2026 ᠣᠨ᠎ᠤ 1 ᠳ᠋ᠦ᠍ᠭᠡᠷ ᠰᠠᠷ᠎ᠠ᠎ᠶ᠋ᠢᠨ 12᠎ᠤᠨ ᠡᠳᠦᠷ᠂ 《ᠦᠪᠦᠷ ᠮᠤᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭᠳᠡᠭᠦᠨ᠎ᠦ ᠪᠡᠭᠡᠵᠢᠩ᠎ᠤᠨ ᠬᠤᠶᠠᠳᠤᠭᠠᠷ ᠳᠡᠯᠭᠡᠨ ᠪᠣᠷᠣᠯᠠᠭᠤᠯᠬᠤ ᠲᠥᠪ᠎ᠢ ᠵᠣᠯᠭ᠋ᠠᠯᠳᠤᠬᠤ ᠡᠬᠢᠯᠡᠯᠲᠡ᠎ᠶ᠋ᠢᠨ ᠬᠤᠷᠠᠯ ᠪᠡᠭᠡᠵᠢᠩ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠵᠥᠩ ᠤᠣ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠲᠣᠮᠣ ᠠᠰᠠᠷ᠎ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠠᠢᠮᠠᠭ ᠬᠤᠲᠠ᠎ᠶ᠋ᠢᠨ ᠪᠡᠭᠡᠵᠢᠩ᠎ᠳᠤ ᠰᠠᠭᠤᠭ᠎ᠠ ᠬᠣᠯᠪᠣᠭ᠋ᠠᠯᠠᠬᠤ ᠭᠠᠵᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠯ᠎ᠤᠨ ᠰᠤᠳᠤᠯᠭᠠᠨ᠎ᠤ ᠬᠦᠷᠢᠶᠡᠯᠡᠩ᠂ ᠬᠠᠮᠢᠶ᠎ᠠ ᠪᠥᠬᠦᠶ ᠠᠵᠢᠯ ᠲᠥᠷᠥᠯ᠎ᠤᠨ ᠨᠡᠢᠭᠡᠮᠯᠢᠭ ᠵᠢᠴᠢ 《ᠦᠪᠦᠷ ᠮᠣᠩᠭᠤᠯ》 ᠲᠡᠮᠳᠡᠭ᠌ᠲᠦ᠎ᠶᠢᠨ ᠦᠨᠡᠮᠯᠡᠯ᠎ᠢ ᠣᠯᠤᠭ᠍ᠰᠠᠨ ᠵᠢᠴᠢ ᠪᠤᠢᠵᠢᠭᠤᠯᠬᠤ ᠠᠵᠤ ᠠᠬᠤᠢᠯᠠᠯ᠎ᠤᠨ ᠲᠥᠯᠥᠭᠡᠯᠡᠭ᠌ᠴᠢ ᠤᠷᠤᠯᠴᠠᠪᠠ᠃

《ᠦᠪᠦᠷ ᠮᠤᠩᠭᠤᠯ》 ᠲᠡᠮᠳᠡᠭᠲᠦ᠎ᠶᠢᠨ ᠪᠡᠭᠡᠵᠢᠩ᠎ᠳᠦ ᠨᠡᠢ᠌ᠳᠡᠪᠦᠷᠢᠵᠢᠭᠰᠠᠨ ᠬᠤᠶᠠᠳᠤᠭᠠᠷ ᠳᠡᠯᠭᠡᠨ ᠪᠣᠷᠣᠯᠠᠭᠤᠯᠬᠤ ᠲᠠᠪᠴᠠᠩ ᠪᠣᠯᠤᠭ᠍ᠰᠠᠨ᠎ᠤ ᠬᠤᠪᠢ᠎ᠳᠤ᠂ ᠲᠣᠰ ᠲᠥᠪ᠎ᠨᠢ 《ᠭᠠᠳᠠᠭ᠍ᠰᠢ ᠭᠠᠷᠴᠤ᠌ ᠪᠣᠷᠣᠯᠠᠭᠤᠯᠬᠤ᠂ ᠤᠷᠢᠵᠤ ᠠᠪᠴᠢᠷᠠᠨ ᠪᠠᠷᠠᠭ᠎ᠠ ᠰᠤᠩᠭᠤᠬᠤ᠂ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠢᠶᠠᠷ ᠪᠠᠷᠠᠭ᠎ᠠ ᠪᠤᠷᠤᠯᠠᠭᠤᠯᠬᠤ》 ᠵᠠᠭ᠍ᠪᠤᠷ᠎ᠲᠤ ᠲᠦᠰᠢᠭᠯᠡᠵᠦ᠂ ᠮᠢᠩᠭ᠎ᠠ ᠭᠠᠷᠤᠶ ᠵᠦᠶ᠋ᠯ᠎ᠤᠨ 《ᠦᠪᠦᠷ ᠮᠤᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭ᠌ᠳᠡᠬᠦᠨ᠎ᠳᠤ ᠳᠡᠯᠭᠡᠨ ᠦᠵᠡᠭᠦᠯᠬᠦ᠌ ᠳᠡᠯᠭᠡᠨ ᠪᠣᠷᠣᠯᠠᠭᠤᠯᠬᠤ ᠪᠠ ᠨᠠᠷᠢᠯᠢᠭ ᠤᠨᠤᠪᠴᠢᠲᠠᠢ᠎ᠪᠠᠷ ᠵᠣᠯᠭ᠋ᠠᠯᠳᠤᠬᠤ ᠠᠷᠭ᠎ᠠ ᠵᠠᠮ᠎ᠢ ᠪᠠᠢᠭᠤᠯᠵᠤ᠂ 《ᠦᠪᠦᠷ ᠮᠤᠩᠭᠤᠯ》 ᠲᠡᠮᠳᠡᠭᠲᠦ ᠲᠠᠯ᠎ᠠ ᠨᠤᠲᠤᠭ᠎ᠤᠨ ᠱᠢᠯᠢᠳᠡᠭ ᠪᠦᠲᠦᠭᠡᠭ᠌ᠳᠡᠬᠦᠨ᠎ᠢ ᠪᠡᠭᠡᠵᠢᠩ ᠲᠢᠶᠠᠨᠵᠢᠨ ᠾᠧᠪᠧᠶ᠎ᠶ᠋ᠢᠨ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠲᠤ ᠠᠭᠤᠰᠤᠯᠴᠠᠭᠤᠯᠬᠤ᠎ᠶ᠋ᠢ ᠠᠬᠢᠭᠤᠯᠤᠨ᠂ ᠪᠡᠭᠡᠵᠢᠩ ᠪᠠ ᠥᠪᠥᠷ ᠮᠣᠩᠭᠤᠯ᠎ᠤᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠠᠮᠵᠢᠯᠴᠠᠭ᠎ᠠ᠎ᠶᠢ ᠱᠢᠨ᠎ᠡ ᠱᠠᠲᠤᠨ᠎ᠳᠤ ᠭᠠᠷᠭᠠᠬᠤ᠎ᠳᠤ ᠬᠦᠴᠦᠨ ᠨᠡᠮᠡᠷᠢᠯᠡᠪᠡ᠃