ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠱᠢᠭᠤᠳ ᠨᠡᠪᠲᠡᠷᠡᠭᠦᠯᠬᠦ᠌᠎ᠪᠠᠷ ᠪᠤᠷᠤᠯᠠᠭᠤᠯᠬᠤ ᠢᠳᠡᠭᠡᠨ ᠎ᠤ ᠲᠤᠬᠠᠶ 《ᠤᠯᠠᠭᠠᠨ ᠱᠤᠭᠤᠮ》 ᠎ᠢ ᠲᠣᠭ᠍ᠲᠠᠭᠠᠪᠠ
2025-12-31

12 ᠳ᠋ᠤᠭ᠋ᠠᠷ ᠰᠠᠷ᠎ᠠ᠎ᠶ᠋ᠢᠨ 23᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠢᠳᠡᠭᠡᠨ᠎ᠤ ᠠᠮᠤᠷ ᠲᠦᠪᠱᠢᠨ᠎ᠤ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠎ᠤ ᠵᠠᠳᠠᠷᠠᠭᠤᠯᠤᠭ᠍ᠰᠠᠨ᠎ᠢᠶᠠᠷ᠂ ᠢᠳᠡᠭᠡᠨ᠎ᠤ ᠱᠢᠭᠤᠳ ᠨᠡᠪᠲᠡᠷᠡᠭᠦᠯᠬᠦ᠎ᠪᠠᠷ ᠪᠠᠷᠠᠭ᠎ᠠ ᠪᠤᠷᠤᠯᠠᠭᠤᠯᠬᠤ ᠦᠶ᠋ᠯᠡ ᠠᠵᠢᠯᠯᠠᠭ᠎ᠠ᠎ᠶ᠋ᠢ ᠵᠢᠷᠤᠮᠵᠢᠭᠤᠯᠬᠤ ᠨᠢᠭᠡ ᠵᠦᠢᠯ᠎ᠤᠨ ᠴᠢᠬᠤᠯᠠ ᠬᠠᠮᠢᠶᠠᠷᠤᠯᠲᠠ᠎ᠶ᠋ᠢᠨ ᠲᠣᠭ᠍ᠲᠠᠭᠠᠯ 《ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ᠎ᠤ ᠢᠳᠡᠭᠡᠨ᠎ᠤ ᠠᠮᠤᠷ ᠲᠦᠪᠱᠢᠨ᠎ᠤ ᠭᠤᠤᠯ ᠴᠤᠭᠴᠠ᠎ᠶᠢᠨ ᠬᠠᠷᠢᠭᠤᠴᠠᠯᠭ᠎ᠠ᠎ᠶᠢ ᠨᠡᠢ᠌ᠲᠡᠪᠦᠷᠢᠵᠢᠭᠤᠯᠬᠤ ᠬᠢᠨᠠᠯᠲᠠ ᠬᠠᠮᠢᠶᠠᠷᠣᠯᠲᠠ᠎ᠶᠢᠨ ᠲᠤᠭᠲᠠᠭ᠋ᠠᠯ 》 ᠣᠢᠷ᠎ᠠ᠎ᠶ᠋ᠢᠨ ᠬᠤᠭᠤᠴᠠᠭᠠᠨ᠎ᠳᠤ ᠵᠢᠩᠬᠢᠨᠢ᠎ᠪᠠᠷ ᠨᠡᠢᠲᠡᠯᠡᠬᠦ᠌᠎ᠪᠠᠷ ᠪᠠᠢ᠌ᠨ᠎ᠠ᠃

《ᠲᠤᠭᠲᠠᠭ᠋ᠠᠯ》᠎ᠳᠤ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠡᠵᠡᠩᠨᠡᠭ᠌ᠴᠢ᠎ᠳᠤ ᠴᠢᠩᠭ᠎ᠠ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠡᠵᠡᠩᠨᠡᠭ᠌ᠴᠢ᠂ ᠱᠢᠭᠤᠳ ᠨᠡᠪᠲᠡᠷᠡᠭᠦᠯᠬᠦ ᠲᠠᠰᠤᠭ᠎ᠤᠨ ᠡᠵᠡᠩᠨᠡᠭᠴᠢ᠂ ᠰᠢᠭᠣᠳ ᠨᠡᠪᠲᠡᠷᠡᠭᠦᠯᠬᠦ᠎ᠶ᠋ᠢᠨ ᠪᠣᠷᠣᠯᠠᠭᠤᠯᠬᠤ ᠠᠵᠢᠯᠲᠠᠨ᠂ ᠱᠢᠭᠤᠳ ᠨᠡᠪᠲᠡᠷᠡᠭᠦᠯᠬᠦ᠎ᠶᠢᠨ ᠡᠵᠡᠩᠨᠡᠨ ᠪᠤᠷᠤᠯᠠᠭᠤᠯᠤᠭᠴᠢ᠎ᠶᠢᠨ ᠦᠢᠯᠡᠴᠢᠯᠡᠭᠡᠨ᠎ᠤ ᠪᠠᠢᠭᠤᠯᠤᠮᠵᠢ ᠵᠡᠷᠭᠡ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠡᠯ᠎ᠡ ᠬᠠᠮᠢᠶ᠎ᠠ ᠪᠥᠬᠦᠶ ᠭᠤᠤᠯ ᠴᠣᠭ᠍ᠴᠠ᠎ᠶ᠋ᠢᠨ ᠢᠳᠡᠭᠡᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠨ ᠪᠣᠳᠠᠲᠠᠢᠵᠢᠭᠤᠯᠵᠤ᠂ ᠢᠳᠡᠭᠡᠨ᠎ᠤ ᠰᠢᠭᠤᠳ ᠨᠡᠪᠲᠡᠷᠡᠭᠦᠯᠬᠦ᠌ ᠠᠵᠢᠯᠯᠠᠭ᠎ᠠ᠎ᠳᠡᠬᠢ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶᠢ ᠨᠠᠩ ᠰᠠᠢᠲᠤᠷ ᠰᠡᠷᠭᠡᠢᠯᠡᠪᠡ᠃

《ᠲᠤᠭᠲᠠᠭ᠋ᠠᠯ》᠎ᠳᠤ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠡᠵᠡᠩᠨᠡᠭ᠌ᠴᠢ᠎ᠶ᠋ᠢᠨ ᠬᠢᠨᠠᠨ ᠪᠠᠢᠴᠠᠭᠠᠵᠤ ᠳᠠᠩᠰᠠᠯᠠᠬᠤ᠂ ᠱᠢᠭᠤᠳ ᠨᠡᠪᠲᠡᠷᠡᠭᠦᠯᠬᠦ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠎ᠦ ᠪᠤᠯᠪᠠᠰᠣᠷᠠᠯ᠂ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶᠢᠨ ᠥᠪᠡᠰᠦᠪᠡᠨ ᠪᠠᠢ᠌ᠴᠠᠭ᠋ᠠᠯᠲᠠ᠂ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠂ ᠢᠳᠡᠭᠡᠨ᠎ᠤ ᠠᠮᠤᠷ ᠲᠦᠪᠱᠢᠨ᠎ᠤ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠱᠢᠢᠳᠪᠦᠷᠢᠯᠡᠬᠦ᠌ ᠵᠡᠷᠭᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠲᠤᠲᠤᠷᠬᠠᠢ᠌ᠯᠠᠪᠠ᠃ ᠵᠢᠱ᠌ᠢᠶᠡᠯᠡᠪᠡᠯ᠂ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠡᠵᠡᠩᠨᠡᠭ᠌ᠴᠢ ᠱᠢᠭᠤᠳ ᠨᠡᠪᠲᠡᠷᠡᠭᠦᠯᠬᠦ᠌ ᠲᠠᠰᠤᠭ᠎ᠤᠨ ᠡᠵᠡᠩᠨᠡᠭ᠌ᠴᠢ᠎ᠶ᠋ᠢᠨ ᠭᠤᠤᠯ ᠴᠣᠭ᠍ᠴᠠ᠎ᠶ᠋ᠢᠨ ᠬᠢᠷᠢ ᠬᠡᠮ᠂ ᠱᠢᠭᠤᠳ ᠨᠡᠪᠲᠡᠷᠡᠭᠦᠯᠦᠨ ᠡᠵᠡᠩᠨᠡᠭ᠌ᠰᠡᠨ ᠢᠳᠡᠭᠡᠨ ᠵᠢᠴᠢ ᠱᠢᠭᠤᠳ ᠨᠡᠪᠲᠡᠷᠡᠭᠦᠯᠬᠦ᠌ ᠦᠢᠯᠡ ᠠᠵᠢᠯᠯᠠᠭ᠎ᠠ᠎ᠨᠢ ᠬᠤᠯᠪᠣᠭ᠍ᠳᠠᠯ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ᠎ᠳᠦ ᠨᠡᠢ᠌ᠴᠡᠬᠦ ᠡᠰᠡᠬᠦ᠎ᠶᠢ 《ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠨᠠᠷᠢᠨ ᠲᠠᠩᠰᠠ》᠎ᠳᠤ ᠣᠷᠣᠭᠣᠯᠬᠣ ᠱᠠᠭ᠋ᠠᠷᠳᠠᠯᠭ᠎ᠠ᠎ᠶᠢ ᠲᠤᠲᠤᠷᠬᠠᠢ᠌ᠯᠠᠵᠦ᠂ ᠬᠠᠮᠢᠶᠠᠷᠤᠨ ᠡᠵᠡᠮᠳᠡᠬᠦ ᠭᠤᠤᠯᠳᠤᠯᠭ᠎ᠠ ᠲᠠᠢ ᠠᠭᠤᠯᠭ᠎ᠠ ᠪᠤᠯᠤᠭᠰᠠᠨ᠎ᠤ ᠬᠤᠪᠢ᠎ᠳᠤ᠂ 《ᠤᠶᠤᠨᠯᠢᠭ ᠬᠢᠨᠠᠨ ᠬᠡᠮᠵᠢᠯᠲᠡ᠂ ᠪᠠᠢ᠌ᠴᠠᠭ᠋ᠠᠨ ᠳᠣᠭᠢᠷᠠᠭᠤᠯᠬᠤ᠂ ᠲᠦᠷᠭᠡᠨ ᠱᠢᠢᠳᠪᠦᠷᠢᠯᠡᠬᠦ᠌》 ᠵᠡᠷᠭᠡ ᠠᠵᠢᠯ᠎ᠤᠨ ᠲᠤᠭᠲᠠᠯᠴᠠᠭ᠎ᠠ᠎ᠶ᠋ᠢ ᠪᠠᠢᠭᠤᠯᠵᠤ᠂ ᠲᠠᠪᠴᠠᠩ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠨᠢ ᠬᠡᠯᠪᠡᠷᠢ᠎ᠶ᠋ᠢᠨ ᠲᠡᠳᠦᠶ ᠪᠣᠯᠬᠤ᠎ᠠᠴᠠ ᠵᠠᠢ᠌ᠯᠡᠰᠭᠢᠨ᠎ᠡ᠃

ᠡᠭᠦᠨ᠎ᠤ ᠬᠠᠮᠲᠤ᠌᠂ ᠱᠢᠭᠤᠳ ᠨᠡᠪᠲᠡᠷᠡᠭᠦᠯᠬᠦ ᠲᠠᠰᠤᠭ᠎ᠤᠨ ᠡᠵᠡᠩᠨᠡᠭᠴᠢ᠂ ᠱᠢᠭᠤᠳ ᠨᠡᠪᠲᠡᠷᠡᠭᠦᠯᠬᠦ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠎ᠤ ᠮᠡᠳᠡᠭᠡ ᠵᠠᠩᠭᠢ᠎ᠶᠢᠨ ᠵᠠᠷᠯᠠᠯ᠂ ᠬᠡᠷᠡᠭ᠎ᠤᠨ ᠡᠮᠦᠨ᠎ᠡ ᠲᠣᠭ᠍ᠲᠠᠭᠠᠯ᠎ᠳᠤ ᠨᠡᠢᠴᠡᠭᠦᠯᠦᠨ ᠬᠢᠨᠠᠨ ᠬᠠᠷᠭᠤᠭᠤᠯᠬᠤ᠂ ᠢᠳᠡᠭᠡᠨ᠎ᠤ ᠬᠠᠮᠢᠶ᠎ᠠ ᠪᠦᠬᠦᠢ ᠮᠡᠳᠡᠭᠡ ᠵᠠᠩᠭᠢ᠎ᠶ᠋ᠢ ᠨᠡᠢᠲᠡᠯᠡᠬᠦ᠂ ᠥᠯᠢᠭᠡᠷ ᠡᠳ᠋ ᠰᠤᠭᠤᠯᠤᠨ ᠱᠢᠯᠭᠠᠨ ᠪᠠᠢᠴᠠᠭᠠᠬᠤ ᠵᠡᠷᠭᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠲᠤᠲᠤᠷᠬᠠᠢ᠌ᠯᠠᠪᠠ᠃ ᠵᠢᠱ᠌ᠢᠶᠡᠯᠡᠪᠡᠯ᠂ ᠰᠢᠭᠣᠳ ᠨᠡᠪᠲᠡᠷᠡᠭᠦᠯᠬᠦ᠎ᠠᠴᠠ ᠡᠮᠦᠨ᠎ᠡ᠂ ᠰᠢᠭᠣᠳ ᠨᠡᠪᠲᠡᠷᠡᠭᠦᠯᠬᠦ᠎ᠶᠢᠨ ᠳᠤᠮᠳᠠ᠎ᠡᠴᠡ ᠰᠢᠭᠣᠳ ᠨᠡᠪᠲᠡᠷᠡᠭᠦᠯᠬᠦ ᠎ᠶ᠋ᠢᠨ ᠳᠠᠷᠠᠭ᠎ᠠ ᠭᠤᠷᠪᠠᠨ ᠱᠠᠲᠤ ᠦᠶ᠎ᠡ᠎ᠳᠦ ᠱᠢᠭᠤᠳ ᠨᠡᠪᠲᠡᠷᠡᠭᠦᠯᠬᠦ ᠲᠠᠰᠤᠭ᠎ᠤᠨ ᠡᠵᠡᠩᠨᠡᠭ᠌ᠴᠢ᠎ᠶ᠋ᠢᠨ ᠭᠦᠢᠴᠡᠳᠭᠡᠬᠦ᠌ ᠶᠣᠰᠣᠲᠠᠶ ᠡᠭᠦᠷᠭᠡ᠎ᠶ᠋ᠢ ᠵᠢᠷᠤᠮᠵᠢᠭᠤᠯᠵᠤ᠂ ᠱᠢᠭᠤᠳ ᠨᠡᠪᠲᠡᠷᠡᠭᠦᠯᠬᠦ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠎ᠤ ᠠᠳᠠᠯᠢ ᠪᠤᠰᠤ ᠪᠠᠢᠳᠠᠯ᠎ᠳᠤ ᠴᠢᠭ᠌ᠯᠡᠭᠦᠯᠦᠨ ᠲᠣᠰ ᠲᠣᠰ ᠱᠠᠭᠠᠷᠳᠠᠯᠭ᠎ᠠ ᠳᠤᠷᠠᠳᠴᠤ᠌᠂ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠲᠦᠷᠢᠮ ᠪᠠ ᠴᠢᠩᠭ᠎ᠠ ᠨᠢᠮᠪᠠᠶ ᠪᠦᠲᠦᠭᠡᠭ᠌ᠳᠡᠬᠦᠨ ᠰᠣᠩᠭᠤᠬᠤ ᠲᠦᠷᠢᠮ᠎ᠢ ᠬᠠᠤᠯᠢ ᠶᠣᠰᠣᠭᠠᠷ ᠪᠠᠢᠭᠤᠯᠤᠨ ᠨᠠᠢᠳᠠᠪᠤᠷᠢᠵᠢᠭᠤᠯᠵᠤ᠂ ᠵᠣᠬᠢᠴᠠᠩᠭᠤᠶ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ ᠲᠣᠬᠢᠷᠠᠭᠤᠯᠬᠤ ᠬᠡᠷᠡᠭ᠌ᠲᠡᠶ ᠭᠡᠵᠦ᠍ ᠲᠤᠲᠤᠷᠬᠠᠢ᠌ᠯᠠᠪᠠ᠃

ᠡᠭᠦᠨ᠎ᠠᠴᠠ ᠭᠠᠳᠠᠨ᠎ᠠ᠂ ᠱᠢᠭᠤᠳ ᠨᠡᠪᠲᠡᠷᠡᠭᠦᠯᠬᠦ᠎ᠶ᠋ᠢᠨ ᠡᠵᠡᠩᠨᠡᠨ ᠪᠣᠷᠣᠯᠠᠭᠤᠯᠬᠤ ᠠᠵᠢᠯᠲᠠᠨ᠎ᠤ ᠦᠢᠯᠡᠴᠢᠯᠡᠭᠡᠨ᠎ᠤ ᠪᠠᠢᠭᠤᠯᠤᠮᠵᠢ ᠨᠢ ᠰᠢᠭᠤᠳ ᠨᠡᠪᠲᠡᠷᠡᠭᠦᠯᠬᠦ᠎ᠶᠢᠨ ᠡᠵᠡᠩᠨᠡᠨ ᠪᠣᠷᠣᠯᠠᠭᠤᠯᠬᠤ ᠠᠵᠢᠯᠲᠠᠨ᠎ᠤ ᠪᠤᠯᠪᠠᠰᠤᠷᠠᠯ ᠪᠠ ᠡᠳᠦᠷ ᠲᠤᠲᠤᠮ᠎ᠤᠨ ᠬᠠᠮᠢᠶᠠᠷᠤᠯᠲᠠ᠂ ᠪᠦᠲᠦᠭᠡᠭ᠌ᠳᠡᠬᠦᠨ ᠰᠣᠩᠭᠤᠬᠤ ᠵᠡᠷᠭᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠲᠤᠲᠤᠷᠬᠠᠢ᠌ᠯᠠᠪᠠ᠃ ᠵᠢᠱ᠌ᠢᠶᠡᠯᠡᠪᠡᠯ᠂ ᠱᠢᠭᠤᠳ ᠨᠡᠪᠲᠡᠷᠡᠭᠦᠯᠬᠦ᠎ᠶᠢᠨ ᠡᠵᠡᠩᠨᠡᠨ ᠪᠣᠷᠣᠯᠠᠭᠤᠯᠬᠤ ᠠᠵᠢᠯᠲᠡᠨ᠎ᠢ ᠬᠡᠷᠡᠭ᠎ᠤᠨ ᠡᠮᠦᠨ᠎ᠡ ᠲᠣᠭ᠍ᠲᠠᠭᠠᠯ᠎ᠳᠤ ᠨᠡᠢᠴᠡᠭᠦᠯᠦᠨ ᠬᠢᠨᠠᠨ ᠬᠠᠷᠭᠤᠭᠤᠯᠬᠤ ᠲᠤᠭᠲᠠᠯᠴᠠᠭ᠎ᠠ ᠪᠠ ᠢᠳᠡᠭᠡᠨ᠎ᠤ ᠦᠯᠢᠭᠡᠷ ᠡᠳ᠋ ᠰᠤᠭᠤᠯᠤᠨ ᠱᠢᠯᠭᠠᠨ ᠪᠠᠢᠴᠠᠭᠠᠬᠤ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠵᠤ᠂ ᠢᠳᠡᠭᠡᠨ᠎ᠤ ᠬᠠᠮᠢᠶ᠎ᠠ ᠪᠦᠬᠦᠢ ᠮᠡᠳᠡᠭᠡ ᠵᠠᠩᠭᠢ᠎ᠶ᠋ᠢ ᠦᠨᠡᠨ ᠪᠣᠳᠠᠲᠠᠶ᠂ ᠪᠦᠬᠦ᠌ ᠲᠠᠯ᠎ᠠ᠎ᠪᠠᠷ᠂ ᠵᠦᠪ ᠣᠨᠣᠪᠴᠢᠲᠠᠶ ᠨᠡᠢ᠌ᠳᠡᠯᠡᠵᠦ᠂ ᠱᠢᠭᠤᠳ ᠨᠡᠪᠲᠡᠷᠡᠭᠦᠯᠬᠦ᠌ ᠲᠠᠰᠤᠭ᠎ᠢᠶᠠᠷ ᠳᠠᠮᠵᠢᠭᠤᠯᠤᠨ ᠬᠠᠤᠯᠢ ᠴᠠᠭᠠᠵᠠ ᠬᠠᠤᠯᠢ ᠲᠣᠭ᠍ᠲᠠᠭᠠᠯ ᠪᠤᠶᠤ ᠢᠳᠡᠭᠡᠨ᠎ᠤ ᠠᠮᠤᠷ ᠲᠦᠪᠱᠢᠨ᠎ᠤ ᠪᠠᠷᠢᠮᠵᠢᠶ᠎ᠠ᠎ᠳᠤ ᠨᠡᠢᠴᠡᠬᠦ᠌ ᠦᠭᠡᠢ ᠢᠳᠡᠭᠡᠨ ᠡᠵᠡᠩᠨᠡᠵᠦ᠍ ᠪᠣᠯᠬᠤ ᠦᠭᠡᠢ ᠭᠡᠵᠦ ᠱᠠᠭ᠋ᠠᠷᠳᠠᠪᠠ᠃

《ᠲᠤᠭᠲᠠᠭ᠋ᠠᠯ》᠎ᠳᠤ ᠪᠠᠰᠠ ᠱᠢᠭᠤᠳ ᠨᠡᠪᠲᠡᠷᠡᠭᠦᠯᠬᠦ᠌ ᠡᠯᠧᠺᠲᠷᠣᠨ ᠬᠤᠳᠠᠯᠳᠤᠭᠠᠨ᠎ᠤ ᠡᠵᠡᠩᠨᠡᠭ᠌ᠴᠢ ᠲᠣᠰ ᠲᠣᠭ᠍ᠲᠠᠭᠠᠯ᠎ᠠᠴᠠ ᠵᠥᠷᠢᠴᠡᠪᠡᠯ ᠡᠷᠬᠡᠪᠰᠢ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠬᠡᠷᠡᠭ᠌ᠲᠡᠶ ᠭᠡᠵᠦ ᠲᠤᠲᠤᠷᠬᠠᠢ᠌ᠯᠠᠪᠠ᠃ ᠵᠢᠱ᠌ᠢᠶᠡᠯᠡᠪᠡᠯ᠂ ᠱᠢᠭᠤᠳ ᠨᠡᠪᠲᠡᠷᠡᠭᠦᠯᠬᠦ᠌ ᠲᠠᠰᠤᠭ᠎ᠡᠴᠡ ᠡᠵᠡᠩᠨᠡᠵᠦ ᠪᠠᠢ᠌ᠭ᠎ᠠ ᠢᠳᠡᠭᠡᠨ᠎ᠤ ᠲᠥᠷᠥᠯ᠎ᠢᠶᠠᠷ ᠳᠠᠮᠵᠢᠨ ᠬᠠᠤᠯᠢ᠎ᠲᠦ ᠲᠣᠭ᠍ᠲᠠᠭᠠᠭ᠍ᠰᠠᠨ ᠡᠭᠦᠷᠭᠡ᠎ᠪᠠᠨ ᠭᠦᠢ᠍ᠴᠡᠳᠭᠡᠭᠦ ᠥᠬᠡᠶ ᠪᠣᠳᠠᠲᠠᠶ ᠪᠠᠢᠳᠠᠯ᠎ᠢ ᠨᠠᠷᠢᠯᠢᠬ᠍ᠵᠢᠭᠤᠯᠵᠤ ᠪᠤᠯᠠᠬᠤ ᠦᠭᠡᠢ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠂ ᠲᠦᠷᠢᠮ ᠲᠣᠭ᠍ᠲᠠᠭᠠᠯ᠎ᠢ ᠬᠡᠷᠡᠭᠵᠢᠭᠦᠯᠬᠦ ᠪᠤᠶᠤ ᠱᠢᠨ᠎ᠡ᠎ᠪᠠᠷ ᠰᠢᠢ᠍ᠳᠭᠡᠨ ᠲᠣᠷᠭᠠᠬᠤ ᠵᠦᠢᠯ ᠵᠤᠷᠪᠤᠰ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠰᠢᠢ᠍ᠳᠭᠡᠨ ᠲᠣᠷᠭᠠᠬᠤ ᠦᠨᠳᠦᠰᠦ ᠪᠠᠷᠢᠮᠲᠠ᠎ᠶ᠋ᠢ ᠲᠣᠳᠣᠷᠬᠠᠢᠯᠠᠵᠤ᠂ 《 ᠲᠤᠭᠲᠠᠭ᠋ᠠᠯ》᠎ᠤᠨ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠴᠢᠩᠭᠠᠷᠠᠭᠤᠯᠤᠨ᠎ᠠ᠃

 

ᠢᠷᠡᠯᠲᠡ᠄ ᠲᠥᠪ ᠲᠧᠯᠸᠢᠰ᠎ᠤᠨ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ