ᠣᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ (ᠤᠯᠤᠰ᠎ᠤᠨ ᠪᠠᠷᠢᠮᠵᠢᠶᠠᠵᠢᠯ᠎ᠤᠨ ᠵᠥᠪᠯᠡᠯ)》 《〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠶ᠋ᠴᠡᠳᠭᠡᠬᠦ᠌〉᠎ᠶᠢᠨ ᠭᠤᠤᠯᠳᠠᠯᠭ᠎ᠠ᠎ᠲᠠᠢ ᠵᠦᠶ᠋ᠯᠡᠰ᠎ᠢ 〈ᠲᠥᠪᠯᠡᠷᠡᠭᠦᠯᠦᠨ ᠭᠦᠶ᠋ᠴᠡᠳᠭᠡᠬᠦ᠌〉 ᠠᠵᠢᠯ᠎ᠤᠨ ᠵᠦᠭ᠌ᠯᠡᠭᠦᠷ》 (GB/T 45836—2025) ᠬᠢᠭᠡᠳ 《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ ᠶᠡᠭᠡ ᠲᠢᠩᠬᠢᠮ᠎ᠤᠨ ᠡᠷᠴᠢᠮᠵᠢᠭᠦᠯᠦᠨ ᠪᠦᠲᠦᠭᠡᠨ ᠪᠠᠢ᠌ᠭᠤᠯᠬᠤ ᠵᠦᠭ᠌ᠯᠡᠭᠦᠷ》(GB/T 46714—2025) ᠬᠤᠶᠠᠷ ᠵᠦᠶ᠋ᠯ᠎ᠤᠨ ᠲᠠᠨᠢᠯᠴᠠᠭᠤᠯᠬᠤ ᠴᠢᠨᠠᠷᠲᠠᠶ ᠤᠯᠤᠰ᠎ᠤᠨ ᠪᠠᠷᠢᠮᠵᠢᠶ᠎ᠠ᠎ᠶ᠋ᠢ ᠨᠡᠢᠲᠡᠯᠡᠨ ᠬᠡᠷᠡᠭ᠌ᠵᠢᠭᠦᠯᠪᠡ᠃
ᠬᠤᠶᠠᠷ ᠵᠦᠶ᠋ᠯ᠎ᠤᠨ ᠪᠠᠷᠢᠮᠵᠢᠶ᠎ᠠ ᠨᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠦ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠶ᠋ᠴᠡᠳᠭᠡᠬᠦ᠌》 ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠪᠠᠷᠢᠮᠵᠢᠶᠠᠵᠢᠯ᠎ᠤᠨ ᠠᠷᠭ᠎ᠠ ᠪᠠᠷᠢᠯ᠎ᠢᠶᠠᠷ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠲᠣᠭᠲᠠᠪᠤᠷᠢᠵᠢᠭᠤᠯᠤᠨ᠂ ᠦᠶ᠋ᠯᠡᠴᠢᠯᠡᠭᠡᠨ᠎ᠤ ᠴᠤᠪᠤᠷᠠᠯ᠎ᠢ ᠵᠢᠷᠤᠮᠵᠢᠭᠤᠯᠤᠨ᠂ ᠭᠤᠤᠯᠳᠠᠯᠭ᠎ᠠ᠎ᠲᠠᠢ ᠵᠦᠶ᠋ᠯᠡᠰ᠎ᠢ 《ᠲᠥᠪᠯᠡᠷᠡᠭᠦᠯᠦᠨ ᠭᠦᠶ᠋ᠴᠡᠳᠭᠡᠬᠦ᠌》 ᠪᠠ ᠰᠦᠯᠵᠢᠶᠡᠨ ᠭᠠᠳᠠᠭᠤᠷᠬᠢ ᠶᠡᠭᠡ ᠲᠢᠩᠬᠢᠮ᠎ᠤᠨ 《ᠡᠷᠴᠢᠮᠵᠢᠭᠦᠯᠦᠨ ᠪᠦᠲᠦᠭᠡᠨ ᠪᠠᠢᠭᠤᠯᠬᠤ》 ᠬᠤᠶᠠᠷ ᠬᠡᠮᠵᠢᠯ᠎ᠠᠴᠠ ᠪᠠᠷᠢᠮᠵᠢᠶᠠᠵᠢᠯ᠎ᠤᠨ ᠵᠢᠯᠣᠭᠤᠳᠣᠯᠭ᠎ᠠ ᠬᠠᠩᠭᠠᠵᠤ᠂ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠬᠦ᠂ ᠠᠷᠠᠳ᠎ᠲᠤ ᠲᠥᠬᠦᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠦᠶ᠋ᠯᠡᠴᠢᠯᠡᠭᠡᠨ᠎ᠤ ᠶᠠᠰᠤ ᠴᠢᠨᠠᠷ᠎ᠢ ᠢᠯᠡᠳᠲᠡ ᠳᠡᠭᠡᠭ᠌ᠰᠢᠯᠡᠭᠦᠯᠬᠦ᠌᠎ᠳᠤ ᠴᠢᠬᠤᠯᠠ ᠲᠤᠯᠭᠠᠭᠤᠷᠢᠯᠠᠯ ᠬᠠᠩᠭᠠᠪᠠ᠃
《〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉᠎ᠶᠢᠨ ᠭᠤᠣᠯᠳᠠᠯᠭ᠎ᠠ᠎ᠲᠠᠢ ᠵᠦᠢᠯᠡᠰ᠎ᠢ 〈ᠲᠥᠪᠯᠡᠷᠡᠭᠦᠯᠦᠨ ᠭᠦᠢ᠍ᠴᠡᠳᠬᠡᠬᠦ〉 ᠠᠵᠢᠯ᠎ᠤᠨ ᠵᠦᠭ᠌ᠯᠡᠭᠦᠷ》 ᠨᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌》᠎ᠶᠢᠨ ᠲᠥᠪᠯᠡᠷᠡᠭᠦᠯᠦᠨ ᠭᠦᠢ᠍ᠴᠡᠳᠬᠡᠬᠦ ᠦᠢ᠍ᠯᠡᠴᠢᠯᠡᠭᠡᠨ᠎ᠦ ᠬᠡᠷᠡᠭᠯᠡᠭᠡᠨ᠎ᠳᠦ ᠲᠣᠬᠢᠷᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠭᠤᠣᠯᠳᠠᠯᠭ᠎ᠠ᠎ᠲᠠᠢ ᠵᠦᠢᠯᠡᠰ᠎ᠢ ᠡᠮᠬᠢᠯᠡᠬᠦ᠂ ᠲᠠᠪᠴᠠᠩ᠎ᠤᠨ ᠴᠢᠳᠠᠮᠵᠢ᠂ ᠦᠢᠯᠡᠴᠢᠯᠡᠭᠡ ᠬᠠᠩᠭᠠᠬᠤ᠂ ᠦᠷ᠎ᠡ ᠪᠦᠲᠦᠮᠵᠢ᠎ᠶ᠋ᠢ ᠱᠢᠯᠭᠠᠨ ᠪᠠᠲᠤᠯᠠᠬᠤ ᠪᠠ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠶ᠋ᠢᠨ ᠵᠢᠷᠤᠮᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠪᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢᠨ 《ᠳᠠᠩ᠎ᠢᠶᠠᠷ ᠭᠦᠢ᠍ᠴᠡᠳᠬᠡᠬᠦ》 ᠪᠠᠢᠭ᠍ᠰᠠᠨ᠎ᠠᠴᠠ 《ᠪᠦᠬᠦᠯᠢ ᠴᠣᠭ᠍ᠴᠠ᠎ᠶ᠋ᠢᠨ ᠦᠶ᠋ᠯᠡᠴᠢᠯᠡᠭᠡ》 ᠳᠠᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠪᠦᠲᠦᠮᠵᠢᠲᠡᠶ ᠠᠬᠢᠭᠤᠯᠵᠤ᠂ ᠲᠠᠰ ᠳᠠᠪᠬᠤᠷᠭ᠎ᠠ᠂ ᠣᠷᠣᠨ ᠪᠦᠰᠡ᠂ ᠱᠢᠰᠲ᠋ᠧᠮ᠂ ᠰᠠᠯᠠᠭ᠎ᠠ ᠮᠥᠴᠢᠷ᠂ ᠲᠤᠬᠠᠢᠯᠠᠭ᠍ᠰᠠᠨ ᠠᠵᠢᠯ ᠠᠯᠤᠰᠯᠠᠭ᠍ᠰᠠᠨ ᠲᠤᠭ᠎ᠠ ᠪᠠᠷᠢᠮᠲᠠ᠎ᠶ᠋ᠢᠨ ᠪᠠᠬᠢᠯᠡᠯᠲᠡ᠎ᠶ᠋ᠢ ᠲᠦᠷᠭᠡᠳᠭᠡᠨ ᠡᠪᠳᠡᠵᠦ᠍᠂ ᠵᠠᠰᠠᠭ᠎ᠤᠨ ᠶᠠᠪᠤᠳᠠᠯ᠎ᠤᠨ ᠲᠤᠭ᠎ᠠ ᠪᠠᠷᠢᠮᠲᠠ᠎ᠶ᠋ᠢ ᠨᠠᠷᠢᠯᠢᠭ ᠣᠨᠤᠪᠴᠢᠲᠠᠢ᠎ᠪᠠᠷ ᠬᠠᠮᠲᠤ᠎ᠪᠠᠷ ᠡᠳ᠋ᠯᠡᠬᠦ᠎ᠶ᠋ᠢ ᠪᠡᠶᠡᠯᠡᠭᠦᠯᠦᠨ᠂ ᠠᠵᠤ ᠠᠬᠤᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠶ᠋ᠴᠡᠳᠭᠡᠬᠦ᠌ ᠭᠦᠶᠦᠯᠲᠡ᠎ᠶᠢᠨ ᠤᠳᠠᠭ᠎ᠠ᠂ ᠮᠠᠲ᠋ᠧᠷᠢᠶᠠᠯ ᠲᠤᠱᠢᠶᠠᠬᠤ ᠲᠤᠭ᠎ᠠ ᠬᠡᠮᠵᠢᠶ᠎ᠡ ᠪᠠ ᠭᠦᠶ᠋ᠴᠡᠳᠭᠡᠬᠦ᠌ ᠴᠠᠭ᠎ᠤᠨ ᠬᠢᠵᠠᠭᠠᠷ᠎ᠢ ᠶᠡᠭᠡ᠎ᠪᠠᠷ ᠪᠠᠭᠠᠰᠭᠠᠵᠤ᠂ 《ᠭᠤᠭ᠍ᠴᠤᠭ᠎ᠠ᠎ᠶ᠋ᠢ ᠨᠢ ᠪᠠᠭᠠᠰᠭᠠᠬᠤ᠂ ᠮᠠᠲ᠋ᠧᠷᠢᠶᠠᠯ᠎ᠢ ᠨᠢ ᠪᠠᠭᠠᠰᠭᠠᠬᠤ᠂ ᠴᠠᠭ᠎ᠤᠨ ᠬᠢᠵᠠᠭᠠᠷ᠎ᠢ ᠨᠢ ᠪᠠᠭᠠᠰᠭᠠᠬᠤ᠂ ᠵᠠᠷᠤᠳᠠᠯ᠎ᠢ ᠨᠢ ᠪᠠᠭᠠᠰᠭᠠᠬᠤ》 ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠵᠦ᠍᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠣᠳᠠᠯ᠎ᠢ ᠭᠦᠶ᠋ᠴᠡᠳᠭᠡᠬᠦ᠌》᠎ᠶ᠋ᠢ 《ᠭᠦᠶ᠋ᠴᠡᠳᠭᠡᠵᠦ᠍ ᠳᠡᠢᠯᠬᠦ᠌》᠎ᠠᠴᠠ 《ᠭᠦᠢ᠍ᠴᠡᠳᠬᠡᠬᠦ᠎ᠳᠦ ᠬᠢᠯᠪᠡᠷ᠂ ᠭᠦᠢ᠍ᠴᠡᠳᠬᠡᠬᠦ᠎ᠳᠦ ᠳᠥᠭᠥᠮᠬᠡᠨ》 ᠲᠡᠢ᠌ᠰᠢ ᠬᠤᠪᠢᠷᠠᠭᠤᠯᠬᠤ᠎ᠶ᠋ᠢ ᠠᠬᠢᠭᠤᠯᠪᠠ᠃
《ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠡᠭᠡ ᠲᠢᠩᠬᠢᠮ᠎ᠤᠨ ᠡᠷᠴᠢᠮᠵᠢᠭᠦᠯᠦᠨ ᠪᠦᠲᠦᠭᠡᠨ ᠪᠠᠢᠭᠤᠯᠬᠤ ᠵᠦᠭ᠌ᠯᠡᠭᠦᠷ》᠎ᠤᠨ ᠵᠣᠷᠢᠯᠭ᠎ᠠ᠎ᠨᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠡᠭᠡ ᠲᠢᠩᠬᠢᠮ᠎ᠤᠨ ᠪᠦᠲᠦᠭᠡᠨ ᠪᠠᠢ᠌ᠭᠤᠯᠤᠯᠲᠠ᠎ᠶᠢᠨ ᠬᠠᠮᠢᠶᠠᠷᠤᠯᠲᠠ᠎ᠶ᠋ᠢᠨ ᠠᠵᠢᠯ᠎ᠢ ᠵᠢᠷᠤᠮᠵᠢᠭᠤᠯᠬᠤ᠎ᠶᠢ ᠪᠠᠢ᠌ᠵᠤ᠂ ᠦᠢᠯᠡᠴᠢᠯᠡᠭᠡᠨ᠎ᠤ ᠲᠠᠯᠠᠪᠤᠷ ᠭᠠᠵᠠᠷ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠬᠤ᠂ ᠦᠢᠯᠡᠴᠢᠯᠡᠭᠡᠨ᠎ᠤ ᠴᠣᠩᠬᠤ᠎ᠶ᠋ᠢ ᠬᠡᠷᠡᠭ᠌ᠴᠡᠭᠡ ᠶᠣᠰᠣᠭᠠᠷ ᠲᠣᠬᠢᠷᠠᠭᠤᠯᠬᠤ᠂ ᠵᠦᠢᠯᠡᠰ᠎ᠤᠨ ᠣᠷᠣᠵᠤ ᠰᠠᠭᠤᠬᠤ ᠪᠠ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠂ ᠪᠡᠯᠡᠳᠭᠡᠮᠵᠢ ᠲᠥᠬᠦᠭᠡᠷᠦᠮᠵᠢ᠎ᠶ᠋ᠢ ᠡᠷᠴᠢᠮᠵᠢᠭᠦᠯᠦᠨ ᠬᠠᠮᠢᠶᠠᠷᠬᠤ᠂ ᠶᠡᠭᠡ ᠲᠢᠩᠬᠢᠮ᠎ᠤᠨ ᠠᠵᠢᠯᠯᠠᠭᠠᠨ᠎ᠤ ᠬᠠᠮᠢᠶᠠᠷᠤᠯᠲᠠ ᠵᠡᠷᠭᠡ ᠲᠠᠯ᠎ᠠ᠎ᠶ᠋ᠢᠨ ᠵᠢᠷᠤᠮᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢ᠌ᠯᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ᠎ᠶ᠋ᠢ ᠠᠭᠤᠰᠤᠯᠴᠠᠭᠤᠯᠬᠤ ᠦᠢᠯᠡᠴᠢᠯᠡᠭᠡᠨ᠎ᠤ ᠴᠣᠪᠣᠷᠠᠯ᠎ᠢ ᠵᠢᠷᠤᠮᠵᠢᠭᠤᠯᠬᠤ᠎ᠪᠠᠷ ᠳᠠᠮᠵᠢᠭᠤᠯᠤᠨ᠂ ᠴᠣᠩᠬᠤᠪᠴᠢ᠎ᠶᠢᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠣᠯᠠᠨ ᠲᠦᠮᠡᠨ᠎ᠤ ᠰᠦᠯᠵᠢᠶᠡᠨ ᠭᠠᠳᠠᠭᠤᠷᠬᠢ ᠠᠵᠢᠯ ᠶᠠᠪᠤᠳᠠᠯ ᠭᠦᠢᠴᠡᠳᠭᠡᠬᠦ᠌᠎ᠳᠤ 《ᠣᠯᠠᠨ ᠲᠡᠢ᠌ᠰᠢ ᠭᠦᠶᠦᠬᠦ᠂ ᠠᠬᠢᠨ ᠳᠠᠬᠢᠨ ᠭᠦᠶᠦᠬᠦ᠌》 ᠠᠰᠠᠭᠤᠳᠠᠯ᠎ᠢ ᠱᠢᠢᠳᠪᠦᠷᠢᠯᠡᠵᠦ᠍᠂ ᠰᠦᠯᠵᠢᠶᠡᠨ ᠳᠡᠭᠡᠷᠡᠬᠢ ᠦᠢᠯᠡᠴᠢᠯᠡᠭᠡ᠎ᠲᠠᠢ ᠬᠠᠷᠢᠯᠴᠠᠨ ᠨᠥᠬᠦᠪᠥᠷᠢᠯᠡᠬᠦ᠌᠎ᠶ᠋ᠢ ᠪᠦᠷᠢᠯᠳᠦᠭᠦᠯᠦᠨ᠂ 《ᠰᠦᠯᠵᠢᠶᠡᠨ ᠳᠡᠭᠡᠷ᠎ᠡ ᠨᠢᠭᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠂ ᠰᠦᠯᠵᠢᠶᠡᠨ ᠭᠠᠳᠠᠨ᠎ᠠ ᠨᠢᠭᠡ ᠴᠣᠩᠬᠤᠪᠴᠢ᠎ᠪᠠᠷ ᠶᠡᠷᠦᠩᠬᠡᠢᠯᠡᠨ ᠭᠦᠢᠴᠡᠳᠭᠡᠬᠦ᠌》 ᠪᠥᠬᠦ᠌ ᠠᠷᠭ᠎ᠠ ᠵᠠᠮ᠎ᠤᠨ ᠦᠢᠯᠡᠴᠢᠯᠡᠭᠡᠨ᠎ᠤ ᠪᠠᠢᠷᠢᠱᠢᠯ᠎ᠢ ᠪᠣᠶ ᠪᠣᠯᠭᠠᠵᠤ᠂ ᠠᠵᠤ ᠠᠬᠤᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠭᠡᠬᠦ᠌᠎ᠶᠢᠨ ᠬᠦᠷᠲᠡᠮᠵᠢ᠎ᠶ᠋ᠢᠨ ᠲᠥᠷᠥᠭ᠌ᠳᠡᠯ᠎ᠢ ᠴᠢᠩᠭ᠋ᠠᠷᠠᠭᠤᠯᠪᠠ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ (ᠤᠯᠤᠰ᠎ᠤᠨ ᠪᠠᠷᠢᠮᠵᠢᠶᠠᠵᠢᠯ᠎ᠤᠨ ᠵᠥᠪᠯᠡᠯ) ᠬᠤᠯᠪᠣᠭ᠍ᠳᠠᠯ ᠪᠥᠬᠦᠶ ᠲᠠᠯ᠎ᠠ᠎ᠶ᠋ᠢᠨ᠎ᠬᠢᠨ᠎ᠲᠠᠢ ᠬᠠᠮᠲᠤᠷᠠᠨ ᠬᠤᠶᠠᠷ ᠵᠦᠢᠯ᠎ᠤᠨ ᠪᠠᠷᠢᠮᠵᠢᠶ᠎ᠠ᠎ᠶ᠋ᠢᠨ ᠤᠬᠠᠭᠤᠯᠭ᠎ᠠ ᠲᠠᠢᠯᠤᠮᠵᠢ ᠪᠠ ᠲᠤᠬᠠᠢᠯᠠᠭ᠍ᠰᠠᠨ ᠠᠵᠢᠯ᠎ᠤᠨ ᠪᠤᠯᠪᠠᠰᠣᠷᠠᠯ᠎ᠢ ᠰᠠᠢᠲᠤᠷ ᠬᠢᠵᠦ᠍᠂ ᠪᠠᠷᠢᠮᠵᠢᠶ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠋ᠠᠷᠠᠭᠤᠯᠤᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠥᠭᠡᠷᠡᠴᠢᠯᠡᠯᠲᠡ᠎ᠳᠠᠬᠢ ᠪᠠᠷᠢᠮᠵᠢᠶᠠᠵᠢᠯ᠎ᠤᠨ ᠲᠤᠯᠭᠠᠭᠤᠷᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠬᠤᠳᠠᠯᠳᠤᠭ᠎ᠠ ᠡᠵᠡᠩᠨᠡᠯᠲᠡ᠎ᠶᠢᠨ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ᠎ᠶ᠋ᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃