12 ᠳ᠋ᠤᠭᠠᠷ ᠰᠠᠷ᠎ᠠ᠎ᠶ᠋ᠢᠨ 10 ᠤ ᠡᠳᠦᠷ᠂ ᠵᠡᠭᠦᠨ ᠬᠤᠢᠲᠤ᠎ᠶ᠋ᠢᠨ ᠭᠤᠷᠪᠠᠨ ᠮᠤᠵᠢ ᠨᠢᠭᠡ ᠣᠷᠣᠨ᠎ᠤ ᠢᠳᠡᠭᠡᠨ᠎ᠤ ᠵᠦᠢᠯ᠎ᠢ ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢᠨ ᠤᠷ᠎ᠠ ᠴᠢᠳᠠᠪᠤᠷᠢ᠎ᠶ᠋ᠢᠨ ᠮᠥᠷᠦᠢ᠌ᠴᠡᠭᠡᠨᠦ ᠠᠵᠢᠯᠯᠠᠭ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠲᠠ᠎ᠳᠦ ᠡᠷᠬᠢᠯᠡᠭᠳᠡᠪᠡ᠃ ᠵᠡᠭᠦᠨ ᠬᠤᠢᠲᠤ᠎ᠶ᠋ᠢᠨ ᠭᠤᠷᠪᠠᠨ ᠮᠤᠵᠢ ᠨᠢᠭᠡ ᠣᠷᠣᠨ᠎ᠡᠴᠡ ᠨᠡᠢᠲᠡ 16 ᠨᠡᠷᠡᠰ ᠱᠢᠯᠭᠠᠨ ᠪᠠᠢᠴᠠᠭᠠᠬᠤ ᠮᠡᠷᠭᠡᠵᠢᠯ᠎ᠤᠨ ᠠᠵᠢᠯᠲᠠᠨ᠎ᠢ ᠰᠣᠩᠭᠤᠨ ᠲᠣᠮᠢᠯᠠᠵᠤ᠂ ᠮᠠᠨ᠎ᠤ ᠣᠷᠣᠨ᠎ᠤ ᠲᠦᠩᠯᠢᠶᠣᠤ ᠬᠤᠲᠠ᠎ᠶ᠋ᠢᠨ ᠨᠠᠢ᠍ᠮᠠᠨ ᠬᠤᠱᠢᠭᠤᠨ᠎ᠤ ᠵᠠᠬ᠎ᠠ ᠳᠡᠯᠭᠡᠭᠦᠷ᠎ᠤᠨ ᠱᠢᠯᠭᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠲᠥᠪ᠎ᠤᠨ ᠸᠠᠩ ᠯᠸᠢ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃
ᠲᠣᠰ ᠤᠳᠠᠭᠠᠨ᠎ᠤ ᠤᠷ᠎ᠠ ᠴᠢᠳᠠᠪᠤᠷᠢ᠎ᠶ᠋ᠢᠨ ᠮᠥᠷᠦ᠋ᠢᠴᠡᠭᠡᠨ᠎ᠨᠢ ᠢᠳᠡᠭᠡᠨ᠎ᠤ ᠰᠢᠯᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ᠌ ᠠᠵᠢᠯ᠎ᠤᠨ ᠪᠣᠳᠠᠲᠤ ᠪᠠᠢᠳᠠᠯ᠎ᠤᠨ ᠲᠣᠭᠤᠷᠢᠨ᠎ᠳᠤ ᠣᠨᠣᠯ᠎ᠤᠨ ᠮᠡᠳᠡᠯᠭᠡ ᠪᠠ ᠪᠣᠳᠠᠲᠠᠶ ᠪᠣᠯᠪᠠᠰᠤᠷᠠᠯ᠎ᠤᠨ ᠤᠷ᠎ᠠ ᠴᠢᠳᠠᠪᠤᠷᠢ ᠵᠡᠷᠭᠡ ᠬᠤᠶᠠᠷ ᠲᠠᠯ᠎ᠠ᠎ᠪᠠᠷ ᠰᠢᠯᠢᠳᠡᠭᠴᠦᠳ᠎ᠦᠨ ᠶᠡᠷᠦᠩᠬᠡᠢᠯᠡᠭ᠌ᠰᠡᠨ ᠴᠢᠳᠠᠪᠤᠷᠢ᠎ᠶ᠋ᠢ ᠱᠢᠨᠵᠢᠯᠡᠨ ᠪᠠᠢᠴᠠᠭᠠᠪᠠ᠃ ᠡᠭᠦᠨ᠎ᠳᠤ᠂ ᠣᠨᠣᠯ᠎ᠤᠨ ᠱᠢᠯᠭᠠᠨ ᠬᠢᠨᠠᠯᠲᠠ᠎ᠳᠤ ᠣᠷᠣᠯᠴᠠᠭ᠍ᠰᠠᠳ᠎ᠤᠨ ᠢᠳᠡᠭᠡᠨ᠎ᠤ ᠠᠮᠤᠷ ᠲᠦᠪᠱᠢᠨ᠎ᠤ ᠪᠠᠷᠢᠮᠵᠢᠶ᠎ᠠ᠂ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠱᠢᠯᠭᠠᠨ ᠪᠠᠢᠴᠠᠭᠠᠬᠤ ᠦᠨᠳᠦᠰᠦᠯᠡᠯ᠎ᠤᠨ ᠲᠤᠬᠠᠢ ᠭᠦᠨᠵᠡᠭᠡᠢ ᠡᠵᠡᠮᠰᠢᠯ᠎ᠢ ᠭᠤᠤᠯᠳᠠᠯᠭ᠎ᠠ᠎ᠲᠠᠢ ᠱᠢᠯᠭᠠᠨ ᠪᠠᠢ᠌ᠴᠠᠭ᠋ᠠᠪᠠ᠃ ᠪᠣᠳᠠᠲᠤ ᠤᠷᠤᠯᠳᠤᠭᠠᠨ᠎ᠤ ᠳᠤᠮᠳᠠ ᠦᠨᠡᠨ ᠪᠣᠳᠠᠲᠠᠶ ᠪᠠᠢᠴᠠᠭᠠᠨ ᠬᠡᠮᠵᠢᠬᠦ ᠲᠠᠯᠠᠪᠤᠷ᠎ᠢ ᠳᠠᠭᠤᠷᠢᠶᠠᠬᠤ᠎ᠪᠠᠷ ᠳᠠᠮᠵᠢᠨ᠂ ᠥᠯᠢᠭᠡᠷ ᠡᠳ᠋᠎ᠤᠨ ᠡᠮᠦᠨᠡᠬᠢ ᠰᠢᠢ᠍ᠳᠪᠦᠷᠢᠯᠡᠯᠲᠡ᠂ ᠬᠡᠮᠵᠢᠭᠦᠷᠯᠢᠭ᠎ᠤᠨ ᠳᠦᠷᠢᠮᠵᠢᠭᠦᠨ ᠠᠵᠢᠯᠯᠠᠬᠤᠢ᠂ ᠲᠤᠭ᠎ᠠ ᠪᠠᠷᠢᠮᠲᠠ᠎ᠶ᠋ᠢᠨ ᠵᠠᠳᠠᠯᠤᠯᠲᠠ ᠵᠢᠴᠢ ᠦᠷ᠎ᠡ ᠳ᠋ᠦᠩ᠎ᠢ ᠮᠠᠭᠠᠳᠯᠠᠨ ᠲᠣᠭ᠍ᠲᠠᠭᠠᠬᠤ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠯᠪᠠᠰᠤᠷᠠᠩᠭᠤᠶ ᠬᠡᠮᠵᠢᠶ᠎ᠡ ᠪᠠ ᠣᠨᠣᠪᠴᠢᠲᠤ ᠴᠢᠨᠠᠷ᠎ᠢ ᠭᠤᠤᠯᠳᠠᠯᠭ᠎ᠠ᠎ᠲᠠᠢ ᠬᠢᠨᠠᠨ ᠰᠢᠯᠭ᠋ᠠᠪᠠ᠃ ᠲᠠᠰᠤᠯᠤᠨ ᠲᠣᠭ᠍ᠲᠠᠭᠠᠬᠤ ᠳᠤᠭᠤᠢᠯᠠᠩ᠎ᠨᠢ ᠵᠡᠭᠦᠨ ᠬᠤᠢᠲᠤ᠎ᠶ᠋ᠢᠨ ᠭᠤᠷᠪᠠᠨ ᠮᠤᠵᠢ ᠨᠢᠭᠡ ᠣᠷᠣᠨ᠎ᠤ ᠨᠡᠷ᠎ᠡ ᠲᠥᠷᠥ᠎ᠲᠠᠢ ᠮᠡᠷᠭᠡᠵᠢᠯ᠎ᠤᠨ ᠲᠤᠰᠭᠠᠶ ᠮᠡᠷᠭᠡᠵᠢᠯᠲᠡᠨ᠎ᠢᠶᠠᠷ ᠪᠦᠷᠢᠯᠳᠦᠵᠦ᠍᠂ ᠤᠷᠤᠯᠳᠤᠭᠠᠨ᠎ᠳᠤ ᠣᠷᠣᠯᠴᠠᠭ᠍ᠰᠠᠨ ᠡᠯ᠎ᠡ ᠠᠩᠭᠢ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠵᠤ᠂ ᠪᠣᠳᠠᠲᠤ ᠪᠠᠢᠯᠳᠤᠭᠠᠨ᠎ᠤ ᠮᠥᠷᠦ᠋ᠢᠴᠡᠭᠡᠨ᠎ᠢᠶᠠᠷ ᠰᠠᠢᠨ ᠰᠠᠢᠬᠠᠨ ᠪᠦᠯᠬᠦᠮ᠎ᠤᠨ ᠳᠦᠷᠰᠦ ᠪᠠᠢᠳᠠᠯ᠎ᠢᠶᠠᠨ ᠢᠯᠡᠷᠡᠭᠦᠯᠪᠡ᠃ ᠬᠤᠷᠴᠠ ᠱᠢᠷᠦᠭᠦᠨ ᠥᠷᠢᠰᠥᠯᠳᠦᠭᠡᠨ᠎ᠢᠶᠠᠷ ᠳᠠᠮᠵᠢᠨ᠂ ᠨᠡᠢ᠌ᠲᠡ ᠨᠢᠭᠡᠳᠦᠭᠡᠷ ᠲᠡᠰ᠎ᠤᠨ ᠱᠠᠩᠨᠠᠯ 1 ᠨᠡᠷᠡᠰ᠂ ᠬᠤᠶᠠᠳᠤᠭᠠᠷ ᠲᠡᠰ᠎ᠤᠨ ᠱᠠᠩᠨᠠᠯ 3 ᠨᠡᠷᠡᠰ᠂ ᠭᠤᠷᠪᠠᠳᠤᠭᠠᠷ ᠲᠡᠰ᠎ᠤᠨ ᠱᠠᠩᠨᠠᠯ 5 ᠨᠡᠷᠡᠰ᠂ ᠱᠢᠯᠢᠳᠡᠭ ᠱᠠᠩᠨᠠᠯ 7 ᠨᠡᠷᠡᠰ᠎ᠢ ᠱᠢᠯᠭᠠᠷᠠᠭᠤᠯᠪᠠ᠃
ᠲᠣᠰ ᠤᠳᠠᠭᠠᠨ᠎ᠤ ᠤᠷ᠎ᠠ ᠴᠢᠳᠠᠪᠤᠷᠢ᠎ᠶ᠋ᠢᠨ ᠮᠥᠷᠦ᠋ᠢᠴᠡᠭᠡᠨ᠎ᠨᠢ ᠵᠡᠭᠦᠨ ᠬᠤᠢᠲᠤ᠎ᠶ᠋ᠢᠨ ᠭᠤᠷᠪᠠᠨ ᠮᠤᠵᠢ ᠨᠢᠭᠡ ᠣᠷᠣᠨ᠎ᠤ ᠢᠳᠡᠭᠡᠨ᠎ᠤ ᠵᠦᠢᠯ᠎ᠢ ᠱᠢᠯᠭᠠᠨ ᠪᠠᠢᠴᠠᠭᠠᠬᠤ ᠮᠡᠷᠭᠡᠵᠢᠯ᠎ᠤᠨ ᠠᠵᠢᠯᠲᠠᠨ᠎ᠳᠤ ᠡᠷᠬᠢᠮ ᠨᠠᠨᠳᠢᠨ ᠬᠠᠷᠢᠯᠴᠠᠨ ᠰᠤᠷᠤᠯᠴᠠᠵᠤ ᠬᠠᠷᠢᠯᠴᠠᠨ ᠰᠣᠷᠭ᠋ᠠᠮᠵᠢ ᠪᠣᠯᠭᠠᠬᠤ ᠲᠠᠪᠴᠠᠩ᠎ᠢ ᠪᠠᠢᠭᠤᠯᠵᠤ᠂ ᠣᠷᠣᠨ ᠪᠦᠰᠡ᠎ᠶ᠋ᠢᠨ ᠬᠤᠭᠤᠷᠣᠨᠳᠣᠬᠢ ᠮᠡᠷᠭᠡᠵᠢᠯ᠎ᠤᠨ ᠠᠭᠤᠰᠤᠯᠴᠠᠯ ᠪᠠ ᠬᠠᠮᠲᠤ᠎ᠶ᠋ᠢᠨ ᠳᠠᠪᠱᠢᠯᠲᠠ᠎ᠶ᠋ᠢ ᠪᠦᠲᠦᠮᠵᠢᠲᠡᠶ ᠠᠬᠢᠭᠤᠯᠵᠤ᠂ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ᠎ᠶ᠋ᠢ ᠬᠦᠴᠦᠲᠡᠶ ᠠᠬᠢᠭᠤᠯᠪᠠ᠃


