ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢᠨ ᠣᠪ ᠮᠡᠬᠡ ᠭᠠᠷᠭ᠋ᠠᠬᠤ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠪᠠᠢᠴᠠᠭᠠᠨ ᠰᠢᠢ᠍ᠳᠪᠦᠷᠢᠯᠡᠵᠦ᠂ ᠬᠠᠤᠯᠢ ᠬᠡᠷᠡᠭ᠌ᠵᠢᠭᠦᠯᠬᠦ᠌ ᠪᠠᠷᠢᠮᠵᠢᠶ᠎ᠠ᠎ᠶᠢ ᠨᠢᠭᠡᠳᠬᠡᠬᠦ᠎ᠶᠢᠨ ᠲᠥᠯᠥᠭᠡ᠂ ᠣᠢᠷ᠎ᠠ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ 《ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠪᠠᠢᠭᠤᠯᠤᠮᠵᠢ᠎ᠶ᠋ᠢᠨ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠬᠠᠭᠤᠷᠮᠠᠭ᠎ᠢᠶᠠᠷ ᠵᠣᠬᠢᠶᠠᠭᠰᠠᠨ ᠪᠤᠶᠤ ᠬᠤᠳᠠᠯ ᠬᠠᠭᠤᠷᠮᠠᠭ ᠦᠨᠡᠮᠯᠡᠯ ᠭᠠᠷᠭ᠋ᠠᠨ ᠥᠭ᠌ᠭᠦᠭ᠌ᠰᠡᠨ ᠦᠢᠯᠡ ᠪᠠᠢᠳᠠᠯ᠎ᠤᠨ ᠬᠦᠨᠳᠦ ᠨᠣᠴᠢ᠎ᠶᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠶᠢᠨ ᠲᠤᠬᠠᠢ ᠰᠠᠨᠠᠯ》 (ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠲᠠᠪᠤᠨ ᠵᠦᠢ᠍ᠯ᠎ᠤᠨ ᠪᠠᠢᠳᠠᠯ᠎ᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠎ᠶ᠋ᠢᠨ ᠲᠠᠪᠢᠨ ᠳᠣᠯᠣᠳᠤᠭᠠᠷ ᠵᠤᠷᠪᠤᠰ᠎ᠤᠨ ᠨᠢᠭᠡᠳᠦᠭᠡᠷ ᠪᠠᠳᠠᠭ᠎ᠲᠤ ᠲᠣᠭ᠍ᠲᠠᠭᠠᠭ᠍ᠰᠠᠨ 《ᠦᠢᠯᠡ ᠪᠠᠢᠳᠠᠯ᠎ᠨᠢ ᠬᠦᠨᠳᠦ ᠨᠣᠴᠢᠲᠠᠢ》᠎ᠳᠦ ᠬᠠᠷᠢᠶᠠᠯᠠᠭᠳᠠᠬᠤ᠎ᠶ᠋ᠢ ᠲᠣᠳᠣᠷᠬᠠᠢᠯᠠᠪᠠ᠄
ᠨᠢᠭᠡ᠎ᠳᠤ᠂ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠬᠠᠭᠤᠷᠮᠠᠭ᠎ᠢᠶᠠᠷ ᠵᠣᠬᠢᠶᠠᠭ᠍ᠰᠠᠨ ᠪᠤᠶᠤ ᠬᠤᠳᠠᠯ ᠬᠠᠭᠤᠷᠮᠠᠭ ᠦᠨᠡᠮᠯᠡᠯ ᠭᠠᠷᠭ᠋ᠠᠨ ᠥᠭ᠌ᠭᠦᠭ᠌ᠰᠡᠨ᠎ᠠᠴᠠ ᠪᠣᠯᠵᠤ ᠶᠠᠯ᠎ᠠ ᠪᠦᠷᠢᠯᠳᠦᠨ᠂ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠭ᠌ᠳᠡᠭ᠌ᠰᠡᠨ; ᠬᠤᠶᠠᠷ᠎ᠲᠤ᠂ ᠬᠤᠶᠠᠷ ᠵᠢᠯ᠎ᠤᠨ ᠳᠣᠲᠣᠷ᠎ᠠ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠬᠠᠭᠤᠷᠮᠠᠭ᠎ᠢᠶᠠᠷ ᠵᠣᠬᠢᠶᠠᠭ᠍ᠰᠠᠨ ᠪᠤᠶᠤ ᠬᠤᠳᠠᠯ ᠬᠠᠭᠤᠷᠮᠠᠭ ᠦᠨᠡᠮᠯᠡᠯ ᠭᠠᠷᠭ᠋ᠠᠨ ᠥᠭᠭᠦᠭᠰᠡᠨ᠎ᠡᠴᠡ 1 ᠤᠳᠠᠭ᠎ᠠ ᠵᠠᠰᠠᠭ ᠵᠠᠬᠢᠷᠭᠠᠨ᠎ᠤ ᠱᠢᠢᠳᠭᠡᠯ ᠣᠯᠣᠭ᠋ᠠᠳ᠂ ᠪᠠᠰᠠ ᠠᠳᠠᠯᠢ ᠲᠥᠷᠥᠯ᠎ᠤᠨ ᠬᠠᠤᠯᠢ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠢᠭ᠌ᠰᠡᠨ ; ᠭᠤᠷᠪᠠ᠎ᠳᠤ᠂ ᠬᠡᠦᠬᠡᠳ᠎ᠤᠨ ᠬᠡᠷᠡᠭ᠌ᠰᠡᠯ᠂ ᠵᠠᠮ᠎ᠤᠨ ᠮᠠᠱᠢᠨ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠭᠠᠯ ᠰᠡᠷᠭᠡᠢ᠌ᠯᠡᠬᠦ ᠦᠢᠯᠡᠳᠬᠦᠨ᠂ ᠠᠶᠤᠯ ᠲᠠᠢ ᠬᠢᠮᠢ᠎ᠶ᠋ᠢᠨ ᠪᠣᠳᠠᠰ᠂ ᠠᠷᠠᠳ᠎ᠤᠨ ᠬᠡᠷᠡᠭ᠌ᠯᠡᠭᠡᠨ᠎ᠤ ᠳᠡᠯᠪᠡᠷᠡᠬᠦ᠌ ᠪᠣᠳᠠᠰ᠂ ᠪᠠᠷᠢᠯᠭ᠎ᠠ᠎ᠶ᠋ᠢᠨ ᠳᠤᠯᠠᠭᠠᠨ᠎ᠢ ᠬᠠᠳᠠᠭ᠋ᠠᠯᠠᠬᠤ ᠮᠠᠲ᠋ᠧᠷᠢᠶᠠᠯ᠂ ᠦᠢ᠍ᠯᠡᠳᠪᠦᠷᠢᠯᠡᠯ᠎ᠦᠨ ᠵᠥᠪᠱᠢᠶᠡᠷᠡᠯ᠎ᠤᠨ ᠦᠨᠡᠮᠯᠡᠯ ᠪᠤᠶᠤ ᠠᠯᠪᠠᠳᠠᠯᠭ᠎ᠠ᠎ᠶ᠋ᠢᠨ ᠴᠢᠨᠠᠷᠲᠠᠢ ᠦᠢᠯᠡᠳᠬᠦᠨ᠎ᠤ ᠭᠡᠷᠡᠴᠢᠯᠡᠯ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌ ᠵᠡᠷᠭᠡ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠠᠮᠤᠷ ᠲᠦᠪᠱᠢᠨ ᠪᠠ ᠣᠯᠠᠨ ᠨᠡᠢᠲᠡ᠎ᠶ᠋ᠢᠨ ᠠᠮᠤᠷ ᠲᠦᠪᠱᠢᠨ᠎ᠳᠤ ᠬᠤᠯᠪᠣᠭ᠍ᠳᠠᠬᠤ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠬᠤᠳᠠᠯ ᠬᠠᠭᠤᠷᠮᠠᠭ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ᠎ᠶ᠋ᠢ 2 ᠬᠤᠪᠢ᠎ᠠᠴᠠ ᠳᠡᠭᠡᠭ᠌ᠰᠢ ᠭᠠᠷᠭ᠋ᠠᠨ ᠥᠭ᠌ᠭᠦᠭ᠌ᠰᠡᠨ ᠪᠤᠶᠤ ᠡᠯ᠎ᠡ ᠲᠥᠷᠥᠯ᠎ᠤᠨ ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠬᠦᠷᠢᠶ᠎ᠡ ᠴᠠᠷᠠᠭ᠎ᠠ᠎ᠳᠤ ᠬᠤᠳᠠᠯ ᠬᠠᠭᠤᠷᠮᠠᠭ ᠮᠡᠳᠡᠭᠦᠯᠦᠯᠲᠡ 10 ᠬᠤᠪᠢ᠎ᠠᠴᠠ ᠳᠡᠭᠡᠭ᠌ᠰᠢ ᠭᠠᠷᠭᠠᠭ᠍ᠰᠠᠨ; ᠳᠥᠷᠪᠡ᠎ᠳᠤ᠂ ᠬᠦᠨᠳᠦ ᠶᠡᠭᠡ᠂ ᠤᠨᠴᠠᠭ᠋ᠠᠢ ᠶᠡᠭᠡ ᠶᠠᠰᠤ ᠴᠢᠨᠠᠷ᠎ᠤᠨ ᠠᠮᠤᠷ ᠲᠦᠪᠰᠢᠨ᠎ᠦ ᠬᠡᠷᠡᠭ ᠭᠠᠷᠭᠠᠭ᠍ᠰᠠᠨ ᠪᠤᠶᠤ ᠨᠡᠢᠭᠡᠮ᠎ᠳᠤ ᠬᠠᠷ᠎ᠠ ᠬᠣᠣᠷᠲᠠᠢ ᠨᠥᠯᠥᠭᠡ ᠭᠠᠷᠭᠠᠭ᠍ᠰᠠᠨ; ᠲᠠᠪᠤ᠎ᠳᠤ᠂ ᠪᠤᠰᠤᠳ ᠬᠠᠤᠯᠢ ᠲᠣᠭ᠍ᠲᠠᠭᠠᠯ ᠶᠣᠰᠣᠭᠠᠷ ᠦᠢᠯᠡ ᠪᠠᠢᠳᠠᠯ ᠨᠢ ᠬᠦᠨᠳᠦ ᠨᠣᠴᠢᠲᠠᠶ ᠪᠠᠢ᠌ᠳᠠᠯ᠎ᠢᠶᠠᠷ ᠮᠠᠭ᠋ᠠᠳᠯᠠᠨ ᠲᠣᠭᠲᠠᠭ᠋ᠠᠬᠤ ᠶᠣᠰᠣᠲᠠᠢ ᠪᠠᠢ᠌ᠳᠡᠯ᠃
ᠳᠡᠭᠡᠷ᠎ᠡ ᠳᠤᠷᠠᠳᠤᠭ᠍ᠰᠠᠨ ᠪᠠᠢᠳᠠᠯ᠎ᠳᠤ ᠨᠡᠢᠴᠡᠬᠦ᠌ ᠬᠠᠤᠯᠢ᠎ᠠᠴᠠ ᠵᠥᠷᠢᠴᠡᠭ᠌ᠰᠡᠨ ᠪᠠᠢᠭᠤᠯᠤᠮᠵᠢ᠎ᠳᠦ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭᠠᠷ ᠲᠡᠭᠦᠨ᠎ᠤ ᠱᠢᠯᠭᠠᠨ ᠪᠠᠢᠴᠠᠭᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭᠠᠬᠤ᠎ᠶ᠋ᠢᠨ ᠬᠠᠮᠲᠤ ᠲᠣᠭ᠍ᠲᠠᠭᠠᠯ ᠶᠣᠰᠣᠭᠠᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ᠎ᠡᠴᠡ ᠬᠦᠨᠳᠦ ᠨᠣᠴᠢᠲᠠᠶ ᠵᠥᠷᠢᠴᠡᠵᠦ᠍ ᠢᠲᠡᠭᠡᠮᠵᠢ ᠠᠯᠳᠠᠭ᠍ᠰᠠᠨ ᠨᠡᠷᠡᠰ᠎ᠲᠤ ᠵᠢᠭ᠍ᠰᠠᠭᠠᠨ ᠣᠷᠣᠭᠤᠯᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ᠌᠎ᠶ᠋ᠢ ᠬᠡᠷᠡᠭ᠌ᠵᠢᠭᠦᠯᠦᠨ᠎ᠡ᠃
ᠣᠢᠷ᠎ᠠ᠎ᠶ᠋ᠢᠨ ᠵᠢᠯ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠬᠦᠷᠢᠶ᠎ᠠ ᠴᠠᠷᠠᠭ᠎ᠠ᠎ᠳᠠᠬᠢ ᠬᠢᠨᠠᠯᠲᠠ ᠬᠠᠮᠢᠶᠠᠷᠤᠯᠲᠠ᠎ᠶ᠋ᠢᠨ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ᠎ᠶ᠋ᠢᠨ 《ᠮᠡᠬᠡ ᠭᠠᠷᠭ᠋ᠠᠬᠤ》 ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠪᠡ᠃ 2025 ᠣᠨ᠎ᠳᠤ 4221 ᠬᠤᠪᠢ ᠬᠠᠤᠯᠢ᠎ᠶ᠋ᠢ ᠵᠥᠷᠢᠴᠡᠭ᠌ᠰᠡᠨ ᠬᠡᠷᠡᠭ᠎ᠢ ᠪᠠᠢᠴᠠᠭᠠᠨ ᠱᠢᠢᠳᠭᠡᠵᠦ᠍᠂ 403 ᠬᠤᠪᠢ ᠰᠢᠯᠠᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ ᠬᠢᠷᠢ ᠬᠡᠮ᠎ᠤᠨ ᠭᠡᠷᠡᠴᠢᠯᠡᠯ᠎ᠦᠨ ᠦᠨᠡᠮᠯᠡᠯ᠎ᠢ ᠬᠦᠴᠦᠨ ᠦᠭᠡᠢ (ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ) ᠪᠣᠯᠭᠠᠪᠠ᠃ ᠲᠣᠰ ᠤᠳᠠᠭᠠᠨ᠎ᠤ 《ᠰᠠᠨᠠᠯ》᠎ᠢ ᠨᠡᠢᠲᠡᠯᠡᠭ᠌ᠰᠡᠨ᠎ᠨᠢ ᠬᠠᠤᠯᠢ᠎ᠠᠴᠠ ᠵᠥᠷᠢᠴᠡᠭ᠌ᠰᠡᠨ ᠦᠢᠯᠡ ᠪᠠᠢᠳᠠᠯ᠎ᠤᠨ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠎ᠶ᠋ᠢ ᠤᠯᠠᠮ ᠨᠢᠭᠡ ᠠᠯᠬᠤᠮ ᠨᠠᠷᠢᠯᠢᠬ᠍ᠵᠢᠭᠤᠯᠵᠤ᠂ ᠬᠠᠤᠯᠢ ᠬᠡᠷᠡᠭ᠌ᠵᠢᠭᠦᠯᠬᠦ᠌ ᠠᠵᠢᠯ᠎ᠳᠤ ᠲᠣᠮᠣᠷᠠᠭᠤᠨ᠂ ᠨᠢᠭᠡᠳᠦᠯᠲᠡᠶ ᠲᠠᠰᠤᠯᠤᠯᠲᠠ᠎ᠶ᠋ᠢᠨ ᠵᠢᠯᠣᠭᠤᠳᠣᠯᠭ᠎ᠠ ᠬᠠᠩᠭᠠᠵᠤ᠂ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭᠵᠢᠭᠦᠯᠬᠦ ᠵᠢᠷᠤᠮᠵᠢᠯᠳᠤ ᠴᠢᠨᠠᠷ᠂ ᠣᠨᠣᠪᠴᠢ᠎ᠶ᠋ᠢᠨ ᠬᠡᠮᠵᠢᠶ᠎ᠡ ᠪᠠ ᠰᠦᠷᠳᠡᠭᠦᠯᠬᠦ᠌ ᠬᠦᠴᠦᠨ᠎ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ᠃