11 ᠳ᠋ᠦ᠍ᠭᠡᠷ ᠰᠠᠷ᠎ᠠ᠎ᠶ᠋ᠢᠨ 21 ᠤ ᠡᠳᠦᠷ᠎ᠠᠴᠠ 23 ᠤ ᠡᠳᠦᠷ᠂ 《ᠭᠠᠵᠠᠷ ᠵᠦᠢ᠎ᠶ᠋ᠢᠨ ᠪᠡᠯᠭᠡ ᠲᠡᠮᠳᠡᠭ᠎ᠢ ᠴᠤᠭᠯᠠᠭᠤᠯᠤᠨ ᠨᠠᠷᠠᠲᠤ ᠲᠡᠮᠳᠡᠭ᠎ᠢ ᠭᠠᠢ᠌ᠬᠠᠭᠤᠯᠤᠨ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠠᠭᠤᠰᠤᠯᠴᠠᠭᠤᠯᠤᠨ ᠬᠥᠭ᠌ᠵᠢᠯᠲᠡ᠎ᠶ᠋ᠢ ᠠᠬᠢᠭᠤᠯᠤᠶ᠎ᠠ》 ᠪᠠᠷ ᠭᠤᠤᠯ ᠰᠡᠳᠦᠪ ᠪᠣᠯᠭᠠᠭ᠍ᠰᠠᠨ 2025 ᠣᠨ ᠤ ᠭᠠᠵᠠᠷ ᠵᠦᠶ᠎ᠶ᠋ᠢᠨ ᠪᠡᠯᠭᠡ ᠲᠡᠮᠳᠡᠭ ᠲᠠᠢ ᠠᠵᠤ ᠦᠢᠯᠡᠰ᠎ᠤᠨ ᠬᠥᠭ᠌ᠵᠢᠯᠲᠡ᠎ᠶ᠋ᠢᠨ ᠰᠣᠯᠢᠯᠴᠠᠭᠠᠨ᠎ᠤ ᠶᠡᠭᠡ ᠬᠤᠷᠠᠯ ᠬᠢᠭᠡᠳ ᠭᠠᠵᠠᠷ ᠵᠦᠶ᠎ᠶ᠋ᠢᠨ ᠪᠡᠯᠭᠡ ᠲᠡᠮᠳᠡᠭ ᠲᠠᠢ ᠪᠦᠲᠦᠭᠡᠭᠳᠡᠭᠦᠨ᠎ᠤ ᠠᠷᠠᠯᠵᠢᠶᠠᠨ᠎ᠤ ᠬᠤᠷᠠᠯ ᠱᠠᠨᠳᠦ᠋ᠩ᠎ᠤᠨ ᠵᠢᠨᠠᠨ᠎ᠤ ᠣᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠥᠪ᠎ᠲᠤ ᠲᠡᠭᠦᠰ ᠠᠮᠵᠢᠯᠲᠠ᠎ᠲᠠᠢ ᠡᠷᠬᠢᠯᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠡᠴᠡ 《ᠰᠥᠨᠢᠳ᠎ᠤᠨ ᠬᠤᠨᠢᠨ ᠮᠢᠬ᠎ᠠ》᠂ 《ᠦᠶᠤᠸᠠᠨ᠎ᠤ ᠱᠢᠷ᠎ᠠ ᠲᠥᠪᠡᠳ ᠬᠠᠰᠢ》᠂ 《ᠠᠯᠠᠱᠠ᠎ᠶ᠋ᠢᠨ ᠴᠠᠭᠠᠨ ᠭᠤᠶᠣᠣ》 ᠵᠡᠷᠭᠡ ᠪᠥᠬᠦ᠌ ᠣᠷᠣᠨ᠎ᠤ 50 ᠭᠠᠷᠤᠶ ᠲᠥᠷᠥᠯ᠎ᠤᠨ ᠴᠢᠨᠠᠷ ᠰᠠᠢᠲᠠᠶ ᠭᠠᠵᠠᠷ ᠵᠦᠢ ᠶᠢᠨ ᠪᠡᠯᠭᠡ ᠲᠡᠮᠳᠡᠭ᠎ᠲᠠᠢ ᠪᠦᠲᠦᠭᠡᠭᠳᠡᠭᠦᠨ᠎ᠤ ᠦᠵᠡᠭᠦᠯᠦᠯᠭᠡ᠎ᠳᠦ ᠣᠷᠣᠯᠴᠠᠬᠤ ᠠᠵᠢᠯ᠎ᠢ ᠵᠣᠬᠢᠶᠠᠨ ᠪᠠᠢᠭᠤᠯᠪᠠ᠃

ᠦᠵᠡᠭᠦᠯᠦᠯᠭᠡ᠎ᠶ᠋ᠢᠨ ᠣᠷᠣᠨ ᠨᠢ 《ᠰᠦᠷᠯᠢᠭ ᠰᠠᠢᠬᠠᠨ ᠥᠪᠥᠷ ᠮᠣᠩᠭᠤᠯ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠱᠤᠭᠤᠮ》 ᠤᠨ ᠭᠤᠤᠯ ᠰᠡᠳᠦᠪ᠎ᠤᠨ ᠲᠣᠭᠤᠷᠢᠨ᠎ᠳᠤ᠂ ᠮᠢᠬ᠎ᠠ᠂ ᠠᠮᠤ ᠪᠤᠳᠠᠭ᠎ᠠ᠂ ᠰᠦ᠂ ᠨᠣᠯᠤᠤᠷ᠎ᠤᠨ ᠦᠵᠡᠭᠦᠯᠦᠯᠭᠡ ᠶ᠋ᠢᠨ ᠲᠣᠭᠣᠷᠢᠭ ᠵᠢᠴᠢ ᠲᠦᠢᠯ᠎ᠤᠨ ᠥᠪᠡᠷᠮᠢᠴᠡ ᠣᠨᠴᠠᠯᠢᠭ᠎ᠲᠠᠢ ᠲᠤᠷᠱᠢᠨ ᠢᠳᠡᠬᠦ᠌ ᠲᠣᠭᠣᠷᠢᠭ᠎ᠢ ᠨᠠᠷᠢᠨ ᠬᠢᠨᠠᠮᠠᠭ᠋ᠠᠢ᠂ ᠪᠠᠢ᠌ᠷᠢᠯᠠᠭᠤᠯᠵᠦ᠂ ᠮᠢᠬ᠎ᠠ᠂ ᠬᠢᠶᠠᠯᠠᠭ᠍ᠰᠠᠨ ᠬᠤᠨᠢᠨ᠎ᠤ ᠬᠠᠪᠢᠷᠭ᠎ᠠ᠂ ᠭᠦᠵᠡᠭᠡᠨ ᠮᠢᠬ᠎ᠠ ᠵᠡᠷᠭᠡ ᠤᠨᠴᠠᠯᠢᠬ᠍ᠳᠤ ᠠᠮᠲᠠᠲᠤ ᠢᠳᠡᠭᠡᠨ᠎ᠢ ᠳᠠᠪᠤᠰᠤᠯᠠᠭ᠍ᠰᠠᠨ ᠰᠦ ᠲᠠᠢ ᠴᠠᠶ ᠪᠠ ᠬᠤᠷᠤᠳ᠂ ᠥᠷᠥᠮ᠎ᠡ ᠵᠡᠷᠭᠡ ᠤᠯᠠᠮᠵᠢᠯᠠᠯᠲᠤ ᠴᠠᠭᠠᠨ ᠢᠳᠡᠭᠡᠨ ᠲᠠᠢ ᠲᠤᠬᠢᠷᠠᠭᠤᠯᠵᠦ᠂ ᠲᠣᠭᠤᠷᠢᠨ ᠦᠵᠡᠭ᠌ᠴᠢᠳ᠎ᠲᠤ ᠲᠠᠯ᠎ᠠ ᠨᠤᠲᠤᠭ᠎ᠡᠴᠡ ᠢᠷᠡᠭᠰᠡᠨ ᠪᠤᠷᠣᠭᠵᠢᠭᠤᠨ ᠠᠮᠲᠠᠲᠣ ᠢᠳᠡᠭᠡᠨ᠎ᠶ᠋ᠢ ᠱᠢᠭᠤᠳ ᠮᠡᠳᠡᠷᠡᠭᠦᠯᠪᠡ᠃ ᠲᠤᠬᠠᠶ᠎ᠶ᠋ᠢᠨ ᠲᠠᠯᠠᠪᠠᠶ᠎ᠳᠤ ᠪᠠᠰᠠ ᠤᠷᠣᠨ ᠨᠣᠲᠣᠭ᠎ᠤᠨ ᠥᠪᠡᠷᠮᠢᠴᠡ ᠣᠨᠴᠠᠯᠢᠭ᠎ᠲᠠᠢ ᠤᠷᠠᠨ ᠰᠠᠢᠬᠠᠨ ᠲᠣᠭ᠍ᠯᠠᠯᠲᠠ ᠭᠠᠷᠭᠠᠵᠤ᠂ ᠦᠵᠡᠭ᠌ᠴᠢᠳ᠎ᠲᠤ ᠥᠪᠥᠷ ᠮᠣᠩᠭᠤᠯ᠎ᠤᠨ ᠭᠠᠵᠠᠷ ᠵᠦᠶ᠎ᠶ᠋ᠢᠨ ᠪᠡᠯᠭᠡ ᠲᠡᠮᠳᠡᠭ ᠲᠠᠢ ᠪᠦᠲᠦᠭᠡᠭᠳᠡᠭᠦᠨ᠎ᠤ ᠷᠢᠳᠢ ᠱᠢᠳᠢ᠎ᠶ᠋ᠢ ᠮᠡᠳᠡᠷᠡᠭᠦᠯᠬᠦ᠌᠎ᠶ᠋ᠢᠨ ᠬᠠᠮᠲᠤ ᠪᠠᠰᠠ ᠥᠪᠥᠷ ᠮᠣᠩᠭᠤᠯ᠎ᠤᠨ ᠥᠪᠡᠷᠮᠢᠴᠡ ᠵᠠᠩ ᠦᠢᠯᠡ᠎ᠶ᠋ᠢᠨ ᠰᠣᠶᠣᠯ᠎ᠢ ᠣᠢ᠌ᠯᠠᠭ᠋ᠠᠭᠤᠯᠵᠦ᠂ ᠶᠡᠭᠡ ᠬᠡᠮᠵᠢᠶᠡᠨ᠎ᠤ ᠦᠵᠡᠭᠦᠯᠦᠯᠭᠡ᠎ᠳᠤ ᠣᠷᠣᠯᠴᠠᠭ᠍ᠰᠠᠳ ᠪᠣᠯᠤᠨ ᠬᠤᠳᠠᠯᠳᠤᠨ ᠠᠪᠤᠭ᠍ᠴᠢᠳ᠎ᠤᠨ ᠲᠣᠭᠤᠷᠢᠨ ᠦᠵᠡᠬᠦ᠂ ᠱᠢᠯᠭᠠᠨ ᠦᠵᠡᠬᠦ᠌ ᠪᠠ ᠰᠣᠯᠢᠯᠴᠠᠭ᠎ᠠ ᠬᠢᠬᠦ᠌ ᠠᠩᠬᠠᠷᠤᠯ᠎ᠢ ᠲᠠᠲᠠᠪᠠ᠃ ᠦᠵᠡᠰᠭᠦᠯᠡᠩ᠎ᠤᠨ ᠬᠤᠭᠤᠴᠠᠭᠠᠨ᠎ᠳᠤ᠂ ᠲᠤᠬᠠᠶ᠎ᠶ᠋ᠢᠨ ᠲᠠᠯᠠᠪᠠᠶ᠎ᠳᠤ ᠪᠣᠷᠣᠯᠠᠭᠤᠯᠤᠭ᠍ᠰᠠᠨ ᠵᠣᠭᠤᠰ᠎ᠤᠨ ᠲᠤᠭ᠎ᠠ᠎ᠨᠢ 18 ᠲᠦᠮᠡᠨ ᠲᠥᠭᠦᠷᠢᠭ᠎ᠲᠤ ᠬᠦᠷᠴᠦ᠍᠂ 6 ᠠᠵᠤ ᠠᠬᠤᠢᠯᠠᠯ 3337 ᠲᠦᠮᠡᠨ ᠲᠥᠭᠦᠷᠢᠭ᠎ᠤᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭ᠍ᠲᠠᠵᠤ᠂ 60 ᠭᠠᠷᠤᠶ ᠵᠦᠢᠯ᠎ᠤᠨ ᠰᠠᠨᠠᠮᠵᠢ ᠲᠠᠢ ᠬᠠᠮᠲᠤᠷᠠᠯᠴᠠᠭ᠎ᠠ ᠲᠤᠬᠢᠷᠠᠵᠠᠢ᠃
ᠣᠢᠷ᠎ᠠ᠎ᠶ᠋ᠢᠨ ᠵᠢᠯ ᠳᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ (ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ) ᠠᠴᠠ ᠲᠠᠷᠢᠶᠠᠯᠠᠩ ᠤᠨ ᠪᠦᠲᠦᠭᠡᠭᠳᠡᠭᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠣᠭᠤᠷᠢᠨ᠎ᠳᠤ᠂ ᠭᠠᠵᠠᠷ ᠵᠦᠶ᠎ᠶ᠋ᠢᠨ ᠪᠡᠯᠭᠡ ᠲᠡᠮᠳᠡᠭ ᠢᠶᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠭᠠᠵᠠᠷ ᠵᠦᠶ᠎ᠶ᠋ᠢᠨ ᠪᠡᠯᠭᠡ ᠲᠡᠮᠳᠡᠭ᠎ᠤᠨ ᠪᠣᠢ᠌ᠵᠢᠯᠲᠡ᠂ ᠳᠠᠩᠰᠠᠯᠠᠯᠲᠠ᠂ ᠬᠡᠷᠡᠭᠯᠡᠯᠲᠡ ᠪᠠ ᠬᠠᠮᠢᠶᠠᠷᠤᠯᠲᠠ᠎ᠶ᠋ᠢ ᠴᠢᠩᠭ᠋ᠠᠷᠠᠭᠤᠯᠤᠨ᠂ ᠥᠨᠳᠥᠷ ᠠᠯᠳᠠᠷᠱᠢᠯ᠎ᠲᠠᠢ ᠣᠷᠣᠨ ᠪᠦᠰᠡ᠎ᠶ᠋ᠢᠨ ᠨᠠᠷᠠᠲᠤ ᠲᠡᠮᠳᠡᠭ᠌ᠲᠦ᠍᠎ᠶ᠋ᠢ ᠪᠣᠶ ᠪᠣᠯᠭᠠᠪᠠ᠃ ᠭᠠᠵᠠᠷ ᠵᠦᠢ᠎ᠶ᠋ᠢᠨ ᠪᠡᠯᠭᠡ ᠲᠡᠮᠳᠡᠭ᠎ᠤᠨ ᠬᠡᠷᠡᠭ᠌ᠯᠡᠯᠲᠡ ᠶᠢ ᠠᠬᠢᠭᠤᠯᠬᠤ ᠢᠨᠵᠧᠨᠧᠷᠢᠩ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ 《ᠭᠠᠵᠠᠷ ᠵᠦᠢ᠎ᠶ᠋ᠢᠨ ᠪᠡᠯᠭᠡ ᠲᠡᠮᠳᠡᠭ᠎ᠢᠶᠠᠷ ᠠᠵᠤ ᠦᠢᠯᠡᠰ᠎ᠲᠤ ᠬᠦᠴᠦᠨ ᠣᠯᠭᠤᠵᠤ᠂ ᠠᠵᠤ ᠦᠢᠯᠡᠰ᠎ᠢᠶᠠᠷ ᠣᠷᠣᠯᠭ᠎ᠠ᠎ᠶ᠋ᠢ ᠨᠡᠮᠡᠭ᠌ᠳᠡᠭᠦᠯᠬᠦ᠌》 ᠰᠠᠢᠨ ᠣᠷᠴᠢᠯ᠎ᠢ ᠪᠦᠷᠢᠯᠳᠦᠭᠦᠯᠵᠦ᠍᠂ ᠭᠠᠵᠠᠷ ᠵᠦᠢ᠎ᠶ᠋ᠢᠨ ᠪᠡᠯᠭᠡ ᠲᠡᠮᠳᠡᠭ ᠪᠠᠷ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠢᠴᠢᠯᠠᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠬᠠᠮᠲᠤ᠎ᠪᠠᠷ ᠴᠢᠨᠡᠭᠡᠯᠢᠭ᠌ᠵᠢᠬᠦ᠌ ᠰᠠᠭᠤᠷᠢ᠎ᠶ᠋ᠢ ᠪᠠᠬᠢᠵᠢᠭᠦᠯᠬᠦ᠌ ᠴᠢᠬᠤᠯᠠ ᠲᠤᠯᠭᠠᠭᠤᠷᠢᠯᠠᠯ ᠢ ᠪᠠᠲᠤᠵᠢᠭᠤᠯᠵᠤ᠂ ᠮᠠᠨ᠎ᠤ ᠣᠷᠣᠨ᠎ᠤ ᠤᠨᠴᠠᠯᠢᠬ᠍ᠳᠤ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭᠳᠡᠭᠦᠯᠬᠦ᠂ ᠲᠠᠷᠢᠶᠠᠯᠠᠬᠤ ᠮᠠᠯᠵᠢᠬᠤ ᠣᠷᠣᠨ᠎ᠤ ᠴᠡᠴᠡᠭ᠌ᠯᠡᠨ ᠬᠦᠭᠵᠢᠯᠲᠡ᠎ᠳᠤ ᠲᠠᠰᠤᠷᠠᠯᠲᠠ ᠦᠭᠡᠢ ᠳᠣᠲᠣᠭᠠᠳᠤ ᠬᠥᠳᠡᠯᠭᠡᠬᠦ᠌ ᠬᠦᠴᠦᠨ ᠨᠡᠮᠡᠷᠢᠯᠡᠵᠦ᠍᠂ ᠮᠠᠨ᠎ᠤ ᠣᠷᠣᠨ᠎ᠤ ᠤᠯᠤᠰ᠎ᠤᠨ ᠴᠢᠬᠤᠯᠠ ᠲᠠᠷᠢᠶᠠᠯᠡᠩ ᠤᠨ ᠪᠦᠲᠦᠭᠡᠭᠳᠡᠭᠦᠨ ᠮᠠᠯ᠎ᠤᠨ ᠠᠱᠢᠭ ᠱᠢᠮ᠎ᠡ ᠶᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢᠭᠤᠯᠬᠤ᠎ᠳᠤ ᠱᠢᠨ᠎ᠡ ᠬᠦᠴᠦᠨ ᠴᠢᠳᠠᠯ᠎ᠢᠶᠠᠨ ᠡᠷᠭᠦᠨ᠎ᠡ᠃