ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠠᠷ ᠮᠡᠳᠡᠭᠡ᠎ᠶ᠋ᠢᠨ ᠪᠦᠲᠦᠭᠡᠯ᠎ᠢ ᠴᠤᠭᠯᠠᠭᠤᠯᠤᠨ ᠱᠢᠯᠭᠠᠷᠠᠭᠤᠯᠬᠤ ᠠᠵᠢᠯᠯᠠᠭ᠎ᠠ᠎ᠶ᠋ᠢ ᠠᠮᠵᠢᠯᠲᠠ᠎ᠲᠠᠢ ᠡᠷᠬᠢᠯᠡᠵᠦ᠍ ᠠᠵᠤ ᠦᠢᠯᠡᠰ᠎ᠤᠨ ᠳᠡᠰ ᠳᠡᠪᠱᠢᠬᠦ᠌ ᠪᠠ ᠨᠡᠷᠡᠲᠦ ᠲᠡᠮᠳᠡᠭ᠌ᠲᠦ᠍᠎ᠶ᠋ᠢᠨ ᠪᠦᠲᠦᠭᠡᠨ ᠪᠠᠢᠭᠤᠯᠤᠯᠲᠠ᠎ᠳᠤ ᠪᠦᠲᠦᠭᠡᠯᠴᠢ ᠬᠥᠳᠡᠯᠭᠡᠬᠦ᠌ ᠬᠦᠴᠦᠨ ᠨᠡᠮᠡᠷᠢᠯᠡᠪᠡ
2026-01-12

2025 ᠣᠨ᠎ᠤ 9 ᠳ᠋ᠦ᠍ᠭᠡᠷ ᠰᠠᠷ᠎ᠠ᠎ᠠᠴᠠ 12 ᠳ᠋ᠤᠭᠠᠷ ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠲᠡ᠎ᠶ᠋ᠢᠨ ᠠᠰᠠᠷᠠᠮᠵᠢ ᠵᠢᠴᠢ ᠬᠤᠳᠠᠯᠳᠤᠭᠠᠨ᠎ᠤ ᠵᠠᠷ ᠮᠡᠳᠡᠭᠡ᠎ᠶ᠋ᠢᠨ ᠪᠦᠲᠦᠭᠡᠯ᠎ᠢ ᠴᠤᠭ᠍ᠯᠠᠭᠤᠯᠵᠤ ᠱᠢᠯᠭᠠᠷᠠᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠨᠢ 《ᠬᠠᠷᠢᠯᠴᠠᠨ ᠬᠠᠪᠰᠤᠷᠤᠯᠴᠠᠨ ᠰᠠᠬᠢᠨ ᠪᠡᠷᠡᠯᠡᠵᠦ᠍  ᠤᠮᠠᠷᠠᠲᠤ ᠬᠢᠯᠢ᠎ᠳᠤ ᠡᠷᠡᠯᠬᠡᠭᠯᠡᠨ ᠣᠷᠣᠭᠰᠢᠯᠠᠬᠤ》 ᠪᠠ 《ᠤᠮᠠᠷᠠᠲᠤ ᠬᠢᠯᠢ᠎ᠶᠢᠨ ᠪᠦᠲᠦᠭᠡᠯᠴᠢ ᠰᠡᠳᠬᠢᠮᠵᠢ᠎ᠪᠡᠷ ᠡᠭᠦᠳᠦᠨ ᠵᠥᠪᠳᠡᠯᠴᠡᠵᠦ᠍  ᠬᠤᠳᠠᠯᠳᠤᠭ᠎ᠠ᠎ᠪᠠᠷ ᠢᠷᠡᠭᠡᠳᠦᠶ᠎ᠶ᠋ᠢ ᠴᠤᠭᠴᠠᠯᠠᠬᠤ》᠎ᠪᠠᠷ ᠭᠤᠤᠯ ᠰᠡᠳᠦᠪ ᠪᠣᠯᠭ᠋ᠠᠨ᠂ ᠪᠥᠬᠦ᠌ ᠤᠯᠤᠰ᠎ᠲᠤ ᠬᠠᠨᠳᠤᠭᠤᠯᠤᠨ ᠪᠦᠲᠦᠭᠡᠯᠴᠢ ᠰᠡᠳᠭᠢᠮᠵᠢ᠎ᠶ᠋ᠢ ᠥᠷᠭᠡᠨ᠎ᠢᠶᠠᠷ ᠴᠤᠭ᠍ᠯᠠᠭᠤᠯᠵᠤ᠂ ᠨᠡᠢᠲᠡ 2514 ᠬᠤᠪᠢ ᠪᠦᠲᠦᠮᠵᠢᠲᠡᠶ ᠪᠦᠲᠦᠭᠡᠯ ᠴᠤᠭ᠍ᠯᠠᠭᠤᠯᠵᠤ᠂ ᠬᠤᠷᠴᠠ ᠱᠢᠷᠦᠭᠦᠨ ᠥᠷᠢᠰᠥᠯᠳᠦᠭᠡᠨ ᠪᠠ ᠴᠢᠩᠭ᠎ᠠ ᠱᠢᠯᠭᠠᠷᠠᠭᠤᠯᠬᠤ᠂ ᠢᠯᠡ ᠨᠡᠢᠲᠡᠯᠡᠬᠦ᠌᠎ᠪᠠᠷ ᠳᠡᠮᠵᠢᠨ᠂ ᠡᠴᠦᠰ᠎ᠲᠦ᠎ᠪᠡᠨ 105 ᠬᠤᠪᠢ ᠱᠢᠯᠢᠳᠡᠭ ᠪᠦᠲᠦᠭᠡᠯ᠎ᠢ ᠰᠢᠯᠭ᠋ᠠᠷᠠᠭᠣᠯᠣᠭᠰᠠᠨ ᠪᠥᠭᠡᠳ ᠣᠯᠠᠨ ᠲᠠᠪᠴᠠᠩ᠎ᠢᠶᠠᠷ ᠳᠠᠮᠵᠢᠭᠤᠯᠤᠨ ᠳᠡᠯᠭᠡᠨ ᠨᠡᠪᠲᠡᠷᠡᠭᠦᠯᠪᠡ᠃

ᠲᠣᠰ ᠤᠳᠠᠭᠠᠨ᠎ᠤ ᠠᠵᠢᠯᠯᠠᠭ᠎ᠠ᠎ᠶ᠋ᠢᠨ ᠭᠤᠤᠯ ᠰᠡᠳᠦᠪ᠎ᠨᠢ ᠢᠯᠡ ᠲᠣᠳᠣ᠂ ᠤᠷᠤᠯᠳᠤᠭᠠᠨ᠎ᠤ ᠲᠦᠷᠢᠮ᠎ᠦᠨ ᠱᠢᠨ᠎ᠡ᠎ᠶ᠋ᠢ ᠡᠭᠦᠳᠪᠡ᠃ ᠡᠭᠦᠨ᠎ᠳᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠢ ᠪᠥᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠵᠡᠷᠭᠡ ᠴᠠᠭ ᠦᠶ᠎ᠡ᠎ᠶ᠋ᠢᠨ ᠭᠤᠤᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠨ᠎ᠤ ᠵᠠᠷ ᠮᠡᠳᠡᠭᠡ ᠨᠢ 《ᠦᠪᠦᠷ ᠮᠣᠩᠭᠤᠯ》 ᠲᠡᠮᠳᠡᠭᠲᠦ᠎ᠶᠢᠨ ᠨᠡᠷᠡᠲᠦ ᠲᠡᠮᠳᠡᠭᠲᠦ᠂ ᠤᠨᠴᠠᠯᠢᠬ᠍ᠳᠤ ᠲᠠᠷᠢᠶᠠᠯᠠᠩ ᠮᠠᠯ᠎ᠤᠨ ᠭᠠᠷᠣᠯᠲᠠ ᠵᠢᠴᠢ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ ᠲᠠᠢ ᠨᠠᠷᠢᠯᠢᠭ ᠣᠨᠣᠪᠴᠢᠲᠠᠢ᠎ᠪᠠᠷ ᠵᠣᠯᠭᠠᠯᠳᠤᠵᠤ᠂ ᠤᠷᠤᠯᠳᠤᠭᠠᠨ᠎ᠤ ᠲᠦᠷᠢᠮ᠎ᠨᠢ ᠪᠥᠬᠦ᠌ ᠤᠯᠤᠰ᠎ᠤᠨ ᠪᠦᠲᠦᠭᠡᠯᠴᠢ ᠬᠦᠴᠦᠨ᠎ᠢ ᠥᠷᠭᠡᠨ᠎ᠢᠶᠠᠷ ᠣᠷᠣᠯᠴᠠᠭᠤᠯᠤᠭᠰᠠᠨ ᠪᠥᠭᠡᠳ ᠡᠷᠬᠡ ᠰᠦᠷᠲᠦ ᠬᠢᠨᠠᠨ ᠲᠣᠭ᠍ᠲᠠᠭᠠᠯᠲᠠ ᠪᠠ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠪᠠᠷ ᠳᠠᠮᠵᠢᠭᠤᠯᠤᠨ᠂ ᠣᠷᠣᠨ ᠪᠦᠰᠡ᠎ᠶ᠋ᠢᠨ ᠨᠠᠷᠠᠲᠤ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃

ᠲᠣᠰ ᠤᠳᠠᠭᠠᠨ᠎ᠤ ᠠᠵᠢᠯᠯᠠᠭ᠎ᠠ ᠨᠢ ᠣᠷᠣᠨ ᠪᠦᠰᠡ ᠠᠯᠤᠰᠯᠠᠭ᠍ᠰᠠᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠪᠦᠲᠦᠭᠡᠯᠴᠢ ᠡᠬᠢ ᠪᠠᠶᠠᠯᠢᠭ ᠬᠢᠭᠡᠳ ᠮᠠᠨ᠎ᠤ ᠣᠷᠣᠨ᠎ᠤ ᠣᠨᠴᠠᠯᠢᠭ᠍ᠲᠤ ᠡᠬᠢ ᠪᠠᠶᠠᠯᠢᠭ᠎ᠤᠨ ᠳᠠᠪᠠᠭᠤᠯᠢᠭ᠎ᠢ ᠭᠦᠨᠵᠡᠭᠡᠶ ᠤᠶᠠᠯᠳᠤᠭᠤᠯᠵᠤ᠂ 《ᠦᠪᠦᠷ ᠮᠣᠩᠭᠤᠯ》 ᠲᠡᠮᠳᠡᠭᠲᠦ᠎ᠶᠢᠨ ᠨᠠᠷᠠᠲᠤ ᠲᠡᠮᠳᠡᠭ᠌ᠲᠦ᠍᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠤᠨ ᠨᠠᠷᠠᠲᠤ ᠲᠡᠮᠳᠡᠭ᠌ᠲᠦ᠍᠎ᠶ᠋ᠢ ᠱᠤᠭᠤᠬᠤ ᠪᠠ ᠲᠠᠷᠢᠶᠠᠯᠠᠩ ᠮᠠᠯ᠎ᠤᠨ ᠭᠠᠷᠤᠯᠲᠠ᠎ᠶᠢᠨ ᠦᠨ᠎ᠡ ᠥᠷᠲᠡᠭ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠤᠯ᠎ᠤᠨ ᠵᠠᠷ ᠮᠡᠳᠡᠭᠡ᠎ᠶᠢᠨ ᠦᠢᠯᠡᠰ ᠬᠢᠭᠡᠳ ᠠᠵᠤ ᠠᠬᠤᠶ ᠨᠡᠢᠭᠡᠮ᠎ᠤᠨ ᠬᠠᠮᠵᠢᠯᠴᠠᠭ᠎ᠠ ᠬᠦᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃

ᠢᠷᠡᠯᠲᠡ᠄ ᠵᠠᠷ ᠮᠡᠳᠡᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ