《ᠦᠶᠤᠸᠠᠨ᠎ᠤ ᠨᠠᠷᠠᠨ ᠬᠤᠸᠠᠷ》᠎ᠤᠨ ᠤᠯᠤᠰ᠎ᠤᠨ ᠭᠠᠵᠠᠷ ᠵᠦᠶ᠎ᠶ᠋ᠢᠨ ᠪᠡᠯᠭᠡ ᠲᠡᠮᠳᠡᠭ᠎ᠤᠨ ᠬᠠᠮᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠᠢᠭᠤᠯᠤᠭ᠍ᠳᠠᠪᠠ
2025-12-02

11 ᠳ᠋ᠦ᠍ᠭᠡᠷ ᠰᠠᠷ᠎ᠠ᠎ᠶ᠋ᠢᠨ 27 ᠎ᠤ ᠡᠳᠦᠷ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠤᠪᠴᠢᠶᠠᠨ ᠎ᠤ 《ᠦᠶᠤᠸᠠᠨ᠎ᠤ ᠨᠠᠷᠠᠨ ᠬᠤᠸᠠᠷ》᠎ᠤᠨ ᠤᠯᠤᠰ᠎ᠤᠨ ᠭᠠᠵᠠᠷ ᠵᠦᠶ᠎ᠶ᠋ᠢᠨ ᠪᠡᠯᠭᠡ ᠲᠡᠮᠳᠡᠭ ᠎ᠤᠨ ᠬᠠᠮᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠᠢᠭᠤᠯᠬᠤ᠎ᠶ᠋ᠢ ᠵᠥᠪᠱᠢᠶᠡᠷᠡᠬᠦ᠌ ᠵᠠᠷᠯᠠᠨ ᠨᠡᠢᠲᠡᠯᠡᠬᠦ᠌ ᠬᠤᠭᠤᠴᠠᠭ᠎ᠠ ᠳᠠᠭᠤᠰᠴᠤ᠌᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ᠎ᠶ᠋ᠢᠨ ᠪᠡᠯᠭᠡ ᠲᠡᠮᠳᠡᠭ᠎ᠢ ᠬᠠᠮᠠᠭᠠᠯᠠᠬᠤ ᠠᠵᠢᠯ ᠳᠠᠬᠢᠨ ᠬᠦᠨᠳᠦ ᠶᠡᠬᠡ ᠦᠷ᠎ᠡ ᠪᠦᠲᠦᠭᠡᠯ ᠨᠡᠮᠡᠷᠢᠯᠡᠭᠳᠡᠪᠡ᠃

2021 ᠣᠨ᠎ᠳᠤ  ᠵᠥᠪᠰᠢᠶᠡᠷᠡᠭᠳᠡᠨ ᠪᠡᠯᠡᠳᠬᠡᠨ ᠪᠠᠢ᠌ᠭᠤᠯᠤᠭᠰᠠᠨ ᠎ᠠᠴᠠ ᠨᠠᠭᠠᠰᠢ᠂ ᠦᠶᠤᠸᠠᠨ ᠱᠢᠶᠠᠨ ᠭᠠᠵᠠᠷ ᠵᠦᠢ᠎ᠶ᠋ᠢᠨ ᠪᠡᠯᠭᠡ ᠳᠡᠮᠳᠡᠭ᠎ᠤᠨ ᠬᠠᠮᠠᠭᠠᠯᠠᠯᠲᠠ᠎ᠪᠠᠷ ᠭᠤᠣᠯ  ᠪᠤᠯᠠᠭ᠋ᠠᠨ᠂ 《ᠨᠡᠢᠭᠡᠮᠯᠢᠭ + ᠲᠠᠭᠠᠭᠤᠯᠤᠬ᠍ᠴᠢ ᠠᠵᠤ ᠠᠬᠤᠢᠯᠠᠯ + ᠲᠠᠷᠢᠶᠠᠴᠢᠨ ᠡᠷᠦᠬᠡ + ᠪᠠᠷᠢᠮᠵᠢᠶᠠᠵᠢᠯᠲᠠ + ᠭᠠᠵᠠᠷ ᠵᠦᠢ᠎ᠶ᠋ᠢᠨ ᠪᠡᠯᠭᠡ ᠲᠡᠮᠳᠡᠭ 》᠎ᠤᠨ ᠠᠵᠤ ᠦᠢᠯᠡᠰ᠎ᠢ ᠳᠡᠯᠭᠡᠷᠡᠭᠦᠯᠬᠦ᠌ ᠵᠠᠭ᠍ᠪᠤᠷ᠎ᠢ ᠪᠠᠢᠭᠤᠯᠵᠤ᠂ 《ᠲᠦᠷᠪᠡ᠎ᠶ᠋ᠢ ᠡᠵᠡᠮᠳᠡᠬᠦ᠌ 》 ᠮᠡᠷᠭᠡᠵᠢᠯ᠎ᠢ ᠬᠡᠷᠡᠭ᠌ᠵᠢᠭᠦᠯᠬᠦ᠂ ᠪᠠᠷᠢᠮᠵᠢᠶ᠎ᠠ ᠲᠤᠭᠲᠠᠯᠴᠠᠭ᠎ᠠ ᠎ᠶᠢ ᠲᠡᠭᠦᠯᠳᠡᠷᠵᠢᠭᠦᠯᠬᠦ᠂ ᠬᠠᠤᠯᠢ ᠬᠡᠷᠡᠭ᠌ᠵᠢᠭᠦᠯᠦᠯᠲᠡ᠎ᠶ᠋ᠢᠨ ᠬᠠᠮᠠᠭᠠᠯᠠᠯᠲᠠ᠎ᠶ᠋ᠢ  ᠴᠢᠩᠭ᠋ᠠᠷᠠᠭᠤᠯᠬᠤ ᠎ᠪᠠᠷ ᠳᠠᠮᠵᠢᠭᠤᠯᠤᠨ᠂ ᠠᠵᠤ ᠦᠢᠯᠡᠰ᠎ᠤᠨ ᠶᠠᠰᠤ ᠴᠢᠨᠠᠷ ᠪᠤᠯᠤᠨ ᠦᠷ᠎ᠡ ᠠᠱᠢᠭ᠎ᠤᠨ ᠪᠦᠬᠦ᠌ ᠲᠠᠯ᠎ᠠ᠎ᠶ᠋ᠢᠨ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃ ᠣᠳᠣᠬᠠᠨ᠎ᠳᠤ᠂ ᠦᠶᠤᠸᠠᠨ᠎ᠦ ᠨᠡᠷᠡᠨ ᠬᠤᠸᠠᠷ ᠳᠠᠷᠢᠬᠤ ᠲᠠᠯᠠᠪᠠᠶ 132.7 ᠲᠦᠮᠡᠨ ᠮᠥ᠎ᠳᠤ ᠬᠦᠷᠴᠦ᠍᠂ ᠶᠡᠷᠦᠩᠬᠡᠶ ᠲᠠᠷᠢᠶᠠᠨ ᠭᠠᠵᠠᠷ᠎ᠤᠨ ᠲᠠᠯᠠᠪᠠᠶ᠎ᠶ᠋ᠢᠨ 52% ᠎ᠢ ᠡᠵᠡᠯᠡᠵᠦ᠍᠂ ᠶᠡᠷᠦᠩᠬᠡᠶ ᠭᠠᠷᠤᠯᠲᠠ᠎ᠨᠢ 28.59 ᠲᠦᠮᠡᠨ ᠲᠣᠨ᠎ᠳᠤ ᠬᠦᠷᠴᠦ᠍᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠵᠢᠯ᠎ᠤᠨ ᠦᠢᠯᠡᠳᠬᠦᠨ᠎ᠤ ᠥᠷᠲᠡᠭ᠎ᠨᠢ 62 ᠳ᠋ᠦᠩᠱᠢᠭᠤᠷ ᠲᠥᠭᠦᠷᠢᠭ᠎ᠲᠤ ᠬᠦᠷᠴᠦ᠍᠂ 85 ᠠᠵᠤ ᠠᠬᠤᠢᠯᠠᠯ ᠎ᠤᠨ ᠭᠠᠵᠠᠷ ᠵᠦᠶ ᠎ᠶᠢᠨ ᠪᠡᠯᠭᠡ ᠲᠡᠮᠳᠡᠭ᠎ᠤᠨ ᠲᠤᠰᠭᠠᠶ ᠲᠡᠮᠳᠡᠭ ᠎ᠢ ᠬᠡᠷᠡᠭᠯᠡᠬᠦ ᠶ᠋ᠢ ᠬᠢᠨᠠᠨ ᠵᠦᠪᠰᠢᠶᠡᠷᠡᠵᠦ᠂ ᠲᠤᠰᠭᠠᠶ ᠲᠡᠮᠳᠡᠭ᠎ᠤᠨ ᠬᠡᠷᠡᠭ᠌ᠯᠡᠯᠲᠡ᠎ᠶᠢᠨ ᠨᠣᠷᠮ᠎ᠠ᠎ᠨᠢ 90% ᠎ᠳᠤ ᠬᠦᠷᠴᠡᠶ᠃

ᠲᠣᠰ ᠤᠳᠠᠭᠠᠨ᠎ᠤ ᠤᠯᠤᠰ᠎ᠤᠨ ᠭᠠᠵᠠᠷ ᠵᠦᠶ᠎ᠶᠢᠨ ᠪᠡᠯᠭᠡ ᠲᠡᠮᠳᠡᠭ ᠎ᠤᠨ ᠬᠠᠮᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠎ᠢᠶᠡᠷ ᠵᠦᠪᠱᠢᠶᠡᠷᠡᠭ᠌ᠳᠡᠭ᠌ᠰᠡᠨ ᠨᠢ᠂ ᠦᠶᠤᠸᠠᠨ᠎ᠤ ᠨᠡᠷᠡᠨ ᠬᠤᠸᠠᠷ᠎ᠤᠨ ᠠᠵᠤ ᠦᠢᠯᠡᠰ᠎ᠤᠨ ᠪᠠᠷᠢᠮᠵᠢᠶᠠᠵᠢᠭᠰᠠᠨ ᠪᠠ ᠵᠢᠷᠤᠮᠵᠢᠭᠰᠠᠨ ᠬᠦᠭᠵᠢᠯᠲᠡ᠎ᠳᠡᠬᠢ ᠡᠷᠬᠡ ᠰᠦᠷᠲᠤ ᠵᠦᠪᠱᠢᠶᠡᠷᠡᠯ ᠪᠣᠯᠣᠨ᠂ ᠡᠨᠡ᠎ᠨᠢ ᠦᠶᠤᠸᠠᠨ᠎ᠤ ᠨᠡᠷᠡᠨ ᠬᠤᠸᠠᠷ᠎ᠤᠨ ᠭᠠᠵᠠᠷ ᠵᠦᠶ᠎ᠶ᠋ᠢᠨ ᠪᠡᠯᠭᠡ ᠲᠡᠮᠳᠡᠭ᠎ᠢ ᠬᠠᠮᠠᠭᠠᠯᠠᠬᠤ ᠪᠠ ᠨᠠᠷᠠᠲᠤ ᠲᠡᠮᠳᠡᠭ᠌ᠲᠦ᠍᠎ᠶ᠋ᠢᠨ ᠡᠵᠡᠩᠨᠡᠯᠲᠡ᠎ᠶ᠋ᠢ ᠤᠯᠠᠮ ᠨᠢᠭᠡ ᠠᠯᠬᠤᠮ ᠴᠢᠩᠭ᠋ᠠᠷᠠᠭᠤᠯᠵᠦ᠂ ᠦᠢᠯᠡᠳᠬᠦᠨ᠎ᠤ ᠨᠠᠷᠠᠲᠤ ᠲᠡᠮᠳᠡᠭ᠌ᠲᠦ᠍᠎ᠶ᠋ᠢᠨ ᠦᠨ᠎ᠡ ᠥᠷᠲᠡᠭ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠂ ᠭᠠᠵᠠᠷ ᠵᠦᠶ᠎ᠶ᠋ᠢᠨ ᠪᠡᠯᠭᠡ ᠲᠡᠮᠳᠡᠭ ᠎ᠤᠨ ᠡᠬᠢ ᠪᠠᠶᠠᠯᠢᠭ᠎ᠢ ᠦᠷᠭᠦᠯᠵᠢᠯᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ᠃

ᠢᠷᠡᠯᠲᠡ᠄ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶᠢᠨ ᠭᠠᠵᠠᠷ