ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠩᠰᠠᠯᠠᠨ ᠲᠡᠮᠳᠡᠭᠯᠡᠬᠦ ᠠᠯᠪᠠᠨ ᠪᠢᠴᠢᠭ᠎ᠦᠨ ᠵᠢᠷᠤᠮᠵᠢᠯ ᠪᠠ ᠲᠤᠱᠢᠶᠠᠬᠤ ᠮᠠᠲ᠋ᠧᠷᠢᠶᠠᠯ᠎ᠤᠨ ᠵᠢᠷᠤᠮᠵᠢᠯ᠎ᠢ ᠨᠡᠢᠲᠡᠯᠡᠪᠡ
2026-01-22

ᠣᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ 《ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠩᠰᠠᠯᠠᠨ ᠲᠡᠮᠳᠡᠭᠯᠡᠬᠦ ᠠᠯᠪᠠᠨ ᠪᠢᠴᠢᠭ᠎ᠦᠨ ᠵᠢᠷᠤᠮᠵᠢᠯ (2026 ᠣᠨ᠎ᠤ ᠬᠡᠪᠯᠡᠯ)》 ᠪᠠ 《ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠩᠰᠠᠯᠠᠨ ᠲᠡᠮᠳᠡᠭᠯᠡᠬᠦ ᠲᠤᠱᠢᠶᠠᠬᠤ ᠮᠠᠲ᠋ᠧᠷᠢᠶᠠᠯ᠎ᠤᠨ ᠵᠢᠷᠤᠮᠵᠢᠯ (2026 ᠣᠨ᠎ᠤ ᠬᠡᠪᠯᠡᠯ)》 (ᠳᠣᠷᠣᠭ᠍ᠰᠢ 《ᠵᠢᠷᠤᠮᠵᠢᠯ》 ᠭᠡᠵᠦ᠍ ᠲᠣᠪᠴᠢᠯᠠᠨ᠎ᠠ)᠎ᠢ ᠨᠡᠢᠲᠡᠯᠡᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠩᠰᠠᠯᠡᠨ ᠲᠡᠮᠳᠡᠭᠯᠡᠬᠦ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯ᠎ᠢ ᠦᠷᠭᠦᠯᠵᠢᠯᠡᠨ ᠠᠬᠢᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠩᠰᠠᠯᠠᠨ ᠲᠡᠮᠳᠡᠭᠯᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

《ᠵᠢᠷᠤᠮᠵᠢᠯ》 ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶ᠋ᠢᠨ ᠬᠠᠤᠯᠢ》 ᠪᠠ 《ᠺᠣᠮᠫᠠᠨᠢ᠎ᠶᠢᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ》᠂ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ᠎ᠶᠢᠨ ᠲᠤᠭᠲᠠᠭ᠋ᠠᠯ》 ᠵᠡᠷᠭᠡ ᠲᠤᠭᠲᠠᠭ᠋ᠠᠯ᠎ᠢ ᠨᠡᠢ᠌ᠳᠡᠪᠦᠷᠢᠵᠢᠭᠤᠯᠵᠦ᠂ ᠬᠤᠪᠢ ᠤᠷᠤᠭᠤᠯᠤᠭᠴᠢ᠎ᠶᠢᠨ ᠪᠠᠯᠠ ᠤᠷᠤᠭᠤᠯᠬᠤ ᠬᠤᠭᠤᠴᠠᠭ᠎ᠠ ᠬᠢᠵᠠᠭ᠋ᠠᠷ᠎ᠤᠨ ᠮᠡᠳᠡᠭᠡ ᠵᠠᠩᠭᠢ᠎ᠶ᠋ᠢ ᠴᠤᠭ᠍ᠯᠠᠭᠤᠯᠵᠤ᠂ ᠬᠤᠪᠢ ᠣᠷᠣᠭᠤᠯᠤᠭ᠍ᠴᠢ᠎ᠶ᠋ᠢᠨ ᠡᠷᠬᠡ᠎ᠪᠠᠨ ᠠᠯᠳᠠᠭ᠍ᠰᠠᠨ᠎ᠠᠴᠠ ᠪᠣᠯᠵᠣ ᠳᠠᠩᠰᠠᠯᠠᠭᠤᠯᠤᠭᠰᠠᠨ ᠬᠥᠷᠥᠩᠭᠡ᠎ᠶ᠋ᠢ ᠬᠤᠪᠢᠷᠠᠭᠤᠯᠬᠤ᠎ᠳᠦ ᠳᠠᠩᠰᠠᠯᠠᠨ ᠲᠡᠮᠳᠡᠭᠯᠡᠬᠦ᠎ᠶᠢ ᠭᠦᠢ᠍ᠴᠡᠳᠬᠡᠬᠦ᠂ ᠠᠯᠳᠠᠭ᠍ᠳᠠᠯ᠎ᠢ ᠨᠥᠬᠦᠪᠥᠷᠢᠯᠡᠬᠦ᠌᠎ᠠᠴᠠ ᠪᠣᠯᠵᠣ ᠳᠠᠩᠰᠠᠯᠠᠭᠤᠯᠤᠭᠰᠠᠨ ᠬᠥᠷᠥᠩᠭᠡ᠎ᠶ᠋ᠢ ᠬᠤᠪᠢᠷᠠᠭᠤᠯᠬᠤ᠎ᠳᠦ ᠳᠠᠩᠰᠠᠯᠠᠨ ᠲᠡᠮᠳᠡᠭᠯᠡᠬᠦ᠎ᠶ᠋ᠢ ᠪᠠᠭᠠᠰᠭᠠᠬᠤ ᠵᠡᠷᠭᠡ ᠳᠠᠩᠰᠠᠯᠠᠨ ᠲᠡᠮᠳᠡᠭᠯᠡᠬᠦ ᠲᠤᠬᠠᠢᠯᠠᠭ᠍ᠰᠠᠨ ᠠᠵᠢᠯ᠎ᠤᠨ ᠮᠠᠲ᠋ᠧᠷᠢᠶᠠᠯ᠎ᠢ ᠨᠥᠬᠦᠪᠥᠷᠢᠯᠡᠨ ᠲᠡᠭᠦᠯᠳᠡᠷᠵᠢᠭᠦᠯᠵᠦ᠍᠂ ᠳᠠᠩᠰᠠᠯᠠᠨ ᠲᠡᠮᠳᠡᠭᠯᠡᠬᠦ ᠬᠤᠯᠪᠣᠭᠠᠴᠢᠨ᠎ᠤ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠬᠤᠪᠢ ᠬᠥᠮᠦᠨ᠎ᠤ ᠲᠤᠰᠠᠭᠠᠷ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ ᠬᠡᠯᠪᠡᠷᠢ᠎ᠪᠠᠨ ᠬᠤᠪᠢᠷᠠᠭᠤᠯᠬᠤ᠎ᠳᠦ ᠳᠠᠩᠰᠠᠯᠠᠨ ᠲᠡᠮᠳᠡᠭᠯᠡᠬᠦ ᠪᠠ ᠲᠤᠱᠢᠶᠠᠬᠤ ᠮᠠᠲ᠋ᠧᠷᠢᠶᠠᠯ᠎ᠤᠨ ᠵᠢᠷᠤᠮᠵᠢᠯ᠎ᠢ ᠲᠤᠲᠤᠷᠬᠠᠢ᠌ᠯᠠᠪᠠ᠃

《ᠵᠢᠷᠤᠮᠵᠢᠯ》 ᠨᠢ ᠦᠨᠡᠨ ᠪᠤᠲᠠᠲᠠᠢ ᠨᠡᠷ᠎ᠡ᠎ᠪᠠᠷ ᠳᠠᠩᠰᠠᠯᠠᠨ ᠲᠡᠮᠳᠡᠭᠯᠡᠬᠦ ᠲᠠᠰ ᠳᠠᠷᠠᠭᠠᠯᠠᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠬᠤᠳᠠᠯ ᠬᠠᠭᠤᠷᠮᠠᠭ᠎ᠢᠶᠠᠷ ᠪᠤᠰᠣᠳ᠎ᠤᠨ ᠨᠡᠷ᠎ᠡ᠎ᠪᠡᠷ ᠳᠡᠩᠰᠡᠯᠡᠨ ᠲᠡᠮᠳᠡᠭ᠌ᠯᠡᠬᠦ᠌ ᠦᠢᠯᠡ ᠠᠵᠢᠯᠯᠠᠭ᠎ᠠ᠎ᠶ᠋ᠢ ᠰᠡᠷᠭᠡᠢᠯᠡᠨ᠎ᠡ; ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠱᠢᠯᠵᠢᠭᠦᠯᠦᠨ ᠨᠡᠭᠦᠯᠭᠡᠬᠦ᠎ᠳᠦ ᠳᠠᠩᠰᠡᠯᠠᠯᠨ ᠲᠡᠮᠳᠡᠭᠯᠡᠬᠦ ᠳᠡᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠡᠵᠡᠩᠨᠡᠯᠲᠡ᠎ᠶᠢᠨ ᠪᠡᠶᠡᠴᠢ ᠴᠤᠭᠴᠠ ᠨᠢ ᠨᠡᠭᠦᠵᠦ ᠭᠠᠷᠬᠤ ᠭᠠᠵᠠᠷ᠎ᠲᠤ᠎ᠪᠠᠨ ᠳᠠᠬᠢᠨ ᠳᠠᠪᠲᠠᠨ ᠭᠤᠶᠤᠴᠢᠯᠠᠯ ᠳᠤᠷᠠᠳᠭᠤ ᠴᠢᠬᠤᠯᠠ ᠦᠭᠡᠢ; ᠵᠠᠭᠤᠴᠢ ᠣᠷᠣᠯᠠᠨ ᠭᠦᠢᠴᠡᠳᠭᠡᠬᠦ᠌ ᠪᠠᠢᠭᠤᠯᠤᠮᠵᠢ ᠪᠠ ᠠᠵᠢᠯᠲᠠᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠵᠠᠭᠤᠴᠢ ᠪᠠᠢᠭᠤᠯᠤᠮᠵᠢ ᠵᠢᠴᠢ ᠠᠵᠢᠯᠲᠠᠨ᠎ᠤ ᠮᠡᠳᠡᠭᠡ ᠵᠠᠩᠭᠢ ᠴᠤᠭ᠍ᠯᠠᠭᠤᠯᠬᠤ ᠲᠥᠷᠥᠯ ᠵᠦᠢᠯ᠎ᠢ ᠨᠡᠮᠡᠭᠳᠡᠭᠦᠯᠵᠦ᠂ ᠢᠲᠡᠭᠡᠮᠵᠢ᠎ᠶ᠋ᠢᠨ ᠠᠮᠠᠯᠠᠯᠲᠠ᠎ᠶ᠋ᠢᠨ ᠠᠭᠤᠯᠭ᠎ᠠ᠎ᠶ᠋ᠢ ᠲᠡᠭᠦᠯᠳᠡᠷᠵᠢᠭᠦᠯᠪᠡ᠃

《ᠵᠢᠷᠤᠮᠵᠢᠯ》 ᠎ᠨᠢ ᠳᠡᠩᠰᠡᠯᠡᠨ ᠲᠡᠮᠳᠡᠭ᠌ᠯᠡᠬᠦ᠌ ᠵᠢᠷᠤᠮᠵᠢᠯᠳᠤ ᠴᠢᠨᠠᠷ᠎ᠢ ᠴᠢᠩᠭᠠᠷᠠᠭᠤᠯᠬᠤ᠎ᠶ᠋ᠢᠨ ᠬᠠᠮᠲᠤ᠌᠂ ᠰᠦᠯᠵᠢᠶᠡᠨ ᠳᠡᠭᠡᠷᠡᠬᠢ ᠳᠡᠩᠰᠡᠯᠡᠨ ᠲᠡᠮᠳᠡᠭ᠌ᠯᠡᠬᠦ᠌ ᠮᠡᠳᠡᠭᠡ ᠵᠠᠩᠭᠢ᠎ᠶᠢᠨ ᠬᠠᠳᠠᠭ᠋ᠠᠯᠠᠨ ᠲᠠᠩᠰᠠ ᠡᠪᠬᠡᠮᠡᠯ᠎ᠳᠤ ᠣᠷᠣᠭᠤᠯᠬᠤ ᠠᠷᠭ᠎ᠠ ᠮᠠᠶᠢᠭ᠎ᠢ ᠱᠢᠯᠢᠳᠡᠭ᠌ᠵᠢᠭᠦᠯᠵᠦ᠍᠂ ᠡᠯᠧᠺᠲᠷᠣᠨ ᠭᠠᠷ᠎ᠤᠨ ᠥᠰᠥᠭ ᠵᠢᠷᠤᠬᠤ ᠵᠡᠷᠭᠡ ᠮᠡᠷᠭᠡᠵᠢᠯ᠎ᠤᠨ ᠬᠡᠷᠡᠭ᠌ᠯᠡᠯᠲᠡ᠎ᠶ᠋ᠢ ᠴᠢᠩᠭ᠋ᠠᠷᠠᠭᠤᠯᠵᠦ᠂ ᠳᠡᠩᠰᠡᠯᠡᠨ ᠲᠡᠮᠳᠡᠭ᠌ᠯᠡᠬᠦ᠌᠎ᠳᠤ ᠳᠥᠭᠦᠮ ᠳᠥᠲᠡ᠂ ᠥᠨᠳᠥᠷ ᠪᠦᠲᠦᠮᠵᠢᠲᠡᠶ ᠣᠨᠴᠠᠯᠢᠭ᠎ᠢ ᠳᠤᠪᠤᠢ᠌ᠯᠭ᠋ᠠᠪᠠ᠃ ᠳᠠᠩᠰᠠᠯᠠᠨ ᠲᠡᠮᠳᠡᠭ᠌ᠯᠡᠬᠦ᠌ ᠪᠠᠢᠭᠤᠯᠭ᠎ᠠ᠎ᠶ᠋ᠢᠨ ᠠᠯᠪᠠᠨ ᠪᠢᠴᠢᠭ ᠬᠢᠨᠠᠨ ᠬᠠᠷᠭᠤᠭᠤᠯᠬᠤ᠎ᠶᠢ ᠴᠣᠮᠬᠠᠳᠭᠠᠵᠤ᠂ ᠡᠯ᠎ᠡ ᠲᠥᠷᠥᠯ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠳᠠᠩᠰᠠᠯᠠᠨ ᠲᠡᠮᠳᠡᠭ᠌ᠯᠡᠬᠦ᠂ ᠪᠦᠷᠢᠳᠭᠡᠨ ᠳᠠᠩᠰᠠᠯᠠᠬᠤ ᠲᠤᠬᠠᠢᠯᠠᠭ᠍ᠰᠠᠨ ᠠᠵᠢᠯ᠎ᠳᠤ ᠲᠣᠬᠢᠷᠠᠨ᠎ᠠ᠃

ᠮᠡᠳᠡᠭ᠌ᠳᠡᠯ᠎ᠳᠤ ᠱᠠᠭᠠᠷᠳᠠᠭ᠍ᠰᠠᠨ᠎ᠨᠢ᠂ ᠡᠯ᠎ᠡ ᠭᠠᠵᠠᠷ᠎ᠤᠨ ᠳᠠᠩᠰᠠᠯᠠᠨ ᠲᠡᠮᠳᠡᠭᠯᠡᠬᠦ ᠪᠠᠢᠭᠤᠯᠭ᠎ᠠ᠎ᠨᠢ ᠬᠤᠯᠪᠣᠭ᠍ᠳᠠᠯ ᠪᠥᠬᠦᠶ ᠠᠯᠪᠠᠨ ᠪᠢᠴᠢᠭ᠂ ᠮᠠᠲ᠋ᠧᠷᠢᠶᠠᠯ᠎ᠢ ᠵᠢᠷᠤᠮᠵᠢᠭᠤᠯᠤᠨ ᠬᠡᠷᠡᠭ᠌ᠯᠡᠬᠦ᠌ ᠪᠠ ᠱᠢᠰᠲ᠋ᠧᠮ᠎ᠲᠠᠢ᠎ᠪᠠᠷ ᠥᠭᠡᠷᠡᠴᠢᠯᠡᠬᠦ᠌ ᠠᠵᠢᠯ᠎ᠢ ᠲᠦᠷᠭᠡᠬᠡᠨ ᠪᠡᠶᠡᠯᠡᠭᠦᠯᠵᠦ᠍᠂ ᠮᠡᠷᠭᠡᠵᠢᠯ᠎ᠤᠨ ᠲᠤᠯᠭᠠᠭᠤᠷᠢᠯᠠᠯ᠎ᠢ ᠴᠢᠩᠭ᠋ᠠᠷᠠᠭᠤᠯᠵᠤ᠂ ᠪᠣᠯᠪᠠᠰᠤᠷᠠᠯ ᠤᠬᠠᠭᠤᠯᠭ᠎ᠠ᠎ᠶ᠋ᠢ ᠴᠢᠩᠭ᠋ᠠᠳᠬᠠᠬᠤ ᠬᠡᠷᠡᠭᠲᠡᠢ᠃ 2026 ᠣᠨ᠎ᠤ 5 ᠳ᠋ᠤᠭ᠋ᠠᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠨ᠂ ᠡᠯ᠎ᠡ ᠭᠠᠵᠠᠷ᠎ᠤᠨ ᠳᠡᠩᠰᠡᠯᠡᠨ ᠲᠡᠮᠳᠡᠭ᠌ᠯᠡᠬᠦ᠌ ᠪᠠᠢᠭᠤᠯᠭ᠎ᠠ ᠱᠢᠨ᠎ᠡ ᠬᠡᠪᠯᠡᠯ᠎ᠤᠨ 《ᠵᠢᠷᠤᠮᠵᠢᠯ》᠎ᠢ ᠬᠡᠷᠡᠭ᠌ᠯᠡᠨ ᠡᠯ᠎ᠡ ᠵᠦᠢᠯ᠎ᠤᠨ ᠳᠡᠩᠰᠡᠯᠡᠨ ᠲᠡᠮᠳᠡᠭ᠌ᠯᠡᠬᠦ᠂ ᠪᠦᠷᠢᠳᠭᠡᠨ ᠳᠠᠩᠰᠠᠯᠠᠬᠤ ᠲᠤᠬᠠᠢᠯᠠᠭ᠍ᠰᠠᠨ ᠠᠵᠢᠯ᠎ᠢ ᠭᠦᠢ᠍ᠴᠡᠳᠭᠡᠵᠦ᠂ ᠤᠤᠯ᠎ᠤᠨ 《ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠳᠡᠩᠰᠡᠯᠡᠨ ᠲᠡᠮᠳᠡᠭᠯᠡᠬᠦ ᠠᠯᠪᠠᠨ ᠪᠢᠴᠢᠭ᠎ᠦᠨ ᠵᠢᠷᠤᠮᠵᠢᠯ》 ᠪᠠ 《ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠳᠡᠩᠰᠡᠯᠡᠨ ᠲᠡᠮᠳᠡᠭᠯᠡᠬᠦ ᠲᠣᠰᠢᠶᠠᠬᠤ ᠮᠠᠲ᠋ᠧᠷᠢᠶᠠᠯ᠎ᠤᠨ ᠵᠢᠷᠤᠮᠵᠢᠯ》᠎ᠢ ᠵᠡᠷᠭᠡ᠎ᠪᠠᠷ ᠬᠦᠴᠦᠨ ᠥᠬᠡᠶ ᠪᠣᠯᠭᠠᠨ᠎ᠠ᠃

 

ᠢᠷᠡᠯᠲᠡ᠄ ᠵᠠᠬ᠎ᠠ ᠳᠡᠯᠭᠡᠭᠦᠷ᠎ᠦᠨ ᠰᠢᠨ᠎ᠡ ᠬᠡᠯᠡᠯᠭᠡ