ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠢᠭᠡᠳ ᠲᠤᠰᠭᠠᠶ ᠠᠱᠢᠭ᠎ᠤᠨ ᠬᠢᠨᠠᠨ ᠪᠠᠢ᠌ᠴᠠᠭ᠋ᠠᠯᠲᠠ ᠬᠠᠮᠵᠢᠯᠴᠠᠭ᠋ᠠᠨ᠎ᠤ ᠾᠧᠨᠠᠨ᠎ᠤ ᠲᠥᠪ ᠯᠣᠭ᠎ᠠ ᠪᠣᠷᠣ ᠲᠦᠯᠦᠪ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ ᠎ᠲᠤ ᠭᠠᠷ᠎ᠤᠨ ᠥᠰᠥᠭ ᠵᠢᠷᠤᠪᠠ
2025-12-17

12 ᠳ᠋ᠤᠭᠠᠷ ᠰᠠᠷ᠎ᠠ᠎ᠶ᠋ᠢᠨ 12 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠬᠢᠭᠡᠳ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢᠨ ᠲᠤᠰᠭᠠᠶ ᠠᠱᠢᠭ᠎ᠤᠨ ᠲᠣᠪᠴᠢᠶ᠎ᠠ᠎ᠶ᠋ᠢᠨ ᠲᠤᠰᠭᠠᠶ ᠠᠱᠢᠭ᠎ᠤᠨ ᠬᠢᠨᠠᠨ ᠪᠠᠢ᠌ᠴᠠᠭ᠋ᠠᠯᠲᠠ ᠬᠠᠮᠵᠢᠯᠴᠠᠭ᠋ᠠᠨ᠎ᠤ ᠾᠧᠨᠠᠨ᠎ᠤ ᠲᠥᠪ (ᠳᠣᠷᠣᠭ᠍ᠰᠢ ᠲᠤᠰᠭᠠᠶ ᠠᠱᠢᠭ᠎ᠤᠨ ᠬᠢᠨᠠᠨ ᠪᠠᠢ᠌ᠴᠠᠭ᠋ᠠᠯᠲᠠ ᠬᠠᠮᠵᠢᠯᠴᠠᠭ᠋ᠠᠨ᠎ᠤ ᠾᠧᠨᠠᠨ᠎ᠤ ᠲᠥᠪ ᠭᠡᠵᠦ ᠲᠣᠪᠴᠢᠯᠠᠨ᠎ᠠ) ᠎ᠯᠤᠭ᠎ᠠ ᠬᠠᠮᠲᠤ᠎ᠪᠠᠷ 《2025 — 2028 ᠣᠨ᠎ᠤ ᠣᠨ᠎ᠤᠨ ᠪᠣᠷᠣ ᠲᠥᠯᠥᠪ᠎ᠤᠨ ᠬᠠᠮᠲᠤᠷᠠᠯᠴᠠᠭᠠᠨ᠎ᠤ ᠵᠥᠪᠯᠡᠯᠴᠡᠭᠡᠷ》 (ᠳᠣᠷᠣᠭ᠍ᠰᠢ ᠪᠣᠷᠣ ᠲᠥᠯᠥᠪ᠎ᠤᠨ ᠬᠠᠮᠲᠤᠷᠠᠯᠴᠠᠭᠠᠨ᠎ᠤ ᠵᠥᠪᠯᠡᠯᠴᠡᠭᠡᠷ ᠭᠡᠵᠦ᠍ ᠲᠣᠪᠴᠢᠯᠠᠨ᠎ᠠ) ᠎ᠲᠤ ᠭᠠᠷ᠎ᠤᠨ ᠥᠰᠥᠭ ᠵᠢᠷᠤᠭ᠍ᠰᠠᠨ᠎ᠨᠢ ᠬᠤᠶᠠᠷ ᠲᠠᠯ᠎ᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠷᠢᠶ᠎ᠡ ᠴᠠᠷᠠᠭ᠎ᠠ᠎ᠳᠠᠬᠢ ᠬᠠᠮᠵᠢᠯᠴᠠᠭ᠎ᠠ᠎ᠶ᠋ᠢ ᠰᠢᠰᠲ᠋ᠧᠮᠵᠢᠭᠦᠯᠬᠦ᠂ ᠣᠷᠳᠣ ᠬᠤᠭᠤᠴᠠᠭᠠᠨ᠎ᠤ ᠪᠦᠲᠦᠮᠵᠢᠲᠡᠶ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠣᠷᠣᠭᠰᠠᠨ᠎ᠶ᠋ᠢ ᠬᠠᠷᠠᠭᠤᠯᠵᠤ᠂ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠥᠳᠡᠯᠭᠡᠬᠦ᠌ ᠬᠦᠴᠦᠨ ᠨᠡᠮᠡᠷᠢᠯᠡᠪᠡ᠃

ᠲᠣᠰ ᠤᠳᠠᠭᠠᠨ᠎ᠤ ᠬᠠᠮᠲᠤᠷᠠᠯᠴᠠᠭ᠎ᠠ ᠨᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠥᠪᠥᠷ ᠮᠣᠩᠭᠤᠯ᠎ᠤᠨ ᠱᠢᠨ᠎ᠡ ᠡᠨᠧᠷᠭᠢ᠂ ᠬᠤᠪᠣᠷ ᠱᠢᠷᠣᠶ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠲᠣᠨᠤᠭ ᠲᠥᠬᠦᠭᠡᠷᠦᠮᠵᠢ᠎ᠶᠢᠨ ᠦᠢ᠍ᠯᠡᠳᠪᠦᠷᠢ᠂ ᠰᠦ᠎ᠶ᠋ᠢᠨ ᠦᠶ᠋ᠯᠡᠰ᠂ ᠳᠤᠤᠷ᠎ᠠ ᠠᠭᠠᠷ᠎ᠤᠨ ᠲᠣᠭᠠᠴᠢᠯᠠᠭ᠍ᠰᠠᠨ ᠠᠵᠤ ᠠᠬᠤᠶ ᠵᠡᠷᠭᠡ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠶᠠᠷ ᠲᠠᠯ᠎ᠠ᠎ᠶ᠋ᠢᠨ ᠭᠤᠤᠯᠯᠠᠬᠤ ᠳᠠᠪᠠᠭᠤᠯᠢᠭ᠎ᠲᠦ ᠰᠠᠭᠤᠷᠢᠯᠠᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠴᠢᠨᠠᠷ ᠰᠠᠢᠲᠠᠶ ᠡᠭᠦᠳᠬᠦ᠂ ᠬᠡᠷᠡᠭᠯᠡᠯᠡᠲᠡ᠎ᠶ᠋ᠢ ᠳᠡᠭᠡᠭ᠌ᠰᠢᠯᠡᠭᠦᠯᠬᠦ᠂ ᠬᠠᠮᠠᠭ᠋ᠠᠯᠠᠯᠲᠠ᠎ᠶ᠋ᠢ ᠴᠢᠩᠭᠠᠳᠭᠠᠬᠤ᠂ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠬᠦ᠂ ᠦᠶ᠋ᠯᠡᠴᠢᠯᠡᠭᠡᠨ᠎ᠤ ᠲᠤᠭᠲᠠᠯᠴᠠᠭ᠎ᠠ᠎ᠶᠢ ᠲᠡᠭᠦᠯᠳᠡᠷᠵᠢᠭᠦᠯᠬᠦ᠂ ᠴᠢᠳᠠᠪᠤᠷᠢᠲᠠᠨ᠎ᠤ ᠡᠩᠨᠡᠭᠡ᠎ᠶᠢ ᠪᠦᠲᠦᠭᠡᠨ ᠪᠠᠢ᠌ᠭᠤᠯᠬᠤ ᠵᠡᠷᠭᠡ ᠵᠢᠷᠭᠤᠭᠠᠨ ᠶᠡᠭᠡ ᠭᠤᠤᠯᠯᠠᠬᠤ ᠴᠢᠭ᠌ᠯᠡᠯ᠎ᠤᠨ ᠲᠣᠭᠤᠷᠢᠨ᠎ᠳᠤ᠂ ᠪᠣᠷᠣ ᠲᠥᠯᠥᠪ᠎ᠤᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠭ᠍ᠰᠠᠨ ᠪᠥᠭᠡᠳ ᠬᠠᠮᠲᠤᠷᠠᠯᠴᠠᠭᠠᠨ᠎ᠤ 13 ᠵᠦᠶ᠋ᠯ᠎ᠤᠨ ᠪᠣᠳᠠᠲᠠᠶ ᠵᠦᠶ᠋ᠯᠡᠰ᠎ᠤᠨ ᠨᠠᠷᠢᠨ ᠬᠠᠭᠤᠳᠠᠰᠤ᠎ᠶ᠋ᠢ ᠲᠣᠳᠣᠷᠬᠠᠢᠯᠠᠵᠤ᠂ ᠤᠷᠢᠳᠴᠢᠯᠠᠨ ᠰᠢᠭᠦᠭᠴᠢ᠎ᠶ᠋ᠢᠨ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠭᠤᠤᠯᠳᠠᠯᠭ᠎ᠠ᠎ᠲᠠᠢ ᠰᠡᠳᠦᠪ᠎ᠢ ᠬᠠᠮᠲᠤᠷᠠᠨ ᠭᠤᠶᠤᠴᠢᠯᠠᠨ ᠮᠡᠳᠡᠭᠦᠯᠬᠦ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠶ᠋ᠯᠡᠴᠢᠯᠡᠭᠡᠨ᠎ᠤ ᠱᠢᠭᠤᠳ ᠨᠡᠪᠲᠡᠷᠡᠯᠲᠡ᠎ᠶᠢᠨ ᠲᠡᠷᠭᠡ᠎ᠶᠢ ᠠᠵᠤ ᠠᠬᠤᠢᠯᠠᠯ᠎ᠳᠤ ᠣᠷᠣᠭᠤᠯᠬᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠴᠢᠳᠠᠪᠤᠷᠢᠲᠠᠨ᠎ᠤ ᠣᠶᠤᠨ᠎ᠤ ᠬᠥᠮᠥᠷᠭᠡ᠎ᠶ᠋ᠢ ᠬᠠᠮᠲᠤ᠎ᠪᠠᠷ ᠪᠠᠢᠭᠤᠯᠬᠤ ᠵᠡᠷᠭᠡ ᠣᠯᠠᠨ ᠵᠦᠶ᠋ᠯ᠎ᠤᠨ ᠠᠭᠤᠯᠭ᠎ᠠ᠎ᠶ᠋ᠢ ᠬᠠᠮᠤᠷᠴᠤ᠌᠂ ᠡᠯ᠎ᠡ ᠲᠥᠷᠥᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠳᠤ ᠳᠥᠭᠦᠮ ᠳᠥᠲᠡ ᠪᠦᠭᠡᠳ ᠥᠨᠳᠥᠷ ᠪᠦᠲᠦᠮᠵᠢᠲᠡᠶ 《ᠨᠢᠭᠡ ᠥᠷᠲᠡᠭᠡ ᠮᠠᠶᠢᠭ》 ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠶ᠋ᠯᠡᠴᠢᠯᠡᠭᠡ ᠬᠠᠩᠭ᠋ᠠᠪᠠ᠃

 

 

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠬᠢᠭᠡᠳ ᠲᠤᠰᠭᠠᠶ ᠠᠱᠢᠭ᠎ᠤᠨ ᠬᠢᠨᠠᠨ ᠪᠠᠢ᠌ᠴᠠᠭ᠋ᠠᠯᠲᠠ ᠬᠠᠮᠵᠢᠯᠴᠠᠭ᠋ᠠᠨ᠎ᠤ ᠾᠧᠨᠠᠨ᠎ᠤ ᠲᠥᠪ ᠯᠤᠭ᠎ᠠ ᠠᠵᠤ ᠠᠬᠤᠢᠯᠠᠯ᠎ᠢ ᠲᠤᠰᠠᠯᠠᠬᠤ ᠦᠢᠯᠡᠴᠢᠯᠡᠭᠡᠨ᠎ᠤ ᠳᠤᠭᠤᠢᠯᠠᠩ᠎ᠢ ᠪᠠᠢᠭᠤᠯᠵᠤ᠂ ᠤᠷᠢᠳ ᠬᠤᠵᠢᠳ ᠥᠪᠥᠷ ᠮᠣᠩᠭᠤᠯ᠎ᠤᠨ ᠱᠤᠸᠠᠩ ᠵᠢᠶᠧ ᠰᠠᠢ ᠳ᠋ᠦ᠋ ᠴᠠᠬᠢᠯᠭᠠᠨ᠎ᠤ ᠬᠢᠵᠠᠭᠠᠷᠲᠤ ᠺᠣᠮᠫᠠᠨᠢ᠂ ᠥᠪᠥᠷ ᠮᠣᠩᠭᠤᠯ᠎ᠤᠨ ᠧᠦ ᠵᠢᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠮᠧᠩ ᠼᠤᠤ ᠠᠮᠢ ᠠᠬᠤᠶ᠎ᠶ᠋ᠢᠨ ᠣᠷᠴᠢᠨ ᠲᠣᠭᠤᠷᠢᠨ᠎ᠤ (ᠪᠦᠯᠦᠭ᠌ᠯᠡᠯ) ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ᠎ᠤᠨ ᠢ ᠯᠢ ᠪᠣᠳᠠᠲᠤ ᠦᠢᠯᠡᠰ᠎ᠤᠨ ᠪᠦᠯᠦᠭ᠌ᠯᠡᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠳᠤ ᠭᠦᠨᠵᠡᠭᠡᠢᠷᠡᠨ ᠲᠤᠬᠠᠶ᠎ᠶ᠋ᠢᠨ ᠲᠠᠯᠠᠪᠠᠶ᠎ᠳᠤ ᠪᠠᠢᠴᠠᠭᠠᠨ ᠰᠤᠳᠤᠯᠤᠯᠲᠠ ᠪᠠ ᠨᠠᠷᠢᠯᠢᠭ ᠤᠨᠤᠪᠴᠢᠲᠠᠢ ᠦᠢᠯᠡᠴᠢᠯᠡᠭᠡ ᠥᠷᠨᠢᠭᠦᠯᠵᠦ᠍᠂ ᠠᠵᠤ ᠠᠬᠤᠢᠯᠠᠯ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠭᠦᠳᠦᠨ ᠪᠦᠲᠦᠭᠡᠯᠲᠡ᠂ ᠬᠡᠷᠡᠭᠯᠯᠡᠲᠡ᠂ ᠬᠠᠮᠠᠭ᠋ᠠᠯᠠᠯᠲᠠ ᠵᠡᠷᠭᠡ ᠲᠠᠯ᠎ᠠ᠎ᠶᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠱᠢᠢᠳᠪᠦᠷᠢᠯᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ (ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ ᠲᠤᠰᠭᠠᠢ ᠠᠱᠢᠭ᠎ᠤᠨ ᠲᠣᠪᠴᠢᠶ᠎ᠠ᠎ᠶ᠋ᠢᠨ ᠬᠥᠬᠡᠬᠤᠲᠠ᠎ᠶ᠋ᠢᠨ ᠣᠷᠣᠯᠠᠨ ᠡᠷᠬᠢᠯᠡᠬᠦ᠌ ᠭᠠᠵᠠᠷ) ᠎ᠲᠤ ᠰᠠᠨᠠᠯ᠎ᠢᠶᠠᠨ ᠰᠣᠯᠢᠯᠴᠠᠬᠤ᠎ᠳᠦ᠂ ᠬᠤᠶᠠᠷ ᠲᠠᠯ᠎ᠠ᠎ᠶᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠴᠢᠨᠠᠷ ᠰᠠᠢᠲᠠᠶ ᠡᠭᠦᠳᠦᠨ ᠪᠦᠲᠦᠭᠡᠯᠲᠡ᠂ ᠬᠡᠷᠡᠭᠯᠡᠭᠡᠨ᠎ᠦ ᠬᠠᠮᠠᠭ᠋ᠠᠯᠠᠯᠲᠠ᠂ ᠦᠢᠯᠡᠴᠢᠯᠡᠭᠡᠨ᠎ᠤ ᠲᠤᠯᠭᠠᠭᠤᠷᠢᠯᠠᠯ᠂ ᠴᠢᠳᠠᠪᠤᠷᠢᠲᠠᠨ᠎ᠢ ᠬᠥᠮᠦᠵᠢᠭᠦᠯᠬᠦ᠂ ᠣᠷᠣᠨ ᠪᠦᠰᠡ ᠠᠯᠤᠰᠯᠠᠨ ᠬᠠᠮᠵᠢᠯᠴᠠᠬᠤ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠭᠦᠨᠵᠡᠭᠡᠶ ᠰᠤᠳᠤᠯᠤᠨ ᠶᠠᠷᠢᠯᠴᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ