠤᠭ ᠪᠠ ᠤᠯᠤᠰ᠎ᠤᠨ ᠰᠦᠯᠳᠡ᠎ᠳᠤ ᠬᠠᠨᠳᠤᠵᠤ᠂ ᠦᠨᠳᠦᠰᠦᠨ ᠬᠠᠤᠯᠢ᠎ᠳᠤ ᠦᠨᠡᠨᠴᠢ ᠱᠢᠳᠤᠷᠭᠤ᠂ ᠠᠷᠠᠳ᠎ᠤᠨ ᠲᠥᠯᠥᠭᠡ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠲᠥᠪ ᠴᠢᠩᠭ᠎ᠠ ᠠᠮᠠᠯᠠᠯᠲᠠ ᠬᠢᠪᠠ᠃ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠡᠦ ᠵᠧᠨ ᠴᠢᠩ ᠴᠢᠬᠤᠯᠠᠴᠢᠯᠠᠭ᠍ᠰᠠᠨ᠎ᠨᠢ᠂ ᠦᠨᠳᠦᠰᠦᠨ ᠬᠠᠤᠯᠢ᠎ᠳᠤ ᠲᠠᠩᠭᠠᠷᠢᠭ᠍ᠯᠠᠬᠤ᠎ᠨᠢ ᠲᠥᠪ ᠴᠢᠩᠭ᠎ᠠ ᠠᠷᠢᠭᠤᠨ ᠲᠠᠷᠬᠠᠨ ᠬᠠᠤᠯᠢ ᠴᠠᠭᠠᠵᠠ᠎ᠶ᠋ᠢᠨ ᠵᠢᠷᠤᠮ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠨ ᠬᠠᠤᠯᠢ᠎ᠶ᠋ᠢᠨ ᠡᠷᠬᠡ ᠰᠦᠷ᠎ᠢ ᠢᠯᠡᠷᠡᠭᠦᠯᠬᠦ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠮᠥᠨ᠃
ᠲᠡᠷᠡ᠂ ᠦᠨᠳᠦᠰᠦᠨ ᠬᠠᠤᠯᠢ᠎ᠨᠢ ᠤᠯᠤᠰ᠎ᠤᠨ ᠦᠨᠳᠦᠰᠦ ᠪᠣᠯᠬᠤ ᠬᠠᠤᠯᠢ ᠪᠤᠯᠤᠭᠰᠠᠨ᠎ᠤ ᠬᠤᠪᠢ᠎ᠳᠤ ᠤᠯᠤᠰ᠎ᠢ ᠵᠠᠰᠠᠵᠤ ᠲᠦᠷᠦ᠍᠎ᠶ᠋ᠢ ᠲᠦᠪᠱᠢᠳᠭᠡᠬᠦ᠌ ᠶᠡᠷᠦᠩᠬᠡᠢ ᠲᠦᠷᠢᠮ ᠮᠥᠨ᠂ ᠬᠠᠮᠤᠭ᠎ᠤᠨ ᠳᠡᠭᠡᠳᠦ ᠬᠠᠤᠯᠢ ᠴᠠᠭᠠᠵᠠ᠎ᠶ᠋ᠢᠨ ᠪᠠᠢᠷᠢ ᠰᠠᠭᠤᠷᠢ ᠪᠠ ᠡᠷᠬᠡ ᠰᠦᠷ᠎ᠲᠠᠢ ; ᠦᠨᠳᠦᠰᠦᠨ ᠬᠠᠤᠯᠢ᠎ᠳᠤ ᠲᠠᠩᠭᠠᠷᠢᠭ᠍ᠯᠠᠬᠤ᠎ᠨᠢ ᠮᠥᠨ ᠴᠢᠨᠠᠷ ᠳᠡᠭᠡᠷ᠎ᠡ᠎ᠪᠠᠨ ᠤᠯᠤᠰ᠎ᠲᠤ ᠦᠨᠡᠨᠴᠢ ᠱᠢᠳᠤᠷᠭᠤ᠂ ᠠᠷᠠᠳ ᠲᠦᠮᠡᠨ᠎ᠢ ᠪᠢᠱᠢᠷᠡᠬᠦ᠂ ᠲᠤᠱᠢᠶᠠᠯ ᠬᠠᠷᠢᠭᠤᠴᠠᠯᠭ᠎ᠠ᠎ᠪᠠᠨ ᠪᠠᠲᠤ ᠰᠠᠬᠢᠬᠤ ᠲᠥᠪ ᠴᠢᠩᠭ᠎ᠠ ᠠᠮᠠᠯᠠᠯᠲᠠ ᠮᠥᠨ ᠭᠡᠵᠦ ᠵᠢᠭ᠋ᠠᠨ ᠭᠠᠷᠭ᠋ᠠᠵᠠᠢ᠃
ᠦ᠋ ᠵᠧᠨ ᠴᠢᠩ ᠱᠢᠨ᠎ᠡ᠎ᠪᠠᠷ ᠳᠡᠪᠱᠢᠭ᠌ᠰᠡᠨ ᠺᠠᠳ᠋ᠷᠴᠤᠳ᠎ᠲᠤ ᠳᠥᠷᠪᠡᠨ ᠲᠠᠯ᠎ᠠ᠎ᠶ᠋ᠢᠨ ᠲᠣᠳᠣᠷᠬᠠᠶ ᠱᠠᠭᠠᠷᠳᠠᠯᠭ᠎ᠠ ᠳᠤᠷᠠᠳᠴᠠᠶ᠄ ᠨᠢᠭᠡ᠎ᠳᠤ᠂ ᠦᠨᠡᠨᠴᠢ ᠱᠢᠳᠤᠷᠭᠤ ᠪᠠᠢᠬᠤ ᠰᠦᠭ ᠰᠦᠨᠡᠰᠦ᠎ᠪᠠᠨ ᠪᠠᠲᠤ ᠴᠣᠭᠴᠠᠯᠠᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠦᠢᠯᠡᠳᠦᠯᠭᠡᠵᠢᠭᠦᠯᠵᠦ᠍᠂ ᠦᠨᠳᠦᠰᠦᠨ ᠬᠠᠤᠯᠢ᠎ᠶᠢᠨ ᠬᠦᠨᠳᠦᠳᠭᠡᠯ᠎ᠢᠶᠡᠨ ᠳᠣᠲᠣᠭᠠᠳᠤ ᠰᠡᠳᠭᠢᠯ᠎ᠤᠨ ᠢᠲᠡᠭᠡᠯ ᠪᠢᠱᠢᠷᠡᠯ ᠪᠣᠯᠭᠠᠨ ᠬᠤᠪᠢᠷᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠨ᠂ ᠬᠢᠨᠠᠯᠲᠠ ᠬᠠᠮᠢᠶᠠᠷᠤᠯᠲᠠ ᠶᠢᠨ ᠠᠵᠢᠯ᠎ᠤᠨ ᠴᠢᠭ᠌ᠯᠡᠯ᠎ᠤᠨ ᠵᠥᠪ ᠣᠨᠣᠪᠴᠢᠲᠠᠶ ᠪᠠᠢᠬᠤ᠎ᠶ᠋ᠢ ᠪᠠᠲᠤᠯᠠᠬᠤ ᠬᠡᠷᠡᠭ᠌ᠲᠡᠶ; ᠬᠤᠶᠠᠷ᠎ᠲᠤ᠌᠂ ᠬᠠᠷᠢᠭᠤᠴᠠᠯᠭ᠎ᠠ ᠡᠭᠦᠷᠭᠡᠯᠡᠬᠦ᠌ ᠦᠢ᠍ᠯᠡ ᠠᠵᠢᠯᠯᠠᠭ᠎ᠠ ᠪᠠᠨ ᠦᠢᠯᠡᠳᠦᠯᠭᠡᠵᠢᠭᠦᠯᠵᠦ᠍᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ᠎ᠢ ᠰᠢᠯᠢᠳᠡᠭᠵᠢᠭᠦᠯᠬᠦ᠂ ᠡᠷᠬᠡ ᠲᠡᠭ᠌ᠰᠢ ᠪᠠᠷ ᠦᠷᠢᠰᠦᠯᠳᠦᠬᠦᠢ ᠠᠬᠢᠭᠤᠯᠬᠤ᠂ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠰᠠᠬᠢᠬᠤ᠂ ᠬᠡᠷᠡᠭ᠌ᠯᠡᠭ᠌ᠴᠢᠳ᠎ᠤᠨ ᠡᠷᠬᠡ ᠠᠱᠢᠭ᠎ᠢ ᠬᠠᠮᠠᠭᠠᠯᠠᠬᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠠᠭᠠᠯᠠᠬᠤ᠂ ᠶᠠᠰᠤ ᠴᠢᠨᠠᠷ ᠮᠡᠷᠭᠡᠵᠢᠯ᠎ᠤᠨ ᠳᠡᠭᠡᠭ᠌ᠰᠢᠯᠡᠯᠲᠡ᠎ᠶ᠋ᠢ ᠠᠬᠢᠭᠤᠯᠬᠤ᠂ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠬᠤ ᠵᠡᠷᠭᠡ ᠭᠤᠣᠯ ᠬᠠᠷᠢᠭᠤᠴᠠᠯᠭ᠎ᠠ ᠭᠤᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ᠎ᠪᠠᠷ ᠵᠠᠰᠠᠬᠤ ᠰᠡᠳᠭᠢᠬᠦᠶ᠎ᠪᠠᠷ ᠠᠵᠢᠯ᠎ᠢᠶᠠᠨ ᠠᠬᠢᠭᠤᠯᠬᠤ ᠬᠡᠷᠡᠭ᠌ᠲᠡᠶ; ᠭᠤᠷᠪᠠ᠎ᠳᠤ᠂ ᠠᠷᠢᠭᠤᠨ ᠴᠢᠬᠡᠴᠢ᠎ᠶ᠋ᠢᠨ ᠰᠠᠭᠤᠷᠢ᠎ᠶ᠋ᠢ ᠪᠠᠲᠤ ᠰᠠᠬᠢᠵᠤ᠂ ᠴᠠᠭ ᠢᠮᠠᠭ᠍ᠲᠠ ᠦᠨᠳᠦᠰᠦᠨ ᠬᠠᠤᠯᠢ᠎ᠪᠠᠷ ᠡᠷᠬᠡ᠎ᠶ᠋ᠢᠨ ᠵᠠᠭᠠᠭ ᠪᠣᠯᠭᠠᠵᠤ᠂ ᠰᠠᠨᠠᠭᠠᠴᠢᠯᠠᠭ᠎ᠠ᠎ᠠᠴᠠ᠎ᠪᠠᠨ ᠬᠢᠨᠠᠯᠲᠠ᠎ᠶ᠋ᠢ ᠬᠦᠯᠢᠶᠡᠵᠦ᠍᠂ ᠠᠷᠢᠭᠤᠨ ᠴᠢᠭᠡᠴᠢ ᠮᠦᠨ ᠴᠢᠨᠠᠷ᠎ᠢᠶᠠᠨ ᠡᠭᠦᠷᠢᠲᠡ ᠬᠠᠳᠠᠭ᠋ᠠᠯᠠᠬᠤ ᠬᠡᠷᠡᠭᠲᠡᠢ; ᠲᠦᠷᠪᠡ᠎ᠳᠤ᠂ ᠠᠷᠠᠳ᠎ᠤᠨ ᠲᠥᠯᠥᠭᠡ ᠪᠣᠳᠠᠲᠠᠢ ᠶ᠋ᠢ ᠬᠥᠭᠡᠭᠡᠴᠡᠯᠳᠦᠵᠦ᠍᠂ ᠤᠯᠠᠨ ᠲᠦᠮᠡᠨ᠎ᠤ ᠢᠳᠡᠭᠡᠨ ᠪᠠ ᠡᠮ᠎ᠤᠨ ᠵᠦᠢᠯᠡᠰ᠎ᠤᠨ ᠠᠮᠤᠷ ᠲᠦᠪᠱᠢᠨ᠂ ᠣᠨᠴᠠ ᠲᠦᠷᠦᠯ᠎ᠤᠨ ᠲᠤᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠂ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ ᠵᠢᠴᠢ ᠬᠡᠷᠡᠭ᠌ᠯᠡᠭᠡ᠎ᠶ᠋ᠢᠨ ᠡᠷᠬᠡ᠎ᠪᠠᠨ ᠬᠠᠮᠠᠭᠠᠯᠠᠬᠤ ᠵᠡᠷᠭᠡ ᠲᠠᠯ᠎ᠠ ᠶᠢᠨ 《ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ》 ᠪᠠᠢ᠌ᠭ᠎ᠠ᠎ᠶᠢ ᠴᠢᠩᠭ᠎ᠠ ᠠᠩᠬᠠᠷᠴᠤ᠌᠂ ᠬᠢᠨᠠᠯᠲᠠ ᠬᠠᠮᠢᠶᠠᠷᠤᠯᠲᠠ᠎ᠶ᠋ᠢ ᠨᠡᠩ ᠬᠠᠢᠷ᠎ᠠ ᠰᠡᠳᠭᠢᠯᠭᠡ᠎ᠲᠠᠢ ᠪᠣᠯᠭᠠᠬᠤ ᠬᠡᠷᠡᠭ᠌ᠲᠡᠢ᠃ ᠲᠡᠷᠡ ᠤᠯᠠᠨ᠎ᠢ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠲᠣᠭ᠍ᠲᠠᠭᠠᠬᠤ᠂ ᠬᠠᠤᠯᠢ ᠬᠡᠷᠡᠭ᠌ᠵᠢᠭᠦᠯᠬᠦ᠂ ᠦᠢᠯᠡᠴᠢᠯᠡᠬᠦ᠌ ᠵᠡᠷᠭᠡ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠴᠦᠨ ᠴᠢᠳᠠᠯ ᠨᠡᠮᠡᠷᠢᠯᠡᠬᠦ᠌ ᠬᠡᠷᠡᠭᠲᠡᠢ ᠭᠡᠵᠦ ᠵᠣᠷᠢᠭ᠍ᠵᠢᠭᠤᠯᠪᠠ᠃
ᠱᠢᠨ᠎ᠡ᠎ᠪᠠᠷ ᠳᠡᠪᠱᠢᠭ᠌ᠰᠡᠨ ᠺᠠᠲᠡᠷᠴᠦᠳ᠂ ᠲᠣᠰ ᠤᠳᠠᠭᠠᠨ᠎ᠤ ᠲᠠᠩᠭᠠᠷᠢᠭ᠍ᠯᠠᠯᠲᠠᠪᠠᠷ ᠱᠢᠨ᠎ᠡ ᠡᠬᠢᠯᠡᠯᠲᠡ ᠪᠣᠯᠭᠠᠵᠤ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠠᠵᠢᠯ᠎ᠤᠨ ᠭᠤᠭ᠍ᠴᠤᠭ᠎ᠠ ᠨᠢᠭᠡᠪᠦᠷᠢ᠎ᠳᠤ ᠠᠭᠤᠰᠤᠯᠴᠠᠭᠤᠯᠵᠤ᠂ 《ᠴᠠᠭ ᠢᠮᠠᠭ᠍ᠲᠠ ᠰᠠᠨᠠᠭ᠎ᠠ ᠠᠮᠤᠷ ᠦᠭᠡᠢ》 ᠬᠠᠷᠢᠭᠤᠴᠠᠯᠭᠠᠲᠤ ᠰᠡᠳᠭᠢᠯᠭᠡ ᠪᠠ 《ᠶᠠᠪᠣᠳᠡᠯ ᠪᠦᠬᠦᠨ᠎ᠢ ᠪᠣᠲᠠᠲᠠᠢ ᠨᠠᠢᠳᠠᠪᠤᠷᠢᠵᠢᠭᠤᠯᠬᠤ》 ᠭᠦᠢ᠍ᠴᠡᠳᠭᠡᠬᠦ ᠬᠦᠴᠦᠨ᠎ᠢᠶᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠪᠠᠢᠷᠢ ᠳᠡᠭᠡᠷ᠎ᠡ ᠡᠭᠦᠷᠭᠡᠯᠡᠨ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃