ᠣᠢᠷ᠎ᠠ᠎ᠳᠤ᠂ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ᠎ᠲᠠᠢ ᠬᠠᠮᠲᠤᠷᠠᠨ᠂ 2024 ᠣᠨ᠎ᠤ ᠪᠥᠬᠦ᠌ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠤᠢᠮ᠎ᠠ 150 ᠬᠠᠮᠲᠤ ᠨᠡᠢᠲᠡ ᠪᠠ 300 ᠬᠤᠪᠢ ᠬᠥᠮᠦᠨ᠎ᠢ ᠵᠠᠷᠯᠠᠨ ᠰᠠᠢᠱᠢᠶᠠᠪᠠ᠃
ᠠᠮᠵᠢᠯᠲᠠ ᠲᠣᠪᠣᠢᠮ᠎ᠠ ᠬᠠᠮᠲᠤ ᠨᠡᠢ᠌ᠲᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠶᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠭᠠᠵᠠᠷ
ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ ᠤᠨ ᠡᠷᠬᠡ᠎ᠶ᠋ᠢᠨ ᠲᠣᠪᠴᠢᠶ᠎ᠠ)
ᠠᠮᠵᠢᠯᠲᠠ ᠲᠣᠪᠣᠢᠮ᠎ᠠ ᠬᠤᠪᠢ ᠬᠥᠮᠦᠨ
ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠯᠢ ᠴᠦ᠍
ᠬᠥᠬᠡᠬᠤᠲᠠ᠎ᠶ᠋ᠢᠨ ᠴᠢᠩ ᠱᠦᠢ ᠾᠧ ᠱᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠠᠢ ᠯᠢ ᠲᠤᠤ᠂ ᠯᠢ ᠱ᠌ᠢ ᠯᠢᠩ
ᠤᠢ᠍ᠢᠷ᠎ᠠ ᠤᠨ ᠵᠢᠯ᠎ᠳᠤ᠂ ᠪᠦᠬᠦ᠌ ᠣᠷᠣᠨ᠎ᠦ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠱᠢᠰᠲ᠋ᠧᠮ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠲᠤᠬᠠᠢ ᠱᠢᠢᠳᠪᠦᠷᠢᠲᠦ ᠪᠤᠳᠤᠯᠭ᠎ᠠ ᠶᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠣᠭᠲᠠᠯᠴᠠᠭ᠎ᠠ᠎ᠶᠢ ᠲᠠᠰᠤᠷᠠᠯᠳᠠ ᠦᠭᠡᠢ ᠪᠦᠷᠢᠨᠱᠢᠬᠦᠯᠵᠤ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠡᠷᠬᠡ᠎ᠳᠤ ᠬᠠᠯᠳᠠᠭ᠍ᠰᠠᠨ ᠠᠵᠢᠯᠯᠠᠭ᠎ᠠ᠎ᠳᠤ ᠴᠣᠬᠢᠯᠲᠠ ᠥᠭ᠌ᠴᠦ᠂ ᠡᠭᠦᠷᠭᠡᠯᠡᠯ᠎ᠢᠶᠠᠷ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠦᠷᠢᠶ᠎ᠡ ᠴᠠᠷᠠᠭ᠎ᠠ᠎ᠶᠢᠨ ᠬᠤᠳᠠᠯᠳᠤᠭ᠎ᠠ ᠡᠷᠬᠢᠯᠡᠬᠦ᠌ ᠣᠷᠴᠢᠨ ᠲᠤᠭᠤᠷᠢᠨ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠷᠬᠡᠭ ᠶᠡᠭᠡ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠵᠡᠢ᠃