《ᠦᠪᠦᠷ ᠮᠣᠩᠭᠤᠯ》 ᠲᠡᠮᠳᠡᠭᠲᠦ᠎ᠶᠢᠨ ᠭᠡᠷᠡᠴᠢᠯᠡᠭᠰᠡᠨ ᠠᠵᠤ ᠦᠢᠯᠡᠳᠪᠦᠷᠢ ᠬᠢᠭᠡᠳ ᠦᠢᠯᠡᠴᠢᠯᠡᠭᠡᠨ᠎ᠤ ᠦᠢᠯᠡᠰ᠎ᠤᠨ ᠬᠤᠶᠠᠷ ᠵᠦᠢᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠡᠢᠲᠡᠯᠡᠪᠡ
2025-12-17

12 ᠳ᠋ᠤᠭ᠋ᠠᠷ ᠰᠠᠷ᠎ᠠ᠎ᠶ᠋ᠢᠨ 10 ᠎ᠤ ᠡᠳᠦᠷ᠂ 《〈ᠦᠪᠦᠷ ᠮᠣᠩᠭᠤᠯ〉 ᠲᠡᠮᠳᠡᠭᠲᠦ᠎ᠶᠢᠨ ᠭᠡᠷᠡᠴᠢᠯᠡᠯ᠎ᠳᠤ ᠨᠡᠢᠳᠡᠮ ᠬᠡᠷᠡᠭ᠌ᠯᠡᠬᠦ᠌ ᠱᠠᠭ᠋ᠠᠷᠳᠠᠯᠭ᠎ᠠ  ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠬᠦᠷᠢᠶ᠎ᠡ ᠴᠠᠷᠠᠭ᠎ᠠ》᠂ 《〈ᠦᠪᠦᠷ ᠮᠣᠩᠭᠤᠯ〉 ᠲᠡᠮᠳᠡᠭᠲᠦ᠎ᠶᠢᠨ ᠭᠡᠷᠡᠴᠢᠯᠡᠯ᠎ᠳᠤ ᠨᠡᠢᠳᠡᠮ ᠬᠡᠷᠡᠭ᠌ᠯᠡᠬᠦ᠌ ᠱᠠᠭᠠᠷᠳᠠᠯᠭ᠎ᠠ  ᠦᠢᠯᠡᠴᠢᠯᠡᠭᠡᠨ᠎ᠤ ᠦᠢᠯᠡᠰ᠎ᠤᠨ ᠬᠦᠷᠢᠶ᠎ᠡ ᠴᠠᠷᠠᠭ᠎ᠠ》 ᠵᠡᠷᠭᠡ 2 ᠵᠦᠢᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠵᠢᠩᠬᠢᠨᠢ᠎ᠪᠠᠷ ᠨᠡᠢᠲᠡᠯᠡᠵᠦ᠍᠂ 《ᠦᠪᠦᠷ ᠮᠣᠩᠭᠤᠯ》 ᠲᠡᠮᠳᠡᠭᠲᠦ᠎ᠶᠢᠨ ᠭᠡᠷᠡᠴᠢᠯᠡᠯ᠎ᠦᠨ ᠲᠤᠭᠲᠠᠯᠴᠠᠭ᠎ᠠ᠎ᠨᠢ ᠴᠢᠨᠠᠷ ᠰᠠᠢᠲᠠᠢ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠭᠠᠷᠤᠯᠲᠠ᠎ᠶᠢᠨ ᠬᠦᠷᠢᠶ᠎ᠡ ᠴᠠᠷᠠᠭ᠎ᠠ᠎ᠠᠴᠠ ᠠᠵᠤ ᠦᠢᠯᠡᠳᠪᠦᠷᠢ᠎ᠶ᠋ᠢᠨ ᠦᠢᠯᠡᠳᠬᠦᠨ᠂ ᠦᠢᠯᠡᠴᠢᠯᠡᠭᠡᠨ᠎ᠤ ᠬᠦᠷᠢᠶ᠎ᠡ ᠴᠠᠷᠠᠭ᠎ᠠ ᠲᠡᠰᠢ ᠵᠢᠩᠬᠢᠨᠢ᠎ᠪᠠᠷ ᠥᠷᠭᠡᠳᠭᠡᠭ᠌ᠰᠡᠨ᠎ᠢ ᠬᠠᠷᠠᠭᠤᠯᠤᠨ᠎ᠠ᠃

ᠥᠪᠥᠷ ᠮᠣᠩᠭᠤᠯ᠎ᠤᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭᠲᠦ ᠪᠣᠯᠤᠭ᠍ᠰᠠᠨ᠎ᠤ ᠬᠤᠪᠢ᠎ᠳᠤ᠂ 6 ᠵᠢᠯ᠎ᠤᠨ ᠦᠢᠯᠡᠳᠦᠯᠭᠡ᠎ᠪᠠᠷ ᠳᠡᠮᠵᠢᠨ᠂ 《ᠦᠪᠦᠷ ᠮᠣᠩᠭᠤᠯ》 ᠲᠡᠮᠳᠡᠭᠲᠦ᠎ᠶᠢ 《ᠪᠠᠷᠢᠮᠵᠢᠶ᠎ᠠ + ᠭᠡᠷᠡᠴᠢᠯᠡᠯ》᠎ᠦᠨ ᠠᠷᠭ᠎ᠠ ᠮᠠᠶᠢᠭ᠎ᠢᠶᠠᠷ ᠥᠪᠥᠷ ᠮᠣᠩᠭᠤᠯ᠎ᠤᠨ ᠴᠢᠨᠠᠷ ᠰᠠᠢᠲᠠᠶ ᠣᠨᠴᠠᠯᠢᠭ᠍ᠲᠤ ᠮᠠᠯ ᠲᠠᠷᠢᠶᠠᠯᠡᠩ᠎ᠤᠨ ᠠᠱᠢᠭ ᠱᠢᠮ᠎ᠡ᠎ᠶ᠋ᠢᠨ ᠭᠠᠷᠣᠯᠲᠠ᠎ᠳᠤ ᠶᠠᠰᠤ ᠴᠢᠨᠠᠷ᠎ᠤᠨ ᠭᠡᠷᠡᠴᠢᠯᠡᠯ ᠦᠷᠨᠢᠭᠦᠯᠵᠦ᠂ 150 ᠭᠠᠷᠦᠢ ᠡᠷᠦᠬᠡ ᠠᠵᠤ ᠠᠬᠤᠢᠯᠠᠯ ᠦᠨᠡᠮᠯᠡᠯ ᠣᠯᠵᠦ᠂ ᠦᠢ᠍ᠯᠡᠳᠭᠦᠨ ᠨᠢ ᠮᠢᠩᠭ᠎ᠠ ᠭᠠᠷᠤᠶ ᠵᠦᠢ᠍ᠯ᠎ᠳᠤ ᠬᠦᠷᠪᠡ᠃ ᠱᠢᠨ᠎ᠡ᠎ᠪᠠᠷ ᠨᠡᠢᠲᠡᠯᠡᠭ᠌ᠰᠡᠨ 2 ᠵᠦᠢᠯ᠎ᠤᠨ ᠪᠠᠷᠢᠮᠵᠢᠶ᠎ᠠ᠎ᠳᠤ᠂ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠬᠦᠷᠢᠶ᠎ᠡ ᠴᠠᠷᠠᠭ᠎ᠠ᠎ᠨᠢ ᠶᠠᠰᠤ ᠴᠢᠨᠠᠷ᠂ ᠱᠢᠨ᠎ᠡ᠎ᠶ᠋ᠢ ᠡᠭᠦᠳᠬᠦ᠌ ᠪᠠ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭ᠌ᠴᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠭᠤ ᠲᠣᠨᠤᠭ ᠲᠥᠬᠦᠭᠡᠷᠦᠮᠵᠢ᠎ᠶᠢᠨ ᠦᠢ᠍ᠯᠡᠳᠪᠦᠷᠢ᠂ ᠣᠨᠴᠠᠯᠢᠭ᠍ᠲᠤ ᠬᠥᠩᠭᠡᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ᠎ᠶ᠋ᠢᠨ ᠴᠢᠨᠠᠷ ᠰᠠᠢᠲᠠᠶ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠠᠬᠢᠭᠤᠯᠤᠨ᠎ᠠ; ᠦᠢᠯᠡᠴᠢᠯᠡᠭᠡᠨ᠎ᠤ ᠦᠢᠯᠡᠰ᠎ᠤᠨ ᠬᠦᠷᠢᠶ᠎ᠡ ᠴᠠᠷᠠᠭ᠎ᠠ᠎ᠨᠢ ᠬᠠᠮᠢᠶᠠᠷᠤᠯᠲᠠ᠎ᠶ᠋ᠢᠨ ᠵᠢᠷᠤᠮᠵᠢᠯ᠂ ᠦᠢᠯᠡᠴᠢᠯᠡᠭᠡᠨ᠎ᠤ ᠶᠠᠰᠤ ᠴᠢᠨᠠᠷ ᠬᠢᠭᠡᠳ ᠣᠷᠣᠨ ᠪᠦᠰᠡ᠎ᠶ᠋ᠢᠨ ᠣᠨᠴᠠᠯᠢᠭ᠎ᠤᠨ ᠲᠣᠭᠤᠷᠢᠨ᠎ᠳᠤ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠨᠠᠰᠤᠵᠢᠯ᠎ᠤᠨ ᠠᠰᠠᠷᠠᠮᠵᠢ ᠵᠡᠷᠭᠡ ᠡᠵᠡᠩᠨᠡᠯᠲᠡ᠎ᠶ᠋ᠢᠨ ᠪᠠᠢᠳᠠᠯ᠎ᠳᠤ ᠭᠡᠷᠡᠴᠢᠯᠡᠯ᠎ᠦᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ 《ᠥᠪᠥᠷ ᠮᠣᠩᠭᠤᠯ᠎ᠤᠨ ᠦᠢᠯᠡᠴᠢᠯᠡᠭᠡ》 ᠎ᠶ᠋ᠢᠨ ᠨᠠᠷᠠᠲᠤ ᠲᠡᠮᠳᠡᠭ᠌ᠲᠦ᠍᠎ᠶ᠋ᠢ ᠪᠣᠶ ᠪᠣᠯᠭᠠᠬᠤ᠎ᠳᠤ ᠬᠦᠴᠦᠨ ᠨᠡᠮᠡᠷᠢᠯᠡᠪᠡ᠃

2 ᠵᠦᠢᠯ᠎ᠤᠨ ᠱᠢᠨ᠎ᠡ ᠪᠠᠷᠢᠮᠵᠢᠶ᠎ᠠ᠎ᠶ᠋ᠢ ᠨᠡᠢᠲᠡᠯᠡᠭ᠌ᠰᠡᠨ᠎ᠨᠢ 《ᠦᠪᠦᠷ ᠮᠣᠩᠭᠤᠯ》 ᠲᠡᠮᠳᠡᠭ᠌ᠲᠦ᠎ᠶᠢᠨ ᠨᠥᠯᠥᠭᠡᠯᠡᠬᠦ᠌ ᠬᠦᠴᠦᠨ᠎ᠢ ᠤᠯᠠᠮ ᠨᠢᠭᠡ ᠠᠯᠬᠤᠮ ᠴᠢᠩᠭᠠᠳᠭᠠᠵᠤ᠂ ᠪᠦᠬᠦ᠌ ᠠᠵᠤ ᠦᠢᠯᠡᠰ᠎ᠤᠨ ᠪᠦᠷᠬᠦᠬᠦᠯ᠎ᠦᠨ ᠪᠠᠢᠷᠢᠱᠢᠯ᠎ᠢ ᠪᠠᠢᠭᠤᠯᠵᠤ᠂ ᠨᠡᠩ ᠤᠯᠠᠨ ᠦᠪᠦᠷ ᠮᠣᠩᠭᠣᠯ᠎ᠤᠨ ᠰᠠᠢᠨ ᠦᠢᠯᠡᠳᠬᠦᠨ ᠰᠠᠢᠨ ᠦᠢᠯᠡᠴᠢᠯᠡᠭᠡ᠎ᠶ᠋ᠢ ᠲᠠᠯ᠎ᠠ ᠨᠤᠲᠤᠭ᠎ᠠᠴᠠ ᠲᠤᠮᠤ ᠵᠠᠬ᠎ᠠ ᠳᠡᠯᠭᠡᠭᠦᠷ᠎ᠲᠤ ᠭᠦᠨᠵᠡᠭᠡᠢ᠌ᠷᠡᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠯ᠎ᠤᠨ ᠰᠤᠳᠤᠯᠭᠠᠨ᠎ᠤ ᠬᠦᠷᠢᠶᠡᠯᠡᠩ