ᠤᠯᠤᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭ᠍ᠲᠠᠭᠠᠬᠤ ᠬᠡᠮᠵᠢᠯᠲᠡ᠎ᠶ᠋ᠢᠨ ᠥᠷᠲᠡᠭᠡ (ᠦᠪᠦᠷ ᠮᠤᠩᠭᠤᠯ) ᠵᠦᠪᠱᠢᠶᠡᠷᠡᠨ ᠪᠠᠢᠭᠤᠯᠤᠭ᠍ᠳᠠᠪᠠ! ᠬᠡᠮᠵᠢᠯᠲᠡ᠎ᠶ᠋ᠢᠨ ᠪᠠᠭ᠋ᠠᠵᠢ ᠬᠡᠷᠡᠭᠰᠡᠯ᠎ᠦᠨ ᠵᠥᠭᠡᠯᠡᠨ ᠬᠡᠷᠡᠭᠰᠡᠯ᠎ᠦᠨ ᠭᠡᠮ ᠬᠢᠬᠦ᠌᠎ᠶᠢ ᠲᠣᠰᠬᠠᠢ ᠵᠠᠰᠠᠨ᠎ᠠ
2026-01-20

ᠣᠢᠷ᠎ᠠ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠳᠤ ᠲᠦᠱᠢᠭ᠌ᠯᠡᠨ ᠤᠯᠤᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭ᠍ᠲᠠᠭᠠᠬᠤ ᠬᠡᠮᠵᠢᠯᠲᠡ᠎ᠶ᠋ᠢᠨ ᠥᠷᠲᠡᠭᠡ (ᠥᠪᠥᠷ ᠮᠤᠩᠭᠤᠯ) ᠪᠠᠢᠭᠤᠯᠬᠤ᠎ᠶ᠋ᠢ ᠵᠥᠪᠱᠢᠶᠡᠷᠡᠵᠦ᠍᠂ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭ᠍ᠲᠠᠭᠠᠬᠤ ᠲᠤᠭᠲᠠᠯᠴᠠᠭ᠎ᠠ᠎ᠶ᠋ᠢ ᠪᠠᠢ᠌ᠭᠤᠯᠵᠦ᠂ ᠲᠣᠰᠣ ᠨᠡᠮᠡᠬᠦ᠌ ᠮᠠᠱᠢᠨ ᠵᠡᠷᠭᠡ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠤᠨ ᠬᠡᠮ ᠬᠢᠬᠦ᠌᠎ᠶ᠋ᠢ ᠡᠰᠡᠷᠭᠦᠴᠡᠬᠦ᠌ ᠴᠢᠳᠠᠪᠤᠷᠢ᠎ᠶ᠋ᠢᠨ ᠪᠦᠲᠦᠭᠡᠨ ᠪᠠᠢ᠌ᠭᠤᠯᠤᠯᠲᠠ᠎ᠶᠢ ᠴᠢᠩᠭ᠋ᠠᠳᠬᠠᠨ᠎ᠠ᠃

ᠣᠶᠤᠨᠴᠢ᠎ᠪᠠᠷ ᠦᠢᠯᠡᠳᠬᠦ᠂ ᠬᠦᠮᠦᠨᠴᠢ ᠴᠢᠳᠠᠪᠤᠷᠢ ᠵᠡᠷᠭᠡ ᠳᠡᠭᠡᠳᠦ ᠱᠢᠨ᠎ᠡ ᠮᠡᠷᠭᠡᠵᠢᠯ ᠬᠢᠭᠡᠳ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠭᠦᠨᠵᠡᠭᠡᠶ ᠠᠭᠤᠰᠤᠯᠴᠠᠬᠤ᠎ᠶ᠋ᠢ ᠳᠠᠭᠠᠯᠳᠤᠨ᠂ ᠵᠥᠭᠡᠯᠡᠨ ᠬᠡᠷᠡᠭᠰᠡᠯ᠎ᠨᠢ ᠨᠢᠭᠡᠨᠲᠡ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ 《ᠭᠤᠤᠯ ᠬᠡᠰᠡᠭ》 ᠪᠣᠯᠤᠭ᠍ᠰᠠᠨ ᠪᠠᠢᠨ᠎ᠠ᠃ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭ᠌ᠰᠡᠯ᠎ᠤᠨ ᠨᠡᠢ᠌ᠲᠡᠪᠦᠷᠢᠲᠠᠢ ᠡᠰᠡᠬᠦ ᠨᠢ ᠨᠢᠭᠡᠨᠲᠡ ᠬᠡᠮᠵᠢᠯᠲᠡ᠎ᠶ᠋ᠢᠨ ᠲᠤᠭ᠎ᠠ ᠪᠠᠷᠢᠮᠲᠠ᠎ᠶ᠋ᠢᠨ ᠣᠨᠣᠪᠴᠢᠲᠤ ᠴᠢᠨᠠᠷ᠂ ᠨᠠᠢᠳᠠᠪᠤᠷᠢᠲᠤ ᠴᠢᠨᠠᠷ ᠪᠠ ᠢᠲᠡᠭᠡᠮᠵᠢᠲᠦ ᠴᠢᠨᠠᠷ᠎ᠢ ᠨᠥᠯᠥᠭᠡᠯᠡᠬᠦ᠌ ᠵᠠᠩᠭᠢᠯᠠᠭ᠎ᠠ᠎ᠶ᠋ᠢᠨ ᠡᠯᠧᠮᠧᠨ᠋ᠲ ᠪᠤᠯᠵᠦ᠂ ᠣᠨᠴᠠᠭ᠋ᠠᠢ᠌ᠯᠠᠨ ᠲᠣᠰᠣ ᠨᠡᠮᠡᠬᠦ᠌ ᠮᠠᠰᠢᠨ᠂ ᠡᠯᠧᠺᠲᠷᠣᠨ ᠦᠨ᠎ᠡ ᠪᠤᠳᠤᠬᠤ ᠵᠢᠩ ᠵᠡᠷᠭᠡ ᠵᠥᠭᠡᠯᠡᠨ ᠬᠡᠷᠡᠭᠰᠡᠯ᠎ᠢᠶᠡᠷ ᠳᠠᠮᠵᠢᠭᠤᠯᠤᠨ ᠭᠡᠮ ᠬᠢᠵᠦ᠍᠂ ᠬᠡᠷᠡᠭ᠌ᠯᠡᠭ᠌ᠴᠢᠳ᠎ᠤᠨ ᠡᠷᠬᠡ ᠠᠱᠢᠭ᠎ᠢ ᠬᠤᠬᠢᠷᠠᠭᠤᠯᠤᠭᠰᠠᠨ ᠦᠵᠡᠭ᠌ᠳᠡᠯ ᠪᠠᠢᠨ ᠳᠠᠬᠢᠨ ᠭᠠᠷᠴᠤ᠌᠂ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭ᠍ᠲᠠᠭᠠᠬᠤ ᠴᠢᠳᠠᠪᠤᠷᠢ᠎ᠶ᠋ᠢ ᠪᠠᠴᠢᠮ ᠳᠡᠭᠡᠭ᠌ᠰᠢᠯᠡᠭᠦᠯᠬᠦ᠌ ᠬᠡᠷᠡᠭ᠌ᠲᠡᠶ᠃

ᠣᠢᠷ᠎ᠠ᠎ᠶ᠋ᠢᠨ ᠵᠢᠯ᠎ᠲᠤ᠌᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠤᠷᠢᠳ ᠬᠤᠵᠢᠳ 《ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠵᠦᠭ᠌ᠯᠡᠭᠦᠷ》᠂ 《ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠤᠨ ᠲᠡᠮᠳᠡᠭ᠎ᠤᠨ ᠨᠡᠢᠳᠡᠮ ᠬᠡᠷᠡᠭ᠌ᠯᠡᠬᠦ᠌ ᠱᠠᠭᠠᠷᠳᠠᠯᠭ᠎ᠠ》 ᠵᠡᠷᠭᠡ ᠮᠡᠷᠭᠡᠵᠢᠯ᠎ᠤᠨ ᠵᠢᠷᠤᠮᠵᠢᠯ᠎ᠢ ᠵᠥᠪᠱᠢᠶᠡᠷᠡᠨ ᠨᠡᠢᠲᠡᠯᠡᠪᠡ᠃ ᠤᠯᠤᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠬᠡᠮᠵᠢᠯᠲᠡ᠎ᠶ᠋ᠢᠨ ᠥᠷᠲᠡᠭᠡ (ᠥᠪᠥᠷ ᠮᠣᠩᠭᠤᠯ)᠎ᠶ᠋ᠢᠨ ᠪᠦᠲᠦᠭᠡᠨ ᠪᠠᠢᠭᠤᠯᠤᠯᠲᠠ᠎ᠨᠢ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠲᠤᠭᠲᠠᠯᠴᠠᠭ᠎ᠠ᠎ᠶ᠋ᠢ ᠲᠦᠷᠭᠡᠳᠭᠡᠨ ᠪᠠᠢᠭᠤᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠨᠢ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠬᠡᠮᠵᠢᠯᠲᠡ᠎ᠶ᠋ᠢᠨ ᠥᠷᠲᠡᠭᠡ᠎ᠶ᠋ᠢᠨ ᠮᠡᠷᠭᠡᠵᠢᠯ᠎ᠤᠨ ᠲᠦᠱᠢᠭ ᠨᠢᠭᠡᠴᠢ ᠪᠣᠯᠤᠭ᠍ᠰᠠᠨ᠎ᠤ ᠬᠤᠪᠢ᠎ᠳᠤ᠂ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠮᠡᠷᠭᠡᠵᠢᠯ᠎ᠤᠨ ᠰᠤᠳᠤᠯᠤᠨ ᠨᠡᠭᠡᠬᠡᠯᠲᠡ᠎ᠶᠢ ᠦᠷᠭᠦᠯᠵᠢᠯᠡᠨ ᠭᠦᠨᠵᠡᠭᠡᠢ᠌ᠷᠡᠭᠦᠯᠵᠦ᠂ ᠡᠩ ᠲᠡᠷᠢᠭᠦᠨ᠎ᠳᠦ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠵᠥᠭᠡᠯᠡᠨ ᠬᠡᠷᠡᠭᠰᠡᠯ᠎ᠤᠨ ᠬᠡᠮ ᠬᠢᠬᠦ᠌᠎ᠶ᠋ᠢ ᠬᠢᠨᠠᠨ ᠲᠣᠭ᠍ᠲᠠᠭᠠᠬᠤ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠳᠤ ᠬᠡᠮ ᠬᠢᠬᠦ᠌᠎ᠶ᠋ᠢ ᠱᠢᠯᠭᠠᠨ ᠪᠠᠢᠴᠠᠭᠠᠵᠤ ᠢᠯᠭᠠᠨ ᠲᠠᠨᠢᠬᠤ ᠪᠠ ᠲᠤᠭ᠎ᠠ ᠪᠠᠷᠢᠮᠲᠠ᠎ᠶ᠋ᠢ ᠴᠤᠭ᠍ᠯᠠᠭᠤᠯᠤᠨ ᠵᠠᠳᠠᠯᠬᠤ ᠲᠠᠯ᠎ᠠ᠎ᠪᠠᠷ ᠠᠯᠢ ᠣᠯᠠᠨ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠣᠯᠵᠤ᠂ ᠨᠢᠭᠡᠨᠲᠡ ᠪᠥᠬᠦ᠌ ᠤᠯᠤᠰ᠎ᠤᠨ 100 ᠭᠠᠷᠤᠶ ᠬᠤᠲᠠ᠎ᠳᠤ ᠦᠢ᠍ᠯᠡᠴᠢᠯᠡᠵᠦ᠂ 800 ᠭᠠᠷᠤᠶ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠬᠡᠮ ᠬᠢᠭ᠌ᠰᠡᠨ ᠬᠡᠷᠡᠭ᠎ᠢ ᠬᠠᠮᠵᠢᠵᠦ ᠪᠠᠢᠴᠠᠭᠠᠨ ᠱᠢᠢᠳᠪᠦᠷᠢᠯᠡᠪᠡ᠃

ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠲᠣᠭᠲᠠᠯᠴᠠᠭ᠎ᠠ ᠪᠠᠢᠭᠤᠯᠬᠤ᠎ᠶ᠋ᠢ ᠦᠷᠭᠦᠯᠵᠢᠯᠡᠨ ᠲᠦᠯᠬᠢᠨ ᠠᠬᠢᠭᠤᠯᠵᠤ᠂ ᠤᠯᠤᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠬᠡᠮᠵᠢᠯᠲᠡ᠎ᠶ᠋ᠢᠨ ᠥᠷᠲᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠵᠢᠯᠣᠭᠤᠳᠤᠨ ᠲᠦᠷᠭᠡᠳᠭᠡᠵᠦ᠍᠂ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠬᠡᠷᠡᠭᠰᠡᠯ᠎ᠢ ᠬᠡᠮᠵᠢᠨ ᠲᠣᠭᠲᠠᠭ᠋ᠠᠬᠤ ᠮᠡᠷᠭᠡᠵᠢᠯ ᠪᠠ ᠠᠷᠭ᠎ᠠ ᠮᠠᠶᠢᠭ᠎ᠤᠨ ᠰᠤᠳᠤᠯᠭᠠᠨ᠎ᠢ ᠴᠢᠩᠭ᠋ᠠᠳᠭ᠋ᠠᠵᠦ᠂ ᠬᠡᠮᠵᠢᠯᠲᠡ᠎ᠶ᠋ᠢᠨ ᠲᠤᠭ᠎ᠠ ᠪᠠᠷᠢᠮᠲᠠ᠎ᠶ᠋ᠢᠨ ᠣᠨᠣᠪᠴᠢᠲᠠᠶ ᠪᠥᠭᠡᠳ ᠢᠲᠡᠭᠡᠮᠵᠢᠲᠡᠶ ᠪᠠᠢᠬᠤ ᠰᠠᠭᠤᠷᠢ᠎ᠶ᠋ᠢ ᠪᠠᠬᠢᠵᠢᠭᠦᠯᠵᠦ᠍᠂ ᠬᠠᠤᠯᠢ ᠲᠦᠷᠢᠮ᠎ᠤᠨ ᠬᠡᠮᠵᠢᠯᠲᠡ᠎ᠶ᠋ᠢᠨ ᠬᠢᠨᠠᠯᠲᠠ ᠬᠠᠮᠢᠶᠠᠷᠤᠯᠲᠠ᠎ᠪᠠᠷ ᠲᠤᠯᠭ᠋ᠠᠭᠤᠷᠢᠯᠠᠵᠤ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ᠂ ᠲᠡᠷᠢᠭᠦᠨ᠎ᠤ ᠦᠶ᠋ᠯᠡᠳᠬᠦ᠌ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠰᠠᠢᠲᠤᠷ ᠦᠶ᠋ᠯᠡᠴᠢᠯᠡᠨ᠎ᠡ᠃

 

ᠢᠷᠡᠯᠲᠡ᠄ ᠵᠠᠬ᠎ᠠ ᠳᠡᠯᠭᠡᠭᠦᠷ᠎ᠦᠨ ᠰᠢᠨ᠎ᠡ ᠬᠡᠯᠡᠯᠭᠡ