ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠳᠤ ᠵᠤᠬᠢᠴᠠᠭᠤᠯᠤᠨ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠎ᠶ᠋ᠢ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠨ᠂ ᠬᠡᠷᠡᠭ᠌ᠯᠡᠭ᠌ᠴᠢᠳ ᠪᠠ ᠡᠵᠡᠩᠨᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠨᠠᠩ ᠰᠠᠢᠲᠤᠷ ᠬᠠᠮᠠᠭᠠᠯᠠᠬᠤ᠎ᠶ᠋ᠢᠨ ᠲᠥᠯᠥᠭᠡ᠂ ᠣᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ ᠲᠦᠷᠢᠮ ᠲᠣᠭ᠍ᠲᠠᠭᠠᠯ 121 ᠳ᠋ᠦ᠍ᠭᠡᠷ ᠲᠣᠭᠠᠲᠤ ᠵᠠᠷᠯᠢᠭ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ᠎ᠶ᠋ᠢ ᠱᠢᠢᠳᠪᠦᠷᠢᠯᠡᠬᠦ᠌ ᠠᠷᠭ᠎ᠠ》᠎ᠳᠤ ᠵᠠᠰᠠᠪᠤᠷᠢ ᠣᠷᠣᠭᠣᠯᠣᠨ ᠨᠡᠢ᠌ᠲᠡᠯᠡᠪᠡ (ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ)᠃ 《ᠠᠷᠭ᠎ᠠ》᠎ᠳᠤ ᠵᠠᠰᠠᠪᠤᠷᠢ ᠣᠷᠣᠭᠤᠯᠵᠤ ᠬᠡᠷᠡᠭᠵᠢᠭᠦᠯᠬᠦ᠎ᠨᠢ ᠨᠢᠭᠡᠳᠦᠯᠲᠡᠶ ᠡᠷᠬᠡ ᠰᠦᠷᠲᠦ᠂ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠶ᠂ ᠠᠷᠠᠳ᠎ᠲᠤ ᠲᠥᠬᠦᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠎ᠶ᠋ᠢ ᠱᠢᠢᠳᠪᠦᠷᠢᠯᠡᠬᠦ᠌ ᠱᠢᠰᠲ᠋ᠧᠮ᠎ᠢ ᠬᠦᠴᠦᠲᠡᠶ ᠪᠦᠷᠢᠨᠱᠢᠬᠦᠯᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠰᠠᠢᠲᠤᠷ ᠦᠢᠯᠡᠴᠢᠯᠡᠵᠦ᠍᠂ ᠠᠷᠠᠳ ᠲᠦᠮᠡᠨ᠎ᠤ ᠴᠢᠨᠠᠷ ᠰᠠᠢᠲᠠᠶ ᠠᠮᠢᠳᠤᠷᠠᠯ᠎ᠢ ᠪᠠᠲᠤᠯᠠᠨ᠎ᠠ᠃
《ᠠᠷᠭ᠎ᠠ》 ᠪᠣᠯ ᠣᠣᠯ᠎ᠤᠨ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ᠎ᠶ᠋ᠢ ᠱᠢᠢᠳᠪᠦᠷᠢᠯᠡᠬᠦ᠌ ᠲᠦᠷ ᠬᠡᠷᠡᠭ᠌ᠵᠢᠭᠦᠯᠬᠦ᠌ ᠠᠷᠭ᠎ᠠ》᠎ᠳᠤ ᠵᠠᠰᠠᠪᠤᠷᠢ ᠣᠷᠣᠭᠤᠯᠵᠤ᠂ 6 ᠵᠦᠢ᠍ᠯ ᠵᠤᠷᠪᠤᠰ ᠱᠢᠨ᠎ᠡ᠎ᠪᠠᠷ ᠨᠡᠮᠡᠭᠳᠡᠵᠦ᠂ 22 ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠤᠨ᠂ ᠬᠡᠷᠡᠭᠯᠡᠭᠡᠨ᠎ᠦ ᠬᠡᠪᠴᠢᠶ᠎ᠡ ᠪᠠ ᠵᠠᠷᠢᠮ ᠵᠦᠢ᠍ᠯ ᠵᠤᠷᠪᠤᠰ᠎ᠤᠨ ᠥᠭᠦᠯᠡᠯᠲᠡ᠎ᠶ᠋ᠢ ᠴᠦ᠍ ᠲᠡᠭᠦᠯᠳᠡᠷᠵᠢᠭᠦᠯᠪᠡ᠃ ᠡᠭᠦᠨ᠎ᠳᠤ ᠭᠤᠤᠯᠳᠠᠭᠤ ᠳᠥᠷᠪᠡᠨ ᠲᠠᠯ᠎ᠠ᠎ᠶᠢᠨ ᠵᠠᠰᠠᠪᠤᠷᠢ ᠣᠷᠣᠭᠤᠯᠬᠤ ᠭᠤᠤᠯᠳᠠᠯᠭ᠎ᠠ᠎ᠶ᠋ᠢ ᠪᠠᠭ᠍ᠲᠠᠭᠠᠨ᠎ᠠ᠄
ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠵᠢᠭᠤᠷᠠᠯᠳᠤᠭᠠᠨ᠎ᠢ ᠠᠷᠢᠯᠭᠠᠬᠤ᠎ᠶ᠋ᠢ ᠠᠬᠢᠭᠤᠯᠤᠨ᠎ᠠ᠃ ᠵᠠᠰᠠᠭ ᠵᠠᠬᠢᠷᠭᠠᠨ᠎ᠤ ᠡᠶᠡᠳᠡᠭᠦᠯᠬᠦ᠌ ᠳᠡᠰ ᠳᠠᠷᠠᠭᠠᠯᠠᠯ᠎ᠢ ᠲᠡᠭᠦᠯᠳᠡᠷᠵᠢᠭᠦᠯᠵᠦ᠍᠂ ᠵᠠᠭᠠᠯᠳᠤᠯᠭ᠎ᠠ᠎ᠶ᠋ᠢ ᠬᠦᠯᠢᠶᠡᠨ ᠠᠪᠴᠤ᠌ ᠱᠢᠢᠳᠪᠦᠷᠢᠯᠡᠬᠦ᠌ ᠦᠭᠡᠢ ᠮᠡᠳᠡᠭᠳᠡᠯ᠂ ᠬᠢᠨᠠᠨ ᠲᠣᠭ᠍ᠲᠠᠭᠠᠵᠤ ᠪᠠᠢᠴᠠᠭᠠᠨ ᠬᠡᠮᠵᠢᠬᠦ᠌ ᠳᠡᠰ ᠳᠠᠷᠠᠭᠠᠯᠠᠯ᠂ ᠨᠠᠢᠳᠠᠨ ᠡᠶᠡᠳᠡᠭᠦᠯᠬᠦ᠂ ᠡᠶᠡᠳᠡᠭᠦᠯᠬᠦ᠌ ᠴᠠᠭ᠎ᠦᠨ ᠬᠢᠵᠠᠭ᠋ᠠᠷ᠂ ᠡᠶᠡᠳᠡᠭᠦᠯᠬᠦ᠌ ᠲᠤᠰᠠᠯᠠᠮᠵᠢ ᠵᠡᠷᠭᠡ᠎ᠳᠤ ᠨᠡᠮᠡᠵᠦ᠍ ᠨᠦᠬᠦᠪᠦᠷᠢᠯᠡᠵᠦ ᠵᠠᠰᠠᠪᠤᠷᠢ ᠣᠷᠣᠭᠤᠯᠪᠠ; ᠵᠠᠭᠠᠯᠳᠤᠯᠭ᠎ᠠ᠎ᠶ᠋ᠢ ᠰᠢᠢ᠍ᠳᠪᠦᠷᠢᠯᠡᠭᠰᠡᠨ ᠬᠠᠷᠢᠭᠤ ᠰᠤᠷᠪᠤᠯᠵᠢᠯᠠᠭ᠎ᠠ ᠦᠷ᠎ᠡ ᠪᠦᠲᠦᠮᠵᠢ᠎ᠶ᠋ᠢᠨ ᠱᠠᠭᠠᠷᠳᠠᠯᠭ᠎ᠠ ᠱᠢᠨ᠎ᠡ᠎ᠪᠠᠷ ᠨᠡᠮᠡᠭᠳᠡᠪᠡ; ᠱᠢᠨ᠎ᠡ᠎ᠪᠠᠷ ᠨᠡᠮᠡᠭᠰᠡᠨ ᠳᠦᠷᠢᠮ ᠲᠣᠭ᠍ᠲᠠᠭᠠᠯ᠎ᠳᠦ ᠬᠡᠷᠡᠭ᠌ᠯᠡᠭᠡ᠎ᠶ᠋ᠢᠨ ᠰᠡᠷᠡᠮᠵᠢᠯᠡᠭᠦᠯᠦᠯ ᠪᠠ ᠲᠦᠭ᠌ᠰᠢᠭᠦᠷᠢ᠎ᠶ᠋ᠢᠨ ᠰᠠᠨᠠᠭᠤᠯᠤᠮᠵᠢ᠎ᠶ᠋ᠢ ᠥᠷᠨᠢᠭᠦᠯᠵᠦ᠍᠂ ᠡᠵᠡᠩᠨᠡᠭ᠌ᠴᠢ᠎ᠶ᠋ᠢ ᠬᠡᠷᠡᠭ᠌ᠯᠡᠭᠡᠨ᠎ᠤ ᠡᠷᠬᠡ ᠠᠱᠢᠭ᠎ᠢ ᠬᠠᠮᠠᠭᠠᠯᠠᠬᠤ ᠦᠢᠯᠡᠴᠢᠯᠡᠭᠡᠨ᠎ᠤ ᠥᠷᠲᠡᠭᠡ᠂ ᠠᠩᠬ᠎ᠠ ᠤᠳᠠᠭ᠎ᠠ ᠠᠰᠠᠭᠤᠨ ᠬᠠᠷᠢᠭᠤᠴᠠᠬᠤ᠂ ᠤᠷᠢᠳᠠᠪᠠᠷ ᠲᠥᠯᠥᠪᠦᠷᠢ ᠥᠭ᠌ᠬᠦ᠂ ᠰᠦᠯᠵᠢᠶᠡᠨ ᠳᠡᠭᠡᠷᠡᠬᠢ ᠮᠠᠷᠭᠤᠯᠳᠤᠭᠠᠨ᠎ᠢ ᠱᠢᠢᠳᠪᠦᠷᠢᠯᠡᠬᠦ᠌ ᠵᠡᠷᠭᠡ ᠲᠤᠭᠲᠠᠯᠴᠠᠭ᠎ᠠ᠎ᠪᠠᠷ ᠳᠠᠮᠵᠢᠭᠤᠯᠤᠨ ᠬᠡᠷᠡᠭ᠌ᠯᠡᠭ᠌ᠴᠢᠳ᠎ᠤᠨ ᠡᠷᠬᠡ ᠠᠱᠢᠭ᠎ᠤᠨ ᠮᠠᠷᠭᠤᠯᠳᠤᠭᠠᠨ᠎ᠢ ᠤᠷᠢᠳᠴᠢᠯᠠᠨ ᠰᠡᠷᠭᠡᠢᠯᠡᠬᠦ᠌ ᠪᠠ ᠰᠢᠢ᠍ᠳᠪᠦᠷᠢᠯᠡᠬᠦ᠎ᠶᠢ ᠬᠥᠲᠥᠯᠥᠨ ᠵᠢᠯᠣᠭᠤᠳᠴᠤ᠌᠂ ᠬᠡᠷᠡᠭ᠌ᠯᠡᠭᠡᠨ᠎ᠤ ᠣᠷᠴᠢᠨ ᠲᠣᠭᠤᠷᠢᠨ᠎ᠤ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠲᠦᠯᠬᠢᠨ ᠠᠬᠢᠭᠤᠯᠤᠨ᠎ᠠ ᠭᠡᠵᠦ ᠲᠣᠭᠲᠠᠭ᠋ᠠᠪᠠ᠃
ᠵᠠᠭᠠᠯᠳᠤᠯᠭ᠎ᠠ ᠶᠢᠨ ᠬᠠᠮᠢᠶᠠᠷᠤᠯᠲᠠ᠎ᠶᠢ ᠰᠢᠯᠢᠳᠡᠭᠵᠢᠭᠦᠯᠵᠦ᠂ ᠲᠠᠪᠴᠠᠩ᠎ᠤᠨ ᠬᠠᠷᠢᠭᠤᠴᠠᠯᠭ᠎ᠠ᠎ᠶᠢ ᠪᠤᠲᠠᠲᠠᠢ᠌ᠵᠢᠭᠤᠯᠤᠨ᠎ᠠ᠃ ᠬᠡᠰᠡᠭ ᠰᠦᠯᠵᠢᠶᠡᠨ ᠳᠡᠯᠭᠡᠭᠦᠷ᠎ᠤᠨ ᠪᠡᠶ᠎ᠡ ᠠᠬᠤᠢ᠎ᠶᠢᠨ ᠮᠡᠳᠡᠭᠡ ᠵᠠᠩᠭᠢ ᠨᠢ ᠦᠨᠡᠨ ᠪᠣᠳᠠᠲᠠᠶ ᠪᠤᠰᠤ᠂ ᠲᠠᠪᠴᠠᠩ ᠨᠢ ᠮᠠᠷᠭᠤᠯᠳᠤᠭᠠᠨ᠎ᠢ ᠬᠠᠪᠰᠤᠷᠤᠨ ᠰᠢᠢ᠍ᠳᠪᠦᠷᠢᠯᠡᠬᠦ ᠨᠢ ᠬᠦᠷᠦᠯᠴᠡᠬᠦ ᠥᠬᠡᠶ ᠵᠡᠷᠭᠡ ᠠᠰᠠᠭᠤᠳᠠᠯ᠎ᠳᠦ ᠴᠢᠭᠯᠡᠭᠦᠯᠦᠨ᠂ ᠱᠢᠨ᠎ᠡ᠎ᠪᠠᠷ ᠨᠡᠮᠡᠭᠰᠡᠨ ᠳᠦᠷᠢᠮ ᠲᠣᠭ᠍ᠲᠠᠭᠠᠯ᠎ᠳᠦ ᠡᠵᠡᠩᠨᠡᠭᠴᠢ ᠲᠠᠪᠴᠠᠩ᠎ᠳᠦ ᠬᠠᠤᠯᠢ ᠶᠣᠰᠣᠭᠠᠷ ᠬᠠᠶ᠋ᠢᠭᠢ ᠵᠠᠷᠯᠠᠨ ᠨᠡᠢ᠌ᠲᠡᠯᠡᠭᠰᠡᠨ ᠥᠬᠡᠶ᠂ ᠡᠰᠡᠬᠦᠯ᠎ᠡ ᠲᠠᠪᠴᠠᠩ᠎ᠢᠶᠠᠷ ᠳᠡᠮᠵᠢᠨ ᠢᠯᠡ ᠨᠡᠢ᠌ᠲᠡᠯᠡᠭᠰᠡᠨ ᠬᠠᠶ᠋ᠢᠭ ᠨᠢ ᠬᠠᠷᠢᠯᠴᠠᠭ᠎ᠠ ᠠᠪᠬᠤ ᠶᠢᠨ ᠠᠷᠭ᠎ᠠ ᠥᠬᠡᠶ ᠪᠣᠯ᠂ ᠲᠠᠪᠴᠠᠩ ᠤᠨ ᠡᠵᠡᠩᠨᠡᠭᠴᠢ ᠶᠢᠨ ᠰᠠᠭᠤᠭ᠎ᠠ ᠭᠠᠵᠠᠷ᠎ᠠᠴᠠ ᠵᠠᠭᠠᠯᠳᠤᠯᠭ᠎ᠠ ᠶᠢ ᠰᠢᠢᠳᠪᠦᠷᠢᠯᠡᠵᠦ᠂ ᠲᠠᠪᠴᠠᠩ᠎ᠤᠨ ᠭᠤᠤᠯ ᠴᠣᠭᠴᠠ᠎ᠶᠢᠨ ᠬᠠᠷᠢᠭᠤᠴᠠᠯᠭ᠎ᠠ ᠪᠠ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠨᠠᠩ ᠰᠠᠢ᠌ᠲᠥᠷ ᠨᠡᠢ᠌ᠳᠡᠪᠦᠷᠢᠵᠢᠭᠤᠯᠬᠤ ᠬᠡᠷᠡᠭᠲᠡᠶ ᠭᠡᠵᠦ ᠲᠣᠭᠲᠠᠭ᠋ᠠᠪᠠ᠃
ᠢᠯᠡᠴᠢᠯᠡᠨ ᠮᠡᠳᠡᠭᠦᠯᠬᠦ᠌ ᠳᠡᠰ ᠳᠠᠷᠠᠭᠠᠯᠠᠯ᠎ᠢ ᠱᠢᠯᠢᠳᠡᠭ᠌ᠵᠢᠭᠦᠯᠵᠦ᠍᠂ ᠱᠢᠢᠳᠪᠦᠷᠢᠯᠡᠬᠦ᠌ ᠬᠦᠴᠦᠨ ᠴᠢᠳᠠᠯ᠎ᠢᠶᠠᠨ ᠳᠡᠭᠡᠭ᠌ᠰᠢᠯᠡᠭᠦᠯᠦᠨ᠎ᠡ᠃ ᠢᠯᠡᠴᠢᠯᠡᠨ ᠮᠡᠳᠡᠭᠦᠯᠬᠦ᠌ ᠬᠡᠯᠪᠡᠷᠢ ᠮᠠᠶᠢᠭ᠎ᠤᠨ ᠴᠢᠬᠤᠯᠠ ᠵᠦᠢᠯᠡᠰ᠎ᠢ ᠲᠡᠭᠦᠯᠳᠡᠷᠵᠢᠭᠦᠯᠵᠦ᠍᠂ ᠢᠯᠡᠴᠢᠯᠡᠨ ᠮᠡᠳᠡᠭᠦᠯᠦᠯᠲᠡ᠎ᠶᠢᠨ ᠦᠨᠡᠨ ᠪᠣᠳᠠᠲᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠦᠨ᠎ᠡ; ᠱᠢᠨ᠎ᠡ᠎ᠪᠠᠷ ᠨᠡᠮᠡᠭᠰᠡᠨ ᠳᠦᠷᠢᠮ ᠲᠣᠭ᠍ᠲᠠᠭᠠᠯ᠎ᠳᠦ ᠳᠠᠪᠬᠤᠷᠳᠠᠭᠤᠯᠤᠨ ᠢᠯᠡᠴᠢᠯᠡᠨ ᠮᠡᠳᠡᠭᠦᠯᠦᠭ᠌ᠰᠡᠨ᠎ᠢ ᠱᠢᠢᠳᠪᠦᠷᠢᠯᠡᠬᠦ᠌ ᠦᠭᠡᠢ ᠪᠠ ᠬᠡᠷᠡᠭ᠎ᠢ ᠨᠡᠢᠯᠡᠭᠦᠯᠦᠨ ᠱᠢᠢᠳᠪᠦᠷᠢᠯᠡᠬᠦ᠌ ᠲᠤᠭᠲᠠᠯᠴᠠᠭ᠎ᠠ᠂ ᠢᠯᠡᠴᠢᠯᠡᠨ ᠮᠡᠳᠡᠭᠦᠯᠦᠯᠲᠡ᠎ᠶᠢᠨ ᠳᠡᠰ ᠳᠠᠷᠠᠭᠠᠯᠠᠯ᠎ᠢ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ᠎ᠤ ᠵᠠᠰᠠᠭ ᠵᠠᠬᠢᠷᠭᠠᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ ᠭᠡᠵᠦ ᠲᠣᠭᠲᠠᠭ᠋ᠠᠪᠠ; ᠵᠠᠷ ᠮᠡᠳᠡᠭᠡ᠎ᠶ᠋ᠢᠨ ᠬᠦᠷᠢᠶ᠎ᠡ ᠴᠠᠷᠠᠭ᠎ᠠ᠎ᠳᠠᠬᠢ ᠢᠯᠡᠴᠢᠯᠡᠨ ᠮᠡᠳᠡᠭᠦᠯᠬᠦ ᠱᠢᠯᠵᠢᠭᠦᠯᠦᠨ ᠬᠦᠷᠭᠡᠬᠦ᠌ ᠳᠡᠰ ᠳᠠᠷᠠᠭᠠᠯᠠᠯ᠎ᠢ ᠬᠠᠰᠤᠵᠤ᠂ ᠠᠳᠠᠯᠢ ᠬᠡᠷᠡᠭ᠎ᠤᠨ ᠬᠠᠮᠢᠶᠠᠷᠤᠯᠲᠠ᠎ᠶ᠋ᠢ ᠴᠢᠩᠭᠠᠷᠠᠭᠤᠯᠤᠨ᠎ᠠ; ᠪᠦᠬᠦ᠌ ᠤᠯᠤᠰ᠎ᠤᠨ 12315 ᠲᠠᠪᠴᠠᠩ᠎ᠢᠶᠠᠷ ᠳᠠᠮᠵᠢᠭᠤᠯᠤᠨ ᠨᠢᠭᠡᠳᠦᠯᠲᠡᠢ ᠰᠢᠢ᠍ᠳᠪᠦᠷᠢᠯᠡᠬᠦ᠎ᠶᠢ ᠲᠤᠲᠤᠷᠬᠠᠢ᠌ᠯᠠᠵᠦ᠂ ᠲᠣᠮᠣ ᠳ᠋ᠠᠢᠲ᠋ᠠ᠎ᠶᠢᠨ ᠵᠠᠳᠠᠯᠤᠯᠲᠠ ᠬᠡᠷᠡᠭᠯᠡᠯᠲᠡ᠎ᠶ᠋ᠢ ᠴᠢᠩᠭᠠᠳᠭᠠᠨ᠎ᠠ᠃
ᠮᠠᠭᠤ ᠰᠠᠨᠠᠭ᠎ᠠ᠎ᠪᠠᠷ ᠲᠥᠯᠥᠪᠦᠷᠢ ᠨᠡᠬᠡᠬᠡᠬᠦ᠎ᠶᠢ ᠳᠦᠷᠢᠮᠵᠢᠭᠦᠯᠵᠦ ᠳᠦᠷᠢᠮ ᠲᠣᠭᠲᠠᠭ᠋ᠠᠯᠢ᠋ ᠳᠤᠷ᠎ᠠ᠎ᠪᠠᠷ ᠬᠡᠷᠡᠭ᠌ᠯᠡᠬᠦ᠌᠎ᠶᠢ ᠰᠡᠷᠭᠡᠢ᠌ᠯᠡᠨ᠎ᠡ᠃ ᠰᠢᠨ᠎ᠡ᠎ᠪᠡᠷ ᠨᠡᠮᠡᠭᠰᠡᠨ ᠳᠦᠷᠢᠮ ᠲᠤᠭᠲᠠᠭ᠋ᠠᠯ᠎ᠳᠦ ᠵᠠᠭ᠋ᠠᠯᠳᠤᠯᠭ᠎ᠠ ᠢᠯᠡᠴᠢᠯᠡᠨ ᠮᠡᠳᠡᠭᠦᠯᠬᠦ᠌ ᠡᠷᠬᠡ᠎ᠶ᠋ᠢ ᠳᠤᠷ᠎ᠠ᠎ᠪᠠᠷ ᠬᠡᠷᠡᠭ᠌ᠯᠡᠵᠦ᠍ ᠪᠣᠯᠬᠤ ᠥᠬᠡᠶ᠂ ᠵᠦᠶ ᠪᠤᠰᠤ ᠠᠱᠢᠭ ᠬᠤᠨᠵᠢᠪᠣᠷᠢ᠎ᠶ᠋ᠢ ᠣᠯᠵᠤ᠂ ᠡᠵᠡᠩᠨᠡᠭ᠌ᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠤᠬᠢᠷᠠᠭᠤᠯᠵᠦ ᠪᠤᠯᠠᠬᠤ ᠦᠭᠡᠢ ᠭᠡᠵᠦ ᠲᠣᠭᠲᠠᠭ᠋ᠠᠪᠠ ; ᠵᠠᠭᠠᠯᠳᠤᠭ᠍ᠴᠢ ᠦᠨᠡᠨ ᠪᠣᠳᠠᠲᠠᠶ ᠪᠡᠶ᠎ᠡ ᠠᠬᠤᠢ ᠶ᠋ᠢᠨ ᠮᠡᠳᠡᠭᠡ ᠵᠠᠩᠭᠢ ᠪᠠ ᠵᠣᠬᠢᠴᠠᠩᠭᠤᠶ ᠪᠣᠳᠠᠲᠤ ᠶᠠᠪᠤᠳᠠᠯ᠎ᠤᠨ ᠦᠨᠳᠦᠰᠦ ᠪᠠᠷᠢᠮᠲᠠ᠎ᠶ᠋ᠢ ᠬᠠᠩᠭᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ᠂ ᠪᠤᠰᠤᠳ᠎ᠤᠨ ᠨᠡᠷ᠎ᠡ᠎ᠶ᠋ᠢ ᠬᠠᠭᠤᠷᠮᠠᠭ᠍ᠯᠠᠨ ᠬᠡᠷᠡᠭ᠌ᠯᠡᠵᠦ᠍᠂ ᠦᠨᠡᠨ ᠪᠣᠳᠠᠲᠠᠶ ᠪᠡᠶ᠎ᠡ ᠠᠬᠤᠢ ᠶ᠋ᠢᠨ ᠭᠠᠷᠣᠯᠢ ᠬᠢᠨᠠᠨ ᠱᠢᠯᠭᠠᠬᠤ᠎ᠳᠤ ᠬᠠᠮᠵᠢᠯᠴᠠᠬᠤ᠎ᠶ᠋ᠢ ᠲᠡᠪᠴᠢᠭ᠌ᠰᠡᠨ ᠪᠠᠢ᠌ᠳᠡᠯᠢ ᠭᠥᠯᠢᠶᠡᠨ ᠠᠪᠴᠤ᠌ ᠱᠢᠢᠳᠪᠦᠷᠢᠯᠡᠬᠦ᠌ ᠥᠬᠡᠶ ᠭᠡᠳᠡᠭ᠎ᠢ ᠲᠣᠳᠣᠷᠬᠠᠢᠯᠠᠪᠠ; ᠬᠠᠤᠯᠢ ᠲᠣᠭ᠍ᠲᠠᠭᠠᠬᠤ ᠳᠠᠪᠬᠤᠷᠭ᠎ᠠ᠎ᠳᠤ ᠠᠮᠢᠳᠤᠷᠠᠯ᠎ᠤᠨ ᠬᠡᠷᠡᠭ᠌ᠯᠡᠭᠡ᠎ᠶ᠋ᠢᠨ ᠬᠡᠷᠡᠭ᠌ᠴᠡᠭᠡ ᠪᠦᠬᠦᠢ ᠪᠣᠳᠣᠯᠬᠢᠯᠠᠬᠤ ᠴᠢᠬᠤᠯᠠᠲᠠᠢ ᠬᠦᠴᠦᠨ ᠵᠦᠢ᠍ᠯ᠎ᠢ ᠮᠠᠭᠠᠳᠯᠠᠨ ᠲᠤᠭᠲᠠᠭ᠋ᠠᠨ᠎ᠠ; ᠬᠢᠬᠠᠵᠦ ᠮᠥᠯᠵᠢᠬᠦ᠂ ᠲᠥᠯᠥᠪᠦᠷᠢᠢ ᠮᠡᠬᠡᠯᠡᠨ ᠠᠪᠬᠤ ᠵᠡᠷᠭᠡ ᠬᠠᠤᠯᠢ᠎ᠠᠴᠠ ᠵᠥᠷᠢᠴᠡᠭ᠌ᠰᠡᠨ ᠲᠥᠯᠥᠪᠦᠷᠢ ᠨᠡᠬᠡᠬᠡᠬᠦ᠌᠎ᠳᠦ ᠡᠶᠡᠳᠡᠭᠦᠯᠬᠦ ᠶ᠋ᠢ ᠵᠣᠭ᠍ᠰᠣᠭᠠᠬᠤ᠎ᠶ᠋ᠢᠨ ᠬᠠᠮᠲᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠬᠠᠤᠯᠢ ᠶᠣᠰᠣᠭᠠᠷ ᠱᠢᠢᠳᠪᠦᠷᠢᠯᠡᠭᠦᠯᠦᠨ᠎ᠡ᠃
《ᠠᠷᠭ᠎ᠠ》᠎ᠶ᠋ᠢ 2026 ᠣᠨ᠎ᠤ 4 ᠳ᠋ᠦ᠍ᠭᠡᠷ ᠰᠠᠷ᠎ᠠ᠎ᠶ᠋ᠢᠨ 15᠎ᠤ ᠡᠳᠦᠷ᠎ᠠᠴᠠ ᠡᠬᠢᠯᠡᠨ ᠬᠡᠷᠡᠭ᠌ᠵᠢᠭᠦᠯᠵᠦ᠍᠂ ᠤᠤᠯ᠎ᠤᠨ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠎ᠶ᠋ᠢ ᠱᠢᠢᠳᠪᠦᠷᠢᠯᠡᠬᠦ᠌ ᠲᠦᠷ ᠬᠡᠷᠡᠭ᠌ᠵᠢᠭᠦᠯᠬᠦ᠌ ᠠᠷᠭ᠎ᠠ》᠎ᠶ᠋ᠢ ᠬᠠᠮᠲᠤ᠎ᠳᠤ ᠨᠢ ᠬᠦᠴᠦᠨ ᠥᠬᠡᠶ ᠪᠣᠯᠭᠠᠨ᠎ᠠ᠃