ᠱᠢᠨ᠎ᠡ ᠲᠣᠭ᠍ᠲᠠᠭᠠᠯ ᠨᠡᠢ᠌ᠳᠡᠯᠡᠪᠡ! ᠢᠳᠡᠭᠡᠨ ᠪᠣᠷᠣᠯᠠᠭᠤᠯᠬᠤ ᠬᠤᠯᠪᠤᠭ᠋ᠠᠲᠦ ᠠᠵᠤ ᠠᠬᠤᠢᠯᠠᠯ᠎ᠤᠨ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠤᠲᠠᠲᠠᠢ᠌ᠵᠢᠭᠤᠯᠤᠨ᠎ᠠ
2025-12-31

ᠣᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ 《ᠢᠳᠡᠭᠡᠨ ᠪᠣᠷᠣᠯᠠᠭᠤᠯᠬᠤ ᠬᠤᠯᠪᠤᠭ᠋ᠠᠲᠦ ᠠᠵᠤ ᠠᠬᠤᠢᠯᠠᠯ᠎ᠤᠨ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠭᠠᠯ (ᠳᠣᠷᠣᠭ᠍ᠰᠢ 《 ᠲᠤᠭᠲᠠᠭ᠋ᠠᠯ》 ᠭᠡᠵᠦ᠍ ᠲᠣᠪᠴᠢᠯᠠᠨ᠎ᠠ)᠎ᠢ ᠲᠣᠭ᠍ᠲᠠᠭᠠᠨ ᠨᠡᠢᠲᠡᠯᠡᠵᠦ᠍᠂ ᠠᠵᠤ ᠠᠬᠤᠢᠯᠠᠯ᠎ᠤᠨ ᠶᠡᠷᠦᠩᠬᠡᠶ ᠵᠠᠬᠢᠷᠠᠭ᠎ᠠ᠂ ᠰᠠᠯᠪᠤᠷᠢ ᠪᠠᠢᠭᠤᠯᠤᠮᠵᠢ᠂ ᠡᠭᠦᠳᠡᠨ ᠳᠡᠯᠭᠡᠭᠦᠷ ᠵᠡᠷᠭᠡ᠎ᠶ᠋ᠢᠨ ᠢᠳᠡᠭᠡᠨ᠎ᠤ ᠠᠮᠤᠷ ᠲᠦᠪᠰᠢᠨ᠎ᠦ ᠭᠣᠣᠯ ᠴᠤᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠲᠠᠲᠠᠢ᠌ᠵᠢᠭᠤᠯᠵᠦ᠂ ᠰᠢᠰᠲᠸᠮᠵᠢᠲᠦ ᠴᠢᠨᠠᠷᠲᠠᠢ᠂ ᠤᠷᠤᠨ ᠪᠦᠰᠡ᠎ᠶᠢᠨ ᠴᠢᠨᠠᠷᠲᠠᠢ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢ ᠬᠦᠴᠦᠯᠡᠨ ᠰᠡᠷᠭᠡᠢ᠌ᠯᠡᠨ᠎ᠡ᠃

ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠎ᠶᠢᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠠᠵᠤ ᠠᠬᠤᠢ᠌ᠯᠠᠯ᠎ᠤᠨ ᠶᠡᠷᠦᠩᠬᠡᠢ ᠵᠠᠬᠢᠷᠡᠭ᠎ᠠ ᠨᠢ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠂ ᠰᠠᠯᠪᠤᠷᠢ ᠪᠠᠢᠭᠤᠯᠤᠮᠵᠢ᠂ ᠡᠭᠦᠳᠡᠨ ᠳᠡᠯᠭᠡᠭᠦᠷ᠎ᠢ ᠬᠠᠮᠤᠷᠤᠭ᠍ᠰᠠᠨ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠠᠵᠢᠯ᠎ᠤᠨ ᠳᠦᠷᠢᠮ ᠲᠤᠭᠲᠠᠭ᠋ᠠᠯ᠎ᠤᠨ ᠲᠤᠭᠲᠠᠯᠴᠠᠭ᠎ᠠ᠎ᠶ᠋ᠢ ᠪᠠᠢᠭᠤᠯᠤᠨ ᠬᠡᠷᠡᠭᠵᠢᠭᠦᠯᠬᠦ᠎ᠶᠢ ᠱᠠᠭ᠋ᠠᠷᠳᠠᠵᠦ᠂ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠎ᠶᠢᠨ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ᠂ ᠬᠢᠨᠠᠵᠤ ᠦᠨᠡᠯᠡᠬᠦ᠂ ᠲᠣᠭᠤᠷᠢᠨ ᠪᠠᠢ᠌ᠴᠠᠭ᠋ᠠᠬᠤ ᠪᠠᠢ᠌ᠴᠠᠭ᠋ᠠᠯᠲᠠ᠂ ᠠᠵᠢᠯᠲᠠᠨ᠎ᠤ ᠪᠤᠯᠪᠠᠰᠣᠷᠠᠯ᠂ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠵᠠᠷᠤᠳᠠᠯ᠎ᠢ ᠪᠠᠲᠤᠯᠠᠬᠤ ᠵᠡᠷᠭᠡ ᠲᠠᠯ᠎ᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠭᠤᠤᠯᠳᠠᠯᠭ᠎ᠠ᠎ᠲᠠᠢ ᠲᠤᠲᠤᠷᠬᠠᠢ᠌ᠯᠠᠪᠠ᠃ ᠨᠢᠭᠡᠳᠦᠯᠲᠡᠶ ᠬᠤᠳᠠᠯᠳᠤᠨ ᠠᠪᠴᠣ᠂ ᠲᠣᠬᠢᠷᠠᠭᠤᠯᠤᠨ ᠬᠦᠷᠭᠡᠬᠦ᠌᠎ᠶ᠋ᠢ ᠬᠡᠷᠡᠭ᠌ᠵᠢᠭᠦᠯᠵᠦ᠍ ᠪᠠᠢᠭ᠎ᠠ ᠠᠵᠤ ᠠᠬᠤᠢᠯᠠᠯ᠎ᠳᠤ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠎ᠶᠢ ᠢᠳᠡᠭᠡᠨ᠎ᠦ ᠪᠠᠷᠠᠭ᠎ᠠ ᠬᠠᠩᠭᠠᠭ᠍ᠰᠠᠳ᠎ᠲᠤ ᠵᠥᠪᠱᠢᠶᠡᠷᠡᠨ ᠣᠷᠣᠭᠤᠯᠬᠤ᠂ ᠦᠨᠡᠯᠡᠬᠦ᠌ ᠪᠠ ᠤᠬᠤᠷᠢᠵᠦ ᠭᠠᠷᠭᠠᠬᠤ ᠲᠤᠭᠲᠠᠯᠴᠠᠭ᠎ᠠ᠎ᠶ᠋ᠢ ᠨᠢᠭᠡᠳᠦᠯᠲᠡᠶ ᠪᠠᠢᠭᠤᠯᠵᠤ᠂ ᠬᠥᠮᠥᠷᠭᠡ᠎ᠡᠴᠡ ᠭᠠᠷᠭᠠᠵᠤ ᠪᠠᠷᠠᠭ᠎ᠠ ᠶᠠᠪᠤᠭᠤᠯᠬᠤ᠂ ᠵᠦᠭᠡᠭᠡᠪᠦᠷᠢ᠎ᠶᠢ ᠳᠠᠭ᠋ᠠᠭ᠋ᠠᠴᠢᠯᠠᠬᠤ ᠬᠠᠮᠢᠶᠠᠷᠤᠯᠲᠠ᠂ ᠡᠭᠦᠳᠡᠨ ᠳᠡᠯᠭᠡᠭᠦᠷ᠎ᠡᠴᠡ ᠪᠠᠷᠠᠭ᠎ᠠ ᠬᠦᠯᠢᠶᠡᠨ ᠠᠪᠬᠤ ᠵᠡᠷᠭᠡ ᠬᠠᠮᠲᠤᠷᠠᠭ᠍ᠰᠠᠨ ᠬᠠᠭᠤᠳᠠᠰᠤ᠎ᠶ᠋ᠢᠨ ᠲᠡᠮᠳᠡᠭ᠌ᠯᠡᠯ᠎ᠦᠨ ᠳᠦᠷᠢᠮ᠎ᠢ ᠨᠢᠭᠡᠳᠦᠯᠲᠡᠶ ᠪᠠᠢᠭᠤᠯᠬᠤ᠎ᠶ᠋ᠢᠨ ᠬᠠᠮᠲᠤ ᠱᠢᠮᠳᠠᠭᠤᠯᠤᠨ ᠨᠡᠢ᠌ᠲᠡᠪᠦᠷᠢᠵᠢᠭᠤᠯᠤᠨ᠎ᠠ᠃ 

ᠠᠵᠦ ᠠᠬᠤᠢ᠌ᠯᠠᠯ᠎ᠤᠨ ᠭᠤᠷᠪᠠᠨ ᠱᠠᠲᠤ᠎ᠪᠠᠷ ᠨᠡᠪᠲᠡᠷᠡᠯᠴᠡᠬᠦ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠂ ᠰᠠᠯᠪᠤᠷᠢ ᠪᠠᠢᠭᠤᠯᠤᠮᠵᠢ᠂ ᠡᠭᠦᠳᠡᠨ ᠳᠡᠯᠭᠡᠭᠦᠷ᠎ᠢ ᠲᠣᠰ ᠲᠣᠰ ᠡᠳᠦᠷ᠎ᠢᠶᠡᠷ ᠬᠠᠮᠢᠶᠠᠷᠤᠨ ᠡᠵᠡᠮᠳᠡᠬᠦ᠂ ᠭᠠᠷᠠᠭ᠎ᠢᠶᠠᠷ ᠵᠢᠭᠰᠠᠭ᠋ᠠᠨ ᠪᠠᠢ᠌ᠴᠠᠭ᠋ᠠᠬᠤ᠂ ᠰᠠᠷ᠎ᠠ᠎ᠪᠠᠷ ᠲᠣᠬᠢᠷᠠᠭᠤᠯᠬᠤ ᠠᠵᠢᠯ᠎ᠢ ᠰᠠᠢ᠌ᠲᠤᠷ ᠬᠢᠭᠰᠡᠨ ᠰᠠᠭᠤᠷᠢᠨ ᠳᠡᠭᠡᠷ᠎ᠡ᠂ ᠢᠯᠡᠷᠡᠭᠦᠯᠦᠭᠰᠡᠨ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢᠨ ᠳᠠᠯᠳᠠ ᠭᠡᠮ᠎ᠢ ᠱᠠᠲᠤ ᠳᠠᠷᠠᠭᠠᠯᠠᠨ ᠮᠡᠳᠡᠭᠦᠯᠵᠦ᠂ ᠡᠭᠦᠳᠡᠨ ᠳᠡᠯᠭᠡᠭᠦᠷ᠂ ᠰᠠᠯᠪᠤᠷᠢ ᠪᠠᠢᠭᠤᠯᠤᠮᠵᠢ᠂ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠎ᠶᠢᠨ ᠬᠠᠮᠲᠤ᠎ᠪᠠᠷ ᠤᠷᠤᠯᠴᠠᠭᠰᠠᠨ ᠢᠳᠡᠭᠡᠨ᠎ᠦ ᠠᠮᠤᠷ ᠲᠦᠪᠰᠢᠨ᠎ᠦ ᠠᠰᠠᠭᠤᠳᠡᠯ᠎ᠢ ᠮᠡᠳᠡᠭᠦᠯᠦᠨ ᠬᠦᠷᠭᠡᠬᠦ ᠪᠠ ᠰᠢᠢ᠍ᠳᠪᠦᠷᠢᠯᠡᠬᠦ ᠲᠤᠭᠲᠠᠯᠴᠠᠭ᠎ᠠ᠎ᠶᠢ ᠪᠦᠷᠢᠯᠳᠦᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠡᠭᠦᠨ᠎ᠳᠤ᠂ ᠡᠭᠦᠳᠡᠨ ᠳᠡᠯᠭᠡᠭᠦᠷ ᠨᠢ ᠰᠠᠯᠪᠦᠷᠢ ᠪᠠᠢ᠌ᠭᠤᠯᠤᠮᠵᠢ᠎ᠳᠤ ᠮᠡᠳᠡᠭᠦᠯᠦᠨ ᠬᠦᠷᠭᠡᠬᠦ᠎ᠶᠢᠨ ᠬᠠᠮᠲᠤ ᠢᠯᠡᠷᠡᠭᠦᠯᠦᠭᠰᠡᠨ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢᠨ ᠳᠠᠯᠳᠠ ᠭᠡᠮ᠎ᠢ ᠰᠢᠢ᠍ᠳᠪᠦᠷᠢᠯᠡᠨ᠎ᠡ; ᠰᠠᠯᠪᠦᠷᠢ ᠪᠠᠢ᠌ᠭᠤᠯᠤᠮᠵᠢ᠎ᠨᠤᠭᠤᠳ ᠠᠰᠠᠭᠤᠳᠡᠯ᠎ᠢ ᠴᠠᠭ ᠲᠤᠬᠠᠢ᠎ᠳᠤ ᠨᠢ ᠰᠢᠮᠳᠠᠭᠤᠯᠵᠦ ᠪᠠᠢ᠌ᠭ᠋ᠠᠳ ᠴᠡᠭᠴᠡᠯᠡᠨ ᠰᠠᠢ᠌ᠵᠢᠷᠠᠭᠤᠯᠵᠦ᠂ ᠡᠭᠦᠳᠡᠨ ᠳᠡᠯᠭᠡᠭᠦᠷ᠎ᠲᠤ ᠢᠯᠡᠷᠡᠭᠦᠯᠦᠭ᠌ᠰᠡᠨ ᠢᠳᠡᠭᠡᠨ᠎ᠤ ᠠᠮᠤᠷ ᠲᠦᠪᠱᠢᠨ᠎ᠤ ᠨᠡᠢᠲᠡᠯᠢᠭ ᠴᠢᠨᠠᠷᠲᠠᠢ ᠠᠰᠠᠭᠤᠳᠠᠯ᠎ᠢ ᠴᠠᠭ ᠲᠤᠬᠠᠢ᠎ᠳᠤ ᠨᠢ ᠬᠤᠷᠢᠶᠠᠩᠭᠤᠢᠯᠠᠨ ᠵᠠᠳᠠᠯᠬᠤ᠎ᠶᠢᠨ ᠬᠠᠮᠲᠤ ᠠᠵᠦ ᠠᠬᠤᠢ᠌ᠯᠠᠯ᠎ᠤᠨ ᠶᠡᠷᠦᠩᠬᠡᠢ ᠵᠠᠬᠢᠷᠡᠭ᠎ᠠ᠎ᠳᠤ ᠮᠡᠳᠡᠭᠦᠯᠦᠨ ᠬᠦᠷᠭᠡᠨ᠎ᠡ; ᠠᠵᠤ ᠠᠬᠤᠢᠯᠠᠯ᠎ᠤᠨ ᠶᠡᠷᠦᠩᠬᠡᠢ ᠵᠠᠬᠢᠷᠡᠭ᠎ᠠ᠎ᠨᠢ ᠰᠠᠯᠪᠤᠷᠢ ᠪᠠᠢᠭᠤᠯᠤᠮᠵᠢ᠂ ᠡᠭᠦᠳᠡᠨ ᠳᠡᠯᠭᠡᠭᠦᠷ᠎ᠲᠤ ᠢᠯᠡᠷᠡᠭᠦᠯᠦᠭ᠌ᠰᠡᠨ ᠢᠳᠡᠭᠡᠨ᠎ᠤ ᠠᠮᠤᠷ ᠲᠦᠪᠱᠢᠨ᠎ᠤ ᠠᠰᠠᠭᠤᠳᠠᠯ᠎ᠢ ᠴᠠᠭ ᠲᠤᠬᠠᠶ᠎ᠳᠤ ᠨᠢ ᠳ᠋ᠦᠩᠨᠡᠨ ᠵᠠᠳᠠᠯᠵᠤ᠂ ᠤᠨᠴᠠᠭ᠋ᠠᠢ᠌ᠯᠠᠨ ᠰᠢᠰᠲᠸᠮᠵᠢᠲᠦ ᠴᠢᠨᠠᠷᠲᠠᠶ ᠠᠰᠠᠭᠤᠳᠠᠯ᠎ᠢ ᠳᠤᠷᠠᠳᠭᠤ᠎ᠶ᠋ᠢᠨ ᠬᠠᠮᠲᠤ ᠱᠢᠢᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠨᠡᠢ᠌ᠲᠡᠪᠦᠷᠢᠵᠢᠭᠤᠯᠨ᠎ᠠ᠃

ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠱᠠᠭᠠᠷᠳᠠᠯᠭ᠎ᠠ᠎ᠶ᠋ᠢ ᠨᠠᠷᠢᠯᠢᠭᠵᠢᠭᠤᠯᠤᠨ᠎ᠠ᠃ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠂ ᠰᠠᠯᠪᠤᠷᠢ ᠪᠠᠢᠭᠤᠯᠤᠮᠵᠢ᠂ ᠡᠭᠦᠳᠡᠨ ᠳᠡᠯᠭᠡᠭᠦᠷ᠎ᠤᠨ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢᠨ ᠳᠠᠯᠳᠠ ᠭᠡᠮ᠎ᠢ ᠢᠯᠡᠷᠡᠭᠦᠯᠬᠦ᠂ ᠰᠡᠷᠭᠡᠢ᠌ᠯᠡᠬᠦ᠂ ᠬᠠᠮᠢᠶᠠᠷᠤᠨ ᠡᠵᠡᠮᠳᠡᠬᠦ ᠵᠡᠷᠭᠡ ᠲᠠᠯ᠎ᠠ᠎ᠶᠢᠨ ᠱᠠᠭ᠋ᠠᠷᠳᠠᠯᠭ᠎ᠠ᠎ᠶᠢ ᠲᠣᠰ ᠲᠣᠰ ᠨᠠᠷᠢᠯᠢᠭᠵᠢᠭᠤᠯᠤᠨ᠂ ᠢᠳᠡᠭᠡᠨ ᠬᠤᠳᠠᠯᠳᠤᠨ ᠠᠪᠬᠤ᠂ ᠠᠵᠢᠯᠲᠡᠨ᠎ᠤ ᠪᠤᠯᠪᠠᠰᠣᠷᠠᠯ᠎ᠢ ᠰᠢᠯᠭ᠋ᠠᠨ ᠬᠢᠨᠠᠬᠤ᠂ ᠵᠠᠭ᠋ᠠᠯᠳᠣᠯᠭ᠎ᠠ᠎ᠶᠢ ᠰᠢᠢ᠍ᠳᠪᠦᠷᠢᠯᠡᠬᠦ ᠵᠢᠴᠢ ᠣᠶᠣᠨᠴᠢᠯᠠᠭᠰᠠᠨ ᠬᠠᠮᠢᠶᠠᠷᠤᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠶᠢᠨ ᠬᠠᠷᠢᠭᠤᠴᠠᠯᠭ᠎ᠠ᠎ᠶᠢᠨ ᠱᠠᠭ᠋ᠠᠷᠳᠠᠯᠭ᠎ᠠ᠎ᠶᠢ ᠭᠣᠣᠯᠳᠣᠯᠭ᠎ᠠ ᠲᠠᠢ ᠲᠤᠲᠤᠷᠬᠠᠢ᠌ᠯᠠᠪᠠ; ᠥᠪᠡᠰᠦᠪᠡᠨ ᠪᠤᠶᠤ ᠨᠡᠢ᠌ᠳᠡᠨ ᠣᠷᠤᠯᠠᠵᠦ ᠬᠠᠳᠠᠭ᠋ᠠᠯᠠᠭᠤᠯᠬᠤ᠂ ᠲᠣᠬᠢᠷᠠᠭᠤᠯᠤᠨ ᠬᠦᠷᠭᠡᠬᠦ ᠠᠳᠠᠯᠢ ᠪᠤᠰᠤ ᠪᠠᠢ᠌ᠳᠠᠯ᠎ᠳᠤ ᠴᠢᠭᠯᠡᠭᠦᠯᠦᠨ᠂ ᠲᠠᠯᠠᠪᠦᠷ ᠭᠠᠵᠠᠷ᠂ ᠣᠷᠴᠢᠨ ᠲᠤᠭᠤᠷᠢᠨ᠂ ᠰᠠᠪᠠ ᠬᠡᠷᠡᠭᠰᠡᠯ᠂ ᠲᠦᠭᠦᠭᠡᠷᠣᠮᠵᠢ ᠵᠡᠷᠬᠡ᠎ᠶᠢᠨ ᠪᠤᠲᠠᠲᠠᠢ ᠲᠤᠭᠲᠠᠭ᠋ᠠᠯ᠎ᠢ ᠲᠤᠲᠤᠷᠬᠠᠢ᠌ᠯᠠᠪᠠ᠃

ᠡᠯ᠎ᠡ ᠱᠠᠲᠤᠨ᠎ᠤ ᠬᠢᠨᠠᠯᠲᠠ ᠬᠠᠮᠢᠶᠠᠷᠣᠯᠲᠠ᠎ᠶᠢᠨ ᠡᠷᠬᠡ ᠮᠡᠳᠡᠯ᠎ᠦᠨ ᠬᠡᠪᠴᠢᠶ᠎ᠡ᠎ᠶᠢ ᠲᠤᠲᠤᠷᠬᠠᠢ᠌ᠯᠠᠨ᠎ᠠ᠃ ᠡᠵᠡᠩᠨᠡᠯᠲᠡ᠎ᠶᠢᠨ ᠵᠠᠭᠪᠤᠷ᠂ ᠠᠵᠦ ᠠᠬᠤᠢ᠌ᠯᠠᠯ᠎ᠤᠨ ᠬᠡᠪᠴᠢᠶ᠎ᠠ᠂ ᠲᠦᠭᠰᠢᠭᠦᠷᠢ᠎ᠶᠢᠨ ᠵᠡᠷᠭᠡ ᠳᠡᠰ ᠵᠡᠷᠭᠡ ᠬᠦᠴᠦᠨ ᠵᠦᠢ᠌ᠯ᠎ᠢ ᠦᠨᠳᠦᠰᠦᠯᠡᠨ᠂ ᠢᠳᠡᠭᠡᠨ ᠪᠤᠷᠤᠯᠠᠭᠤᠯᠬᠤ ᠬᠤᠯᠪᠤᠭ᠋ᠠᠲᠦ ᠠᠵᠤ ᠠᠬᠤᠢᠯᠠᠯ᠎ᠳᠤ ᠱᠠᠲᠤ ᠬᠤᠪᠢᠶᠠᠬᠤ᠂ ᠲᠦᠷᠦᠯ ᠬᠤᠪᠢᠶᠠᠬᠤ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠵᠦ᠂ ᠲᠤᠬᠠᠢᠯᠠᠪᠠᠯ ᠮᠤᠵᠢ᠎ᠶ᠋ᠢᠨ ᠳᠡᠰ᠎ᠦᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ ᠳᠣᠲᠣᠷᠠᠬᠢ 300 ᠡᠷᠦᠬᠡ ᠵᠢᠴᠢ ᠲᠡᠭᠦᠨ᠎ᠠᠴᠠ ᠳᠡᠭᠡᠭ᠌ᠰᠢᠬᠢ ᠡᠭᠦᠳᠡᠨ ᠳᠡᠯᠭᠡᠭᠦᠷ᠎ᠤᠨ ᠠᠵᠦ ᠠᠬᠤᠢ᠌ᠯᠠᠯ᠎ᠤᠨ ᠶᠡᠷᠦᠩᠬᠡᠶ ᠵᠠᠬᠢᠷᠡᠭ᠎ᠠ᠎ᠶᠢᠨ ᠬᠢᠨᠠᠯᠲᠠ ᠬᠠᠮᠢᠶᠠᠷᠤᠯᠲᠠ᠎ᠶᠢ ᠬᠠᠷᠢᠭᠤᠴᠠᠵᠤ᠂ ᠬᠤᠲᠠ᠎ᠶ᠋ᠢᠨ ᠳᠡᠰ᠎ᠦᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ᠎ᠤ ᠳᠤᠲᠤᠷᠠᠬᠢ 300 ᠡᠷᠦᠬᠡ᠎ᠠᠴᠠ ᠳᠣᠷᠣᠭ᠍ᠰᠢᠬᠢ ᠡᠭᠦᠳᠡᠨ ᠳᠡᠯᠭᠡᠭᠦᠷ᠎ᠤᠨ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ᠂ ᠰᠠᠯᠪᠤᠷᠢ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠬᠠᠷᠢᠭᠤᠴᠠᠵᠦ᠂ ᠰᠢᠶᠠᠨ᠎ᠤ ᠳᠡᠰ᠎ᠦᠨ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠎ᠶᠢᠨ ᠰᠠᠯᠠᠭ᠎ᠠ ᠮᠦᠴᠢᠷ ᠨᠢ ᠬᠠᠷᠢᠶ᠎ᠠ ᠣᠷᠣᠨ᠎ᠤ ᠳᠣᠲᠣᠷᠠᠬᠢ ᠡᠭᠦᠳᠡᠨ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢ ᠬᠠᠷᠢᠭᠤᠴᠠᠨ᠎ᠠ᠃

ᠬᠠᠤᠯᠢ᠎ᠠᠴᠠ ᠵᠦᠷᠢᠴᠡᠭ᠌ᠰᠡᠨ ᠬᠡᠷᠡᠭ᠎ᠢ ᠰᠢᠢ᠍ᠳᠭᠡᠬᠦ ᠡᠷᠴᠢᠮ᠎ᠢᠶᠠᠨ ᠴᠢᠩᠭᠠᠷᠠᠭᠤᠯᠤᠨ᠎ᠠ᠃ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠢᠳᠡᠭᠡᠨ᠎ᠦ ᠠᠮᠤᠷ ᠲᠦᠪᠰᠢᠨ᠎ᠦ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠰᠠᠭᠤᠷᠢᠨ ᠳᠡᠭᠡᠷ᠎ᠡ᠂ ᠱᠢᠨ᠎ᠡ᠎ᠪᠡᠷ ᠨᠡᠮᠡᠭ᠌ᠳᠡᠭ᠌ᠰᠡᠨ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ ᠨᠢ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶ᠋ᠢᠨ ᠠᠵᠢᠯᠲᠠᠨ᠎ᠤ ᠪᠤᠯᠪᠠᠰᠣᠷᠠᠯ᠎ᠢ ᠲᠣᠭ᠍ᠲᠠᠭᠠᠯ ᠶᠣᠰᠣᠭᠠᠷ ᠬᠢᠨᠠᠨ ᠱᠢᠯᠭᠠᠭ᠍ᠰᠠᠨ ᠦᠭᠡᠶ᠂ ᠢᠳᠡᠭᠡᠨ᠎ᠦ ᠠᠮᠤᠷ ᠲᠦᠪᠰᠢᠨ᠎ᠦ ᠡᠨᠳᠡᠯ᠎ᠢ ᠰᠢᠢ᠍ᠳᠪᠦᠷᠢᠯᠡᠬᠦ ᠲᠦᠰᠦᠯ ᠲᠣᠭ᠍ᠲᠠᠭᠠᠭ᠍ᠰᠠᠨ ᠦᠭᠡᠶ ᠵᠡᠷᠭᠡ᠎ᠶᠢᠨ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠂ ᠤᠨᠴᠠᠭ᠋ᠠᠢ᠌ᠯᠠᠨ ᠠᠵᠤ ᠠᠬᠤᠢᠯᠠᠯ᠎ᠤᠨ ᠶᠡᠷᠦᠩᠬᠡᠶ ᠵᠠᠬᠢᠷᠡᠭ᠎ᠠ ᠨᠢ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶ᠋ᠢᠨ ᠳᠦᠷᠢᠮ ᠲᠤᠭᠲᠠᠭ᠋ᠠᠯ ᠪᠠᠢᠭᠤᠯᠤᠭ᠍ᠰᠠᠨ ᠦᠭᠡᠶ᠂ ᠱᠠᠭᠠᠷᠳᠠᠯᠭ᠎ᠠ ᠶᠣᠰᠣᠭᠠᠷ ᠢᠳᠡᠭᠡᠨ᠎ᠦ ᠠᠮᠤᠷ ᠲᠦᠪᠰᠢᠨ᠎ᠦ ᠪᠠᠢ᠌ᠳᠠᠯ᠎ᠳᠤ ᠪᠠᠢ᠌ᠴᠠᠭ᠋ᠠᠯᠲᠠ ᠪᠠ ᠦᠨᠡᠯᠡᠯᠲᠡ ᠬᠢᠭᠰᠡᠨ ᠦᠭᠡᠶ ᠵᠡᠷᠭᠡ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠰᠢᠢ᠍ᠳᠭᠡᠵᠦ᠂ ᠦᠢᠯᠡ ᠪᠠᠢᠳᠠᠯ ᠨᠢ ᠬᠦᠨᠳᠦ ᠨᠤᠴᠢᠲᠠᠢ᠎ᠳᠤ ᠵᠠᠷᠯᠢᠭ᠍ᠳᠠᠵᠤ ᠪᠠᠢᠭᠠᠳ ᠦᠢᠯᠡᠳᠪᠦᠷᠢᠯᠡᠯ᠎ᠢ ᠨᠢ ᠵᠣᠭ᠍ᠰᠣᠭᠠᠨ ᠠᠵᠢᠯ᠎ᠢ ᠨᠢ ᠵᠣᠭᠰᠣᠭ᠋ᠠᠵᠤ᠂ ᠵᠦᠪᠰᠢᠶᠡᠷᠡᠬᠦ ᠦᠨᠡᠮᠯᠡᠯ᠎ᠢ ᠨᠢ ᠬᠤᠷᠢᠶᠠᠨ ᠠᠪᠴᠦ ᠬᠦᠴᠦᠨ ᠦᠭᠡᠶ ᠪᠤᠯᠭ᠋ᠠᠨ᠎ᠠ᠃

 

ᠢᠷᠡᠯᠲᠡ᠄ ᠵᠠᠬ᠎ᠠ ᠳᠡᠯᠭᠡᠭᠦᠷ᠎ᠦᠨ ᠰᠢᠨ᠎ᠡ ᠬᠡᠯᠡᠯᠭᠡ