ᠮᠡᠷᠭᠡᠵᠢᠯ᠎ᠤᠨ ᠪᠠᠢᠴᠠᠭᠠᠯᠲᠠ᠎ᠪᠡᠷ ᠨᠠᠷᠢᠯᠢᠭ ᠣᠨᠣᠪᠴᠢᠲᠠᠢ ᠬᠦᠴᠦᠨ ᠣᠯᠭᠣᠵᠦ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠷᠬᠡ᠎ᠳᠤ ᠬᠠᠯᠳᠠᠭ᠍ᠰᠠᠨ ᠮᠠᠭᠠᠳᠯᠠᠨ ᠲᠣᠭ᠍ᠲᠠᠭᠠᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠪᠡ
2025-12-19

2025ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠤᠨ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠮᠡᠷᠭᠡᠵᠢᠯ᠎ᠤᠨ ᠪᠠᠢᠴᠠᠭᠠᠯᠲᠠ᠎ᠶ᠋ᠢᠨ ᠲᠥᠪ᠎ᠲᠤ ᠲᠦᠰᠢᠭᠯᠡᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠷᠬᠡ᠎ᠳᠤ ᠬᠠᠯᠳᠠᠭ᠍ᠰᠠᠨ᠎ᠢ ᠮᠠᠭᠠᠳᠯᠠᠨ ᠲᠣᠭ᠍ᠲᠠᠭᠠᠬᠤ ᠪᠠ ᠵᠢᠭᠤᠷᠠᠯᠳᠤᠭᠠᠨ᠎ᠢ ᠱᠢᠢᠳᠪᠦᠷᠢᠯᠡᠬᠦ᠌ ᠦᠢᠯᠡᠳᠦᠯ ᠴᠢᠳᠠᠪᠤᠷᠢ᠎ᠶᠢᠨ ᠳᠡᠭᠡᠭᠰᠢᠯᠡᠭᠦᠯᠦᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠮᠡᠷᠭᠡᠵᠢᠯ᠎ᠤᠨ ᠪᠣᠳᠠᠲᠤ ᠬᠡᠷᠡᠭ᠎ᠢ ᠲᠣᠳᠣᠷᠬᠠᠶ ᠪᠠᠢ᠌ᠴᠠᠭ᠋ᠠᠵᠤ ᠥᠬᠡᠶ᠂ ᠬᠡᠷᠡᠭ᠎ᠤᠨ ᠰᠢᠭᠦᠨ ᠱᠢᠢᠳᠪᠦᠷᠢᠯᠡᠬᠦ᠌ ᠦᠶᠡᠯᠡᠯ᠎ᠤᠨ ᠬᠤᠭᠤᠴᠠᠭ᠎ᠠ ᠣᠷᠳᠣ᠂ ᠬᠠᠮᠵᠢᠯᠴᠠᠨ ᠬᠠᠮᠠᠭᠠᠯᠠᠵᠤ ᠵᠣᠯᠭᠠᠭᠤᠯᠬᠤ᠎ᠳᠤ ᠬᠦᠴᠢᠷ》᠎ᠤᠨ ᠪᠣᠳᠠᠲᠤ ᠬᠦᠴᠢᠷᠳᠡᠯ᠎ᠢ ᠪᠦᠲᠦᠮᠵᠢᠲᠡᠢ ᠱᠢᠢᠳᠪᠦᠷᠢᠯᠡᠬᠦ᠌᠎ᠶ᠋ᠢᠨ ᠲᠥᠯᠥᠭᠡ᠂ 《ᠲᠦᠷᠭᠡᠨ ᠬᠠᠷᠢᠭᠤ ᠲᠤᠰᠬᠠᠯ ᠭᠠᠷᠭ᠋ᠠᠵᠦ᠂ ᠲᠦᠷᠭᠡᠨ ᠬᠠᠷᠭᠤᠭᠤᠯᠵᠤ᠂ ᠲᠦᠷᠭᠡᠨ ᠭᠡᠷᠡᠴᠢ ᠭᠠᠷᠭᠠᠵᠤ᠂ ᠬᠠᠮᠵᠢᠯᠴᠠᠨ ᠬᠥᠳᠡᠯᠦᠯᠴᠡᠬᠦ᠌》 ᠳᠥᠷᠪᠡ᠎ᠶ᠋ᠢ ᠴᠣᠭ᠍ᠴᠠᠵᠢᠭᠤᠯᠤᠭ᠍ᠰᠠᠨ ᠠᠵᠢᠯ᠎ᠤᠨ ᠲᠤᠭᠲᠠᠯᠴᠠᠭ᠎ᠠ᠎ᠶ᠋ᠢ ᠱᠢᠨ᠎ᠡ᠎ᠪᠠᠷ ᠡᠭᠦᠳᠦᠨ ᠪᠠᠢᠭᠤᠯᠵᠤ᠂ ᠪᠥᠬᠦ᠌ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠵᠢᠯᠴᠠᠨ ᠬᠠᠮᠠᠭ᠋ᠠᠯᠠᠬᠤ ᠰᠢᠰᠲ᠋ᠧᠮᠲᠦ ᠴᠢᠨᠠᠷᠲᠠᠶ᠂ ᠪᠦᠬᠦᠯᠢ ᠴᠤᠭᠴᠠᠲᠤ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ᠃

ᠮᠡᠷᠭᠡᠵᠢᠯ᠎ᠤᠨ ᠪᠠᠢᠴᠠᠭᠠᠯᠲᠠ᠎ᠶ᠋ᠢᠨ ᠲᠤᠭᠲᠠᠯᠴᠠᠭ᠎ᠠ᠎ᠶᠢ ᠪᠠᠢᠭᠤᠯᠤᠨ ᠴᠢᠩᠭᠠᠳᠭᠠᠵᠤ᠂ ᠲᠤᠰᠭᠠᠢ ᠮᠡᠷᠭᠡᠵᠢᠯ᠎ᠤᠨ ᠲᠤᠯᠭᠠᠭᠤᠷᠢᠯᠠᠬᠤ ᠰᠠᠭᠤᠷᠢ᠎ᠶ᠋ᠢ ᠪᠠᠲᠤᠳᠬᠠᠪᠠ

ᠪᠥᠬᠦ᠌ ᠣᠷᠣᠨ᠎ᠤ ᠲᠡᠷᠢᠭᠦᠨ ᠪᠦᠯᠦᠭ 42 ᠬᠥᠮᠦᠨ᠎ᠤ ᠮᠡᠷᠭᠡᠵᠢᠯ᠎ᠤᠨ ᠪᠠᠢᠴᠠᠭᠠᠭ᠍ᠴᠢ᠎ᠶ᠋ᠢᠨ ᠨᠡᠷᠡᠰ᠎ᠤᠨ ᠬᠥᠮᠥᠷᠭᠡ᠎ᠶ᠋ᠢ ᠪᠠᠢᠭᠤᠯᠵᠤ᠂ ᠲᠤᠰᠭᠠᠶ ᠠᠱᠢᠭ᠎ᠤᠨ ᠤᠷᠢᠳᠴᠢᠯᠠᠨ ᠰᠢᠭᠦᠭᠴᠢ᠂ ᠳᠡᠭᠡᠳᠦ ᠰᠤᠷᠭᠠᠭᠤᠯᠢ᠎ᠶ᠋ᠢᠨ ᠡᠷᠳᠡᠮ ᠰᠢᠨᠵᠢᠯᠡᠭᠡᠨ᠎ᠤ ᠠᠵᠢᠯᠲᠠᠨ ᠵᠢᠴᠢ ᠠᠵᠢᠯ ᠲᠥᠷᠥᠯ᠎ᠤᠨ ᠮᠡᠷᠭᠡᠵᠢᠯ᠎ᠤᠨ ᠲᠤᠰᠭᠠᠶ ᠮᠡᠷᠭᠡᠵᠢᠯᠲᠡᠨ᠎ᠢ ᠬᠠᠮᠣᠷᠪᠠ᠃ ᠰᠢᠰᠲᠸᠮᠵᠢᠯᠡᠭᠰᠡᠨ ᠪᠤᠯᠪᠠᠰᠣᠷᠠᠯ ᠪᠠ ᠣᠯᠠᠨ ᠲᠠᠯᠠᠪᠤᠷᠲᠣ ᠪᠣᠳᠠᠲᠤ ᠪᠠᠢᠯᠳᠤᠭᠠᠨ᠎ᠤ ᠪᠣᠯᠪᠠᠰᠣᠷᠠᠯ᠎ᠪᠠᠷ ᠳᠠᠮᠵᠢᠭᠤᠯᠤᠨ᠂ ᠮᠡᠷᠭᠡᠵᠢᠯ᠎ᠤᠨ ᠪᠠᠢᠴᠠᠭᠠᠭ᠍ᠴᠢ᠎ᠶ᠋ᠢᠨ ᠡᠩᠨᠡᠭᠡ᠎ᠶ᠋ᠢᠨ ᠲᠤᠰᠭᠠᠶ ᠮᠡᠷᠭᠡᠵᠢᠯ᠎ᠤᠨ ᠴᠢᠳᠠᠪᠤᠷᠢ ᠢᠯᠡᠳᠲᠡ ᠳᠡᠭᠡᠭᠰᠢᠯᠡᠵᠦ᠂ ᠪᠥᠬᠦ᠌ ᠵᠢᠯ᠎ᠤᠨ ᠡᠷᠬᠡ᠎ᠳᠤ ᠬᠠᠯᠳᠠᠭ᠍ᠰᠠᠨ ᠮᠠᠭᠠᠳᠯᠠᠨ ᠲᠤᠭᠲᠠᠭ᠋ᠠᠬᠤ ᠠᠰᠠᠭᠤᠨ ᠯᠠᠪᠯᠠᠬᠤ ᠰᠠᠨᠠᠯ 200 ᠭᠠᠷᠤᠶ ᠬᠤᠪᠢ ᠭᠠᠷᠭᠠᠵᠤ᠂ ᠮᠧᠬᠠᠨᠢᠭ᠂ ᠡᠯᠧᠺᠲᠷᠣᠨ ᠵᠡᠷᠭᠡ ᠣᠯᠠᠨ ᠮᠡᠷᠭᠡᠵᠢᠯ᠎ᠤᠨ ᠬᠦᠷᠢᠶ᠎ᠡ ᠴᠠᠷᠠᠭ᠎ᠠ᠎ᠶᠢ ᠬᠠᠮᠤᠷᠴᠤ᠌᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ᠎ᠳᠤ ᠲᠤᠰᠭᠠᠶ ᠮᠡᠷᠭᠡᠵᠢᠯ᠎ᠤᠨ ᠲᠤᠯᠭᠠᠭᠤᠷᠢᠯᠠᠯ ᠬᠠᠩᠭ᠋ᠠᠪᠠ᠃

ᠰᠠᠯᠠᠭ᠎ᠠ ᠮᠥᠴᠢᠷ ᠠᠯᠤᠰᠯᠠᠭ᠍ᠰᠠᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠠᠮᠵᠢᠯᠴᠠᠨ ᠬᠠᠮᠠᠭᠠᠯᠠᠬᠤ ᠪᠠᠢ᠌ᠷᠢᠭᠤᠯᠤᠯᠲᠠ᠎ᠶᠢ ᠪᠤᠢ ᠪᠣᠯᠭ᠋ᠠᠪᠠ

ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠴᠠᠭᠠᠵᠠ᠂ ᠪᠠᠢᠴᠠᠭᠠᠬᠤ᠂ ᠬᠡᠪᠯᠡᠯ᠎ᠤᠨ ᠡᠷᠬᠡ ᠵᠡᠷᠭᠡ ᠰᠠᠯᠠᠭ᠎ᠠ ᠮᠥᠴᠢᠷ᠎ᠯᠦᠭᠡ ᠬᠠᠮᠵᠢᠯᠴᠠᠭ᠎ᠠ ᠬᠤᠯᠪᠤᠭ᠋ᠠᠯᠠᠯ᠎ᠢᠶᠠᠨ ᠴᠢᠩᠭᠠᠳᠭᠠᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢ 《ᠭᠠᠭ᠍ᠴᠠᠭᠠᠷ ᠲᠡᠮᠡᠴᠡᠵᠦ》 ᠪᠠᠢᠭ᠍ᠰᠠᠨ᠎ᠠᠴᠠ 《ᠣᠯᠠᠨ ᠡᠱᠢᠲᠦ ᠬᠠᠮᠲᠤᠪᠠᠷ ᠵᠠᠰᠠᠬᠤ》 ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠠᠷᠠᠳ᠎ᠤᠨ ᠱᠢᠭᠦᠬᠦ᠌ ᠬᠣᠷᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠮᠡᠳ᠋ᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠡᠷᠡᠭ᠎ᠲᠤ ᠠᠩᠬ᠎ᠠ ᠤᠳᠠᠭ᠎ᠠ ᠮᠡᠷᠭᠡᠵᠢᠯ᠎ᠦᠨ ᠲᠤᠯᠭᠠᠭᠤᠷᠢᠯᠠᠯ ᠬᠠᠩᠭ᠋ᠠᠵᠤ᠂ ᠬᠠᠤᠯᠢ ᠴᠠᠭᠠᠵᠠ᠎ᠶ᠋ᠢᠨ ᠱᠢᠭᠦᠨ ᠲᠠᠰᠤᠯᠤᠯᠲᠠ᠎ᠶ᠋ᠢᠨ ᠱᠢᠨ᠎ᠡ ᠱᠢᠪᠲᠤᠯᠤᠯᠲᠠ ᠎ᠳᠦ ᠬᠦᠴᠦᠨ ᠨᠡᠮᠡᠷᠢᠯᠡᠪᠡ᠃ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠎ᠤ᠋ᠨ ᠠᠷᠠᠳ᠎ᠤ᠋ᠨ ᠰᠢᠭᠦᠬᠦ ᠬᠣᠷᠢᠶ᠎ᠠ᠎ᠶᠢᠨ 《XX ᠠᠷᠢᠬᠢ》᠎ᠶᠢᠨ ᠲᠠᠸᠠᠷ᠎ᠤ᠋ᠨ ᠲᠡᠮᠳᠡᠭᠲᠦ᠎ᠶᠢᠨ ᠡᠷᠬᠡ᠎ᠳ᠋ᠦ᠍ ᠬᠠᠯᠳᠠᠭ᠍ᠰᠠᠨ ᠬᠡᠷᠡᠭ᠎ᠦ᠋ᠨ ᠳᠤᠮᠳᠠ᠂ ᠮᠡᠷᠭᠡᠵᠢᠯ᠎ᠦ᠋ᠨ ᠲᠤᠯᠭᠠᠭᠤᠷᠢᠯᠠᠯ ᠡᠴᠡ ᠡᠷᠬᠡᠲᠦ ᠬᠥᠮᠦᠨ᠎ᠢ᠋ ᠬᠠᠪᠰᠤᠷᠤᠨ ᠠᠵᠤ ᠠᠬᠤᠢ᠎ᠶᠢᠨ ᠬᠣᠬᠢᠷᠠᠯ ᠵᠢᠴᠢ ᠵᠦᠢ ᠵᠣᠬᠢᠰᠲᠠᠢ ᠵᠠᠷᠤᠯᠭ᠎ᠠ 8 ᠲᠦᠮᠡᠨ ᠲᠥᠭᠥᠷᠢᠭ᠎ᠶᠢ ᠡᠭᠡᠭᠦᠯᠦᠨ ᠠᠪᠴᠢᠷᠠᠵᠦ ᠥᠭᠪᠡ᠃ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠤᠨ ᠱᠢᠯᠵᠢᠭᠦᠯᠦᠨ ᠬᠦᠷᠭᠡᠭ᠌ᠰᠡᠨ 3 ᠬᠤᠪᠢ ᠡᠷᠡᠭᠦᠦ᠍᠎ᠶ᠋ᠢᠨ ᠬᠡᠷᠡᠭ᠎ᠲᠤ ᠬᠤᠯᠪᠣᠭ᠍ᠳᠠᠭ᠍ᠰᠠᠨ ᠬᠡᠷᠡᠭ᠎ᠲᠤ ᠴᠢᠭ᠌ᠯᠡᠭᠦᠯᠦᠨ᠂ ᠮᠡᠷᠭᠡᠵᠢᠯ᠎ᠤᠨ ᠪᠠᠢᠴᠠᠭᠠᠯᠲᠠ᠎ᠶ᠋ᠢᠨ ᠲᠥᠪ᠎ᠠᠴᠠ ᠲᠦᠷᠭᠡᠨ ᠬᠠᠷᠢᠭᠤ ᠳᠤᠰᠬᠠᠯ ᠭᠠᠷᠭ᠋ᠠᠵᠦ᠂ ᠮᠡᠷᠭᠡᠵᠢᠯ᠎ᠤᠨ ᠪᠠᠢ᠌ᠴᠠᠭ᠋ᠠᠭᠴᠢ᠎ᠶ᠋ᠢ ᠵᠣᠬᠢᠶᠠᠨ ᠪᠠᠢ᠌ᠭᠤᠯᠤᠨ ᠲᠤᠰᠭᠠᠶ ᠮᠡᠷᠭᠡᠵᠢᠯ᠎ᠤᠨ ᠰᠤᠳᠤᠯᠤᠨ ᠮᠠᠭᠠᠳᠯᠠᠯᠲᠠ ᠬᠠᠩᠭᠠᠵᠤ᠂ ᠡᠷᠡᠭᠦᠦ ᠰᠢᠢ᠍ᠳᠭᠡᠯ᠎ᠤᠨ ᠭᠦᠴᠡᠳᠭᠡᠯ᠎ᠢ ᠵᠣᠯᠭᠠᠭᠤᠯᠬᠤ᠎ᠳᠦ ᠤᠷᠤᠭ᠍ᠰᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠬᠤ᠎ᠶ᠋ᠢ ᠠᠬᠢᠭᠤᠯᠪᠠ; ᠣᠷᠣᠨ ᠪᠦᠰᠡ ᠠᠯᠤᠰᠯᠠᠭ᠍ᠰᠠᠨ ᠬᠠᠮᠵᠢᠯᠴᠠᠭᠠᠨ᠎ᠤ ᠱᠢᠨ᠎ᠡ ᠵᠠᠭ᠍ᠪᠤᠷ᠎ᠢ ᠢᠳᠡᠪᠬᠢᠲᠡᠢ ᠰᠦᠪᠡᠭ᠌ᠴᠢᠯᠡᠵᠦ᠍᠂ ᠪᠤᠰᠣᠳ ᠮᠤᠵᠢ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠲᠥᠪ᠎ᠲᠤ 3 ᠬᠤᠪᠢ ᠭᠠᠳᠠᠷ ᠳᠦᠷᠰᠦ᠎ᠶᠢᠨ ᠵᠢᠷᠣᠭ ᠲᠦᠯᠦᠪᠯᠡᠭᠡᠨ᠎ᠦ ᠲᠤᠰᠭᠠᠶ ᠠᠱᠢᠭ᠎ᠤᠨ ᠬᠡᠷᠡᠭ᠎ᠢ ᠱᠢᠯᠵᠢᠭᠦᠯᠦᠨ ᠱᠢᠢᠳᠪᠦᠷᠢᠯᠡᠪᠡ᠃ ᠭᠠᠵᠠᠷ ᠵᠦᠶ᠎ᠶ᠋ᠢᠨ ᠲᠡᠮᠳᠡᠭ᠌ᠲᠦ᠍᠎ᠪᠠᠷ ᠭᠡᠷᠡᠴᠢᠯᠡᠭᠰᠡᠨ ᠲᠠᠸᠠᠷ᠎ᠤᠨ ᠲᠡᠮᠳᠡᠭᠲᠦ᠎ᠶᠢᠨ ᠡᠯᠧᠺᠲᠷᠣᠨ ᠬᠤᠳᠠᠯᠳᠤᠭᠠᠨ᠎ᠤ ᠬᠦᠷᠢᠶ᠎ᠠ ᠴᠠᠷᠠᠭ᠎ᠠ᠎ᠳᠠᠬᠢ ᠡᠷᠬᠡ᠎ᠳᠤ ᠬᠠᠯᠳᠠᠭ᠍ᠰᠠᠨ ᠠᠵᠢᠯᠯᠠᠭ᠎ᠠ᠎ᠳᠤ ᠴᠢᠭ᠌ᠯᠡᠭᠦᠯᠦᠨ ᠠᠢᠮᠠᠭ ᠬᠤᠲᠠ ᠠᠯᠤᠰᠯᠠᠨ ᠬᠤᠯᠪᠣᠭᠠᠯᠠᠨ ᠬᠦᠲᠡᠯᠦᠯᠴᠡᠬᠦ ᠬᠢᠨᠠᠨ ᠪᠠᠢ᠌ᠴᠠᠭ᠋ᠠᠯᠲᠠ᠎ᠶ᠋ᠢ ᠬᠡᠷᠡᠭ᠌ᠵᠢᠭᠦᠯᠵᠦ᠍᠂ ᠬᠡᠷᠡᠭ᠎ᠤᠨ ᠨᠠᠷᠢᠯᠢᠭ ᠤᠨᠣᠪᠴᠢᠲᠠᠢ ᠲᠠᠷᠬᠠᠬᠤ᠂ ᠬᠠᠷᠢᠶ᠎ᠠ ᠭᠠᠵᠠᠷ᠎ᠤᠨ ᠥᠨᠳᠥᠷ ᠪᠦᠲᠦᠮᠵᠢᠲᠡᠶ ᠱᠢᠢᠳᠪᠦᠷᠢᠯᠡᠬᠦ᠌᠎ᠶ᠋ᠢ ᠠᠬᠢᠭᠤᠯᠤᠨ᠂ ᠰᠦᠪᠡᠭ᠌ᠴᠢ᠎ᠪᠠᠨ ᠬᠠᠷᠢᠯᠴᠠᠨ ᠬᠤᠯᠪᠤᠭ᠋ᠠᠯᠠᠬᠤ᠂ ᠪᠠᠷᠢᠮᠵᠢᠶ᠎ᠠ ᠨᠢᠭᠡᠳᠦᠯᠲᠡᠶ᠂ ᠬᠠᠮᠵᠢᠯᠴᠠᠭ᠎ᠠ᠎ᠪᠠᠷ ᠥᠨᠳᠥᠷ ᠪᠦᠲᠦᠮᠵᠢᠲᠡᠶ ᠣᠷᠣᠨ ᠪᠦᠰᠡ ᠠᠯᠤᠰᠯᠠᠭ᠍ᠰᠠᠨ ᠬᠠᠮᠠᠭᠠᠯᠠᠯᠲᠠ᠎ᠶ᠋ᠢᠨ ᠲᠣᠤᠷ ᠰᠦᠯᠵᠢᠶ᠎ᠡ᠎ᠶ᠋ᠢ ᠪᠠᠢ᠌ᠭᠤᠯᠪᠠ᠃

ᠪᠣᠳᠠᠲᠤ ᠪᠠᠢᠯᠳᠤᠭᠠᠨ᠎ᠤ ᠪᠣᠯᠪᠠᠰᠤᠷᠠᠯ᠎ᠢ ᠴᠢᠩᠭᠠᠳᠭᠠᠵᠤ᠂ ᠬᠡᠷᠡᠭ ᠱᠢᠢᠳᠪᠦᠷᠢᠯᠡᠬᠦ᠌ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ

ᠬᠡᠷᠡᠭ᠎ᠢᠶᠠᠷ ᠪᠣᠯᠪᠠᠰᠤᠷᠠᠯ᠎ᠢ ᠣᠷᠣᠯᠠᠭᠤᠯᠬᠤ᠂ ᠪᠣᠳᠠᠲᠤ ᠪᠠᠢᠯᠳᠤᠭᠠᠨ᠎ᠢᠶᠠᠷ ᠬᠦᠴᠦᠨ ᠣᠯᠭᠤᠬᠤ᠎ᠶ᠋ᠢ ᠪᠠᠷᠢᠮᠲᠠᠯᠠᠵᠤ᠂ ᠮᠡᠷᠭᠡᠵᠢᠯ᠎ᠤᠨ ᠪᠠᠢ᠌ᠴᠠᠭ᠋ᠠᠭᠴᠢ᠎ᠶᠢ ᠵᠣᠬᠢᠶᠠᠨ ᠪᠠᠢᠭᠤᠯᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠭᠦᠯᠵᠦ᠂ ᠠᠢᠮᠠᠭ ᠬᠤᠲᠠ᠎ᠶ᠋ᠢᠨ ᠦᠨᠳᠦᠰᠦᠨ ᠱᠠᠲᠤᠨ᠎ᠤ ᠬᠠᠤᠯᠢ ᠬᠡᠷᠡᠭ᠌ᠵᠢᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠳᠦ ᠬᠠᠷᠢᠭᠤ ᠳᠤᠰᠬᠠᠯ ᠭᠠᠷᠭ᠋ᠠᠵᠤ᠂ ᠤᠷᠢᠳ ᠬᠤᠵᠢᠳ ᠬᠥᠯᠥᠨ ᠪᠤᠢᠷ ᠬᠤᠲᠠ᠂ ᠬᠢᠩᠭᠠᠨ ᠠᠢᠮᠠᠭ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢ ᠬᠠᠮᠵᠢᠨ ᠣᠯᠠᠨ ᠤᠳᠠᠭ᠋ᠠᠨ᠎ᠤ ᠡᠷᠬᠡ᠎ᠳᠤ ᠬᠠᠯᠳᠠᠭ᠍ᠰᠠᠨ ᠵᠢᠭᠤᠷᠠᠯᠳᠤᠭᠠᠨ᠎ᠢ ᠲᠤᠬᠠᠶ᠎ᠶ᠋ᠢᠨ ᠭᠠᠵᠠᠷ᠎ᠲᠤ ᠨᠢ ᠬᠠᠢᠨ ᠱᠢᠯᠭᠠᠬᠤ ᠠᠵᠢᠯ᠎ᠢ ᠥᠷᠨᠢᠭᠦᠯᠵᠦ᠍᠂ ᠪᠣᠳᠠᠲᠤ ᠪᠠᠢᠯᠳᠤᠭᠠᠨ᠎ᠤ ᠰᠣᠷᠢᠯᠲᠠ᠎ᠪᠠᠷ ᠳᠠᠮᠵᠢᠭᠤᠯᠤᠨ ᠮᠡᠷᠭᠡᠵᠢᠯ᠎ᠤᠨ ᠪᠠᠢ᠌ᠴᠠᠭ᠋ᠠᠭᠴᠢ᠎ᠶ᠋ᠢᠨ ᠭᠡᠷᠡᠴᠢ ᠪᠠᠷᠢᠮᠲᠠ᠎ᠶ᠋ᠢ ᠲᠣᠭ᠍ᠲᠠᠪᠤᠷᠢᠵᠢᠭᠤᠯᠬᠤ᠂ ᠮᠡᠷᠭᠡᠵᠢᠯ᠎ᠤᠨ ᠬᠠᠷᠠᠭᠤᠭᠤᠯᠠᠯ ᠵᠡᠷᠭᠡ ᠶᠡᠷᠦᠩᠬᠡᠢᠯᠡᠭ᠌ᠰᠡᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ ᠬᠠᠤᠯᠢ ᠬᠡᠷᠡᠭ᠌ᠵᠢᠭᠦᠯᠦᠯᠲᠡ᠎ᠳᠤ ᠪᠠᠲᠤ ᠪᠠᠬᠢ ᠮᠡᠷᠭᠡᠵᠢᠯ᠎ᠤᠨ ᠳᠡᠮᠵᠢᠯᠭᠡ ᠬᠠᠩᠭ᠋ᠠᠪᠠ᠃

2025ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠮᠡᠷᠭᠡᠵᠢᠯ᠎ᠤᠨ ᠪᠠᠢᠴᠠᠭᠠᠯᠲᠠ᠎ᠶ᠋ᠢᠨ ᠲᠥᠪ᠎ᠠᠴᠠ ᠱᠢᠯᠢ᠎ᠶ᠋ᠢᠨ ᠭᠤᠤᠯ ᠠᠢᠮᠠᠭ᠂ ᠬᠢᠩᠭᠠᠨ ᠠᠢᠮᠠᠭ᠂ ᠬᠥᠯᠥᠨ ᠪᠤᠢᠷ ᠬᠤᠲᠠ᠂ ᠤᠯᠠᠭᠠᠨᠴᠠᠪ ᠬᠤᠲᠠ ᠵᠡᠷᠭᠡ ᠠᠢᠮᠠᠭ ᠬᠤᠲᠠ᠎ᠶ᠋ᠢᠨ ᠲᠠᠸᠠᠷ᠎ᠤᠨ ᠲᠡᠮᠳᠡᠭᠲᠦ᠂ ᠲᠤᠰᠭᠠᠶ ᠠᠱᠢᠭ᠂ ᠵᠣᠬᠢᠶᠠᠯ ᠪᠦᠲᠦᠭᠡᠯ᠎ᠤᠨ ᠡᠷᠬᠡ᠎ᠶ᠋ᠢᠨ ᠬᠠᠮᠢᠶ᠎ᠠ ᠪᠥᠬᠦᠶ 44 ᠬᠤᠪᠢ ᠬᠡᠷᠡᠭ᠎ᠢ ᠭᠥᠯᠢᠶᠡᠨ ᠠᠪᠴᠤ᠌ ᠱᠢᠢᠳᠪᠦᠷᠢᠯᠡᠨ᠂ ᠡᠷᠬᠡ᠎ᠳᠤ ᠬᠠᠯᠳᠠᠭ᠍ᠰᠠᠨ ᠮᠠᠭᠠᠳᠯᠠᠨ ᠲᠤᠭᠲᠠᠭ᠋ᠠᠬᠤ ᠰᠠᠨᠠᠯ 112 ᠬᠤᠪᠢ ᠭᠠᠷᠭᠠᠵᠤ᠂ ᠠᠳᠠᠯᠢ ᠬᠤᠭᠤᠴᠠᠭᠠᠨ᠎ᠤ᠎ᠬᠢ᠎ᠠᠴᠠ 22% ᠎ᠪᠠᠷ ᠨᠡᠮᠡᠭ᠌ᠳᠡᠪᠡ; ᠡᠯᠧᠺᠲᠷᠣᠨ ᠬᠤᠳᠠᠯᠳᠤᠭᠠᠨ᠎ᠤ ᠬᠡᠷᠡᠭ᠎ᠢ 276 ᠬᠤᠪᠢ ᠭᠥᠯᠢᠶᠡᠨ ᠠᠪᠴᠤ᠌ ᠰᠢᠢ᠍ᠳᠪᠦᠷᠢᠯᠡᠨ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠤᠨ 10 ᠨᠡᠷᠡᠰ ᠲᠤᠰᠭᠠᠶ ᠠᠱᠢᠭ᠎ᠤᠨ ᠤᠷᠢᠳᠴᠢᠯᠠᠨ ᠱᠢᠭᠦᠭ᠌ᠴᠢ ᠮᠡᠷᠭᠡᠵᠢᠯ᠎ᠤᠨ ᠪᠠᠢ᠌ᠴᠠᠭ᠋ᠠᠭᠴᠢ᠎ᠶ᠋ᠢᠨ ᠬᠤᠪᠢ᠎ᠪᠠᠷ ᠣᠷᠣᠯᠴᠠᠭ᠌ᠰᠡᠨ ᠪᠦᠭᠡᠳ114 ᠬᠤᠪᠢ ᠡᠯᠧᠺᠲᠷᠣᠨ ᠬᠤᠳᠠᠯᠳᠤᠭᠠᠨ᠎ᠤ ᠬᠦᠷᠢᠶ᠎ᠡ ᠴᠠᠷᠠᠭ᠎ᠠ ᠎ᠳᠠᠬᠢ ᠲᠤᠰᠭᠠᠶ ᠠᠱᠢᠭ᠎ᠤᠨ ᠡᠷᠬᠡ᠎ᠳᠤ ᠬᠠᠯᠳᠠᠭ᠍ᠰᠠᠨ ᠬᠡᠷᠡᠭ᠎ᠢ ᠱᠢᠯᠭᠠᠨ ᠪᠠᠢᠴᠠᠭᠠᠭ᠍ᠰᠠᠨ ᠮᠡᠷᠭᠡᠵᠢᠯ᠎ᠤᠨ ᠮᠡᠳᠡᠭᠦᠯᠦᠯᠲᠡ ᠭᠠᠷᠭᠠᠪᠠ᠃

 

ᠢᠷᠡᠯᠲᠡ᠄ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠳᠠ᠎ᠶ᠋ᠢᠨ ᠭᠠᠵᠠᠷ