
1 ᠳ᠋ᠦ᠍ᠭᠡᠷ ᠰᠠᠷ᠎ᠠ᠎ᠶ᠋ᠢᠨ 21᠎ᠤ ᠡᠳᠦᠷ᠂ 2026 ᠣᠨ᠎ᠤ ᠪᠥᠬᠦ᠌ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠨ᠂ ᠨᠠᠮ᠎ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠣᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠪᠣᠯᠤᠨ ᠪᠦᠬᠦ᠌ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠬᠤᠷᠠᠯ᠂ ᠪᠦᠬᠦ᠌ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶᠠᠨ ᠳᠠᠷᠤᠭ᠎ᠠ ᠨᠠᠷ᠎ᠤᠨ ᠬᠤᠷᠠᠯ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 2025 ᠣᠨ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠢᠯ᠎ᠢ ᠳ᠋ᠦᠩᠨᠡᠵᠦ᠍᠂ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠠᠵᠢᠯ᠎ᠤᠨ ᠮᠡᠳᠡᠭᠦᠯᠦᠯᠲᠡ ᠬᠢᠪᠡ᠃
ᠬᠤᠷᠠᠯ᠎ᠠᠴᠠ᠂ 2025 ᠣᠨ᠎ᠳᠤ᠂ ᠪᠦᠬᠦ᠌ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠤᠯᠤᠰ ᠲᠥᠷᠥ᠎ᠶ᠋ᠢ ᠡᠷᠬᠢᠮᠯᠡᠬᠦ᠂ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠬᠥᠭ᠌ᠵᠢᠯᠲᠡ᠎ᠶ᠋ᠢ ᠠᠬᠢᠭᠤᠯᠬᠤ᠂ ᠠᠮᠤᠷ ᠲᠦᠪᠱᠢᠨ᠎ᠢ ᠪᠠᠲᠤᠯᠠᠬᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠤᠳᠤᠮᠵᠢ᠎ᠶ᠋ᠢ ᠴᠢᠩᠭ᠋ᠠᠷᠠᠭᠤᠯᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠤ ᠠᠬᠤᠢᠯᠠᠯ᠎ᠢ ᠳᠡᠮᠵᠢᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠬᠦ᠂ ᠭᠤᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭ᠋ᠠᠯᠠᠬᠤ᠂ ᠶᠠᠰᠤ ᠴᠢᠨᠠᠷ᠎ᠤᠨ ᠰᠠᠭᠤᠷᠢ ᠲᠤᠯᠭᠠᠭᠤᠷᠢᠯᠠᠯ᠎ᠢ ᠴᠢᠩᠭ᠋ᠠᠷᠠᠭᠤᠯᠬᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠦᠴᠦᠨ ᠣᠯᠭᠤᠬᠤ᠎ᠶ᠋ᠢ ᠴᠢᠩᠭ᠋ᠠᠷᠠᠭᠤᠯᠬᠤ᠂ 《ᠭᠤᠷᠪᠠᠨ ᠦᠢᠯᠡᠳᠬᠦᠨ ᠨᠢᠭᠡ ᠣᠨᠴᠠᠭᠠᠢ》᠎ᠶᠢᠨ ᠠᠮᠤᠷ ᠲᠦᠪᠱᠢᠨ᠎ᠢ ᠪᠥᠬᠦ᠌ ᠬᠦᠴᠦᠨ᠎ᠢᠶᠠᠷ ᠪᠠᠲᠤᠯᠠᠬᠤ᠂ ᠴᠢᠩᠭ᠎ᠠ ᠪᠤᠲᠠᠲᠠᠢ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠤᠯᠤᠭᠠᠨ ᠲᠠᠯ᠎ᠠ᠎ᠪᠠᠷ ᠬᠠᠮᠲᠤᠷᠠᠯ ᠬᠦᠴᠦᠨ᠎ᠢ ᠨᠢᠭ᠍ᠲᠠᠷᠠᠭᠤᠯᠬᠤ᠂ ᠪᠣᠳᠠᠲᠠᠶ ᠠᠵᠢᠯᠯᠠᠨ ᠦᠨᠡᠨᠴᠢ ᠱᠢᠳᠤᠷᠭᠤ ᠪᠠᠢ᠌ᠬᠤ᠎ᠶᠢ ᠴᠢᠬᠤᠯᠠᠴᠢᠯᠠᠬᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠲᠡᠭᠦᠰᠭᠡᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠡᠭᠦᠰ ᠠᠮᠵᠢᠯᠲᠠ᠎ᠲᠠᠢ ᠲᠤᠱᠢᠶᠠᠪᠠ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠷᠭᠢᠴᠡᠭᠦᠯᠵᠦ᠍᠂ ᠱᠢᠨ᠎ᠡ ᠠᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌᠎ᠳᠤ ᠡᠷᠬᠡᠪᠰᠢ ᠭᠤᠤᠯᠳᠠᠯᠭ᠎ᠠ᠎ᠶ᠋ᠢᠨ ᠲᠣᠭᠤᠷᠢᠨ᠎ᠳᠤ᠂ ᠶᠡᠭᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠡᠷᠬᠡᠪᠰᠢ ᠬᠢᠨᠠᠯᠲᠠ ᠬᠠᠮᠢᠶᠠᠷᠤᠯᠲᠠ ᠨᠢ ᠠᠷᠠᠳ᠎ᠤᠨ ᠲᠥᠯᠥᠭᠡ ᠪᠠᠢᠬᠤ᠂ ᠠᠵᠤ ᠠᠬᠤᠢᠯᠠᠯ᠎ᠢ ᠬᠠᠪᠰᠤᠷᠤᠨ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠡᠷᠬᠡᠪᠰᠢ ᠬᠠᠣᠯᠢ᠎ᠪᠠᠷ ᠵᠠᠰᠠᠬᠤ᠎ᠶᠢ ᠤᠷᠢᠳ᠎ᠢᠶᠠᠷ ᠬᠡᠷᠡᠭ᠌ᠵᠢᠭᠦᠯᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠵᠤ᠂ ᠡᠷᠬᠡᠪᠰᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠂ ᠦᠨᠡᠨ᠎ᠢ ᠡᠷᠢᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠡᠷᠬᠡᠪᠰᠢ ᠠᠮᠤᠷ ᠲᠦᠪᠱᠢᠨ᠎ᠢ ᠲᠡᠷᠢᠭᠦᠨ᠎ᠳᠤ ᠲᠠᠯᠪᠢᠬᠤ᠂ ᠤᠷᠢᠳᠴᠢᠯᠠᠨ ᠰᠡᠷᠭᠡᠢᠯᠡᠬᠦ᠌᠎ᠪᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠡᠷᠬᠡᠪᠰᠢ ᠥᠪᠡᠷ᠎ᠢ᠎ᠪᠠᠨ ᠳᠠᠪᠲᠠᠨ ᠪᠣᠯᠪᠠᠰᠤᠷᠠᠭᠤᠯᠬᠤ᠂ ᠥᠪᠡᠷ᠎ᠢ᠎ᠪᠠᠨ ᠱᠢᠨᠡᠴᠢᠯᠡᠬᠦ᠌᠎ᠶ᠋ᠢ ᠪᠠᠷᠢᠮᠲᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠠᠴᠠ᠂ 2026 ᠣᠨ᠎ᠳᠤ ᠪᠦᠬᠦ᠌ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢ᠌ᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠠᠢ ᠭᠦᠨᠵᠡᠭᠡᠢ ᠵᠤᠯᠭ᠋ᠠᠯᠳᠣᠵᠦ᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠶᠡᠬᠡᠪᠡᠷ ᠬᠥᠭ᠌ᠵᠢᠭᠡᠵᠦ᠍᠂ ᠶᠠᠰᠤ ᠴᠢᠨᠠᠷ ᠮᠡᠷᠭᠡᠵᠢᠯ᠎ᠤᠨ ᠰᠠᠭᠤᠷᠢ ᠴᠢᠳᠠᠪᠤᠷᠢ᠎ᠶ᠋ᠢ ᠦᠷᠭᠦᠯᠵᠢᠯᠡᠨ ᠴᠢᠩᠭᠠᠳᠭᠠᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠡᠭᠦᠳᠦᠯᠲᠡ᠂ ᠬᠡᠷᠡᠭ᠌ᠯᠡᠯᠲᠡ ᠪᠠ ᠬᠠᠮᠠᠭᠠᠯᠠᠯᠲᠠ᠎ᠶ᠋ᠢ ᠴᠢᠩᠭᠠᠳᠭᠠᠵᠤ᠂ ᠭᠤᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭ᠋ᠠᠯᠠᠵᠦ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠪᠣᠳᠠᠲᠠᠢ ᠠᠵᠢᠯᠯᠠᠵᠤ ᠪᠣᠳᠠᠲᠠᠢ ᠥᠷ᠎ᠡ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠤᠲᠠᠲᠠᠢ᠌ᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠬᠤᠷᠠᠯ᠎ᠠᠴᠠ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠪᠠᠢᠷᠢᠯᠠᠭᠤᠯᠪᠠ᠃ ᠨᠢᠭᠡ᠎ᠳᠤ᠂ ᠵᠥᠪᠱᠢᠶᠡᠷᠡᠨ ᠤᠷᠤᠭᠤᠯᠵᠦ ᠵᠦᠪᠰᠢᠶᠠᠷᠡᠨ ᠡᠵᠡᠩᠨᠡᠬᠦ᠎ᠳᠤ ᠳᠥᠭᠦᠮᠴᠢᠯᠡᠬᠦ᠌ ᠬᠡᠮᠵᠢᠶ᠎ᠡ ᠪᠠ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠠᠤᠯᠢ ᠬᠡᠷᠡᠭ᠌ᠵᠢᠭᠦᠯᠵᠦ᠍ ᠠᠵᠤ ᠠᠬᠤᠢᠯᠠᠯ᠎ᠢ ᠬᠠᠮᠠᠭᠠᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶᠢᠨ ᠵᠦᠶ ᠵᠣᠬᠢᠰᠲᠠᠶ ᠨᠡᠮᠡᠭᠳᠡᠯ᠎ᠢ ᠪᠡᠶᠡᠯᠡᠭᠦᠯᠬᠦ᠎ᠶᠢ ᠠᠬᠢᠭᠤᠯᠤᠨ᠎ᠠ᠃ ᠬᠤᠶᠠᠷ᠎ᠲᠤ᠌᠂ ᠡᠯ᠎ᠡ ᠱᠠᠲᠤᠨ᠎ᠤ ᠬᠡᠷᠡᠭ᠌ᠯᠡᠭ᠌ᠴᠢᠳ᠎ᠤᠨ ᠨᠡᠢᠭᠡᠮᠯᠢᠭ᠎ᠤᠨ ᠵᠣᠬᠢᠶᠠᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠰᠠᠨᠠᠭ᠎ᠠ ᠠᠮᠤᠷ ᠬᠡᠷᠡᠭ᠌ᠯᠡᠭᠡᠨ᠎ᠤ ᠦᠵᠡᠭ᠌ᠳᠡᠯ᠎ᠢ ᠪᠤᠢᠵᠢᠭᠤᠯᠵᠤ᠂ ᠬᠡᠷᠡᠭ᠌ᠯᠡᠭᠡᠨ᠎ᠤ ᠬᠠᠯᠠᠮᠱᠢᠯ᠎ᠤᠨ ᠠᠰᠠᠭᠤᠳᠠᠯ᠎ᠢ ᠴᠡᠭ᠌ᠴᠡᠯᠡᠨ ᠵᠠᠰᠠᠵᠤ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠎ᠠ᠃ ᠭᠤᠷᠪᠠ᠎ᠳᠤ᠂ ᠵᠠᠰᠠᠭ᠎ᠤᠨ ᠣᠷᠳᠣᠨ᠎ᠤ ᠠᠵᠤ ᠠᠬᠤᠶ᠎ᠶ᠋ᠢ ᠠᠬᠢᠭᠤᠯᠬᠤ ᠠᠵᠢᠯᠯᠠᠭ᠎ᠠ᠎ᠶ᠋ᠢ ᠵᠢᠷᠤᠮᠵᠢᠭᠤᠯᠵᠤ᠂ 《ᠳᠣᠲᠣᠭᠠᠳᠤ ᠮᠥᠷᠥᠢ᠌ᠴᠡᠬᠦ ᠮᠠᠶᠢᠭ》᠎ᠤᠨ ᠥᠷᠢᠰᠥᠯᠳᠦᠭᠡᠨ᠎ᠢ ᠴᠡᠭ᠌ᠴᠡᠯᠡᠨ ᠵᠠᠰᠠᠵᠤ᠂ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠪᠠ ᠲᠠᠪᠴᠠᠩ᠎ᠤᠨ ᠠᠵᠤ ᠠᠬᠤᠶ᠎ᠶ᠋ᠢᠨ ᠪᠠᠢ᠌ᠩᠭᠤᠵᠢᠭᠰᠠᠨ ᠬᠢᠨᠠᠯᠲᠠ ᠬᠠᠮᠢᠶᠠᠷᠤᠯᠲᠠ᠎ᠶ᠋ᠢ ᠴᠢᠩᠭ᠋ᠠᠷᠠᠭᠤᠯᠵᠤ᠂ ᠭᠣᠣᠯᠴᠢ᠎ᠪᠠᠷ ᠥᠷᠢᠰᠦᠯᠳᠦᠬᠦ᠌ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠬᠠᠮᠠᠭᠠᠯᠠᠨ᠎ᠠ᠃ ᠲᠦᠷᠪᠡ᠎ᠳᠤ᠂ ᠶᠠᠰᠤ ᠴᠢᠨᠠᠷ᠎ᠢᠶᠠᠷ ᠠᠵᠤ ᠠᠬᠤᠢᠯᠠᠯ᠎ᠢ ᠬᠦᠴᠦᠷᠬᠡᠭ᠌ᠵᠢᠭᠦᠯᠬᠦ᠂ ᠬᠡᠯᠬᠢᠶ᠎ᠡ᠎ᠶ᠋ᠢ ᠴᠢᠩᠭᠠᠳᠭᠠᠬᠤ᠂ ᠱᠢᠶᠠᠨ᠎ᠢ ᠬᠦᠴᠦᠷᠬᠡᠭ᠌ᠵᠢᠭᠦᠯᠬᠦ᠌᠎ᠶ᠋ᠢ ᠭᠦᠨᠵᠡᠭᠡᠢ ᠠᠬᠢᠭᠤᠯᠵᠤ᠂ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠩᠭ᠋ᠠᠷᠠᠭᠤᠯᠵᠤ᠂ 《ᠪᠠᠷᠢᠮᠵᠢᠶ᠎ᠠ + ᠭᠡᠷᠡᠴᠢᠯᠡᠯ》᠎ᠦᠨ ᠠᠷᠭ᠎ᠠ ᠬᠡᠯᠪᠡᠷᠢ᠎ᠪᠠᠷ ᠶᠠᠰᠤ ᠴᠢᠨᠠᠷ᠎ᠤᠨ ᠨᠡᠷᠡᠲᠦ ᠲᠡᠮᠳᠡᠭᠲᠦ᠎ᠶᠢ ᠡᠭᠦᠳᠴᠦ᠍᠂ ᠶᠠᠰᠤ ᠴᠢᠨᠠᠷ ᠮᠡᠷᠭᠡᠵᠢᠯ᠎ᠤᠨ ᠰᠠᠭᠤᠷᠢ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭ᠋ᠠᠳᠬᠠᠨ᠎ᠠ᠃ ᠲᠠᠪᠤ᠎ᠳᠤ᠂ ᠢᠳᠡᠭᠡᠨ᠎ᠤ ᠠᠮᠤᠷ ᠲᠦᠪᠱᠢᠨ᠎ᠤ ᠪᠦᠬᠦ᠌ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠂ ᠡᠮ᠎ᠤᠨ ᠵᠦᠢ᠍ᠯ᠎ᠤᠨ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠂ ᠭᠤᠣᠯᠳᠠᠯᠭ᠎ᠠ᠎ᠲᠠᠢ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠠᠰᠤ ᠴᠢᠨᠠᠷ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠣᠨᠴᠠᠭ᠋ᠠᠢ ᠲᠦᠷᠦᠯ᠎ᠤᠨ ᠲᠤᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢ ᠴᠢᠩᠭ᠎ᠠ ᠠᠳᠭᠤᠵᠤ᠂ 《ᠭᠤᠷᠪᠠᠨ ᠥᠢ᠍ᠯᠡᠳᠭᠦᠨ ᠨᠢᠭᠡ ᠣᠨᠴᠠᠭᠠᠢ》᠎ᠶᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠪᠤᠭᠤᠲᠤ᠎ᠶ᠋ᠢᠨ ᠪᠣᠯᠣᠳ ᠬᠠᠪᠲᠠᠰᠤ᠎ᠶ᠋ᠢᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠠᠳᠡᠯ᠎ᠤᠨ ᠬᠦᠨᠳᠦ ᠰᠤᠷᠭᠠᠮᠵᠢ᠎ᠶ᠋ᠢ ᠭᠦᠨᠵᠡᠭᠡᠶ ᠬᠦᠯᠢᠶᠠᠨ ᠠᠪᠴᠤ᠌᠂ ᠨᠢᠭᠡ᠎ᠠᠴᠠ ᠵᠦᠢᠴᠢᠯᠡᠵᠦ᠍ ᠨᠥᠬᠦᠭᠡ᠎ᠶ᠋ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ᠎ᠶᠢᠨ ᠠᠰᠠᠭᠤᠳᠠᠯ᠎ᠤᠨ ᠳᠠᠯᠳᠠ ᠬᠡᠮ᠎ᠢ ᠪᠥᠬᠦ᠌ ᠲᠠᠯ᠎ᠠ᠎ᠪᠠᠷ ᠴᠡᠭ᠌ᠴᠡᠯᠡᠨ ᠵᠠᠰᠠᠵᠤ᠂ ᠡᠷᠡᠰ ᠰᠢᠭᠤᠷᠬᠠᠢ ᠱᠢᠮᠳᠠᠭᠤᠯᠵᠤ ᠪᠠᠢᠭᠠᠳ ᠴᠡᠭ᠌ᠴᠡᠯᠡᠨ ᠰᠠᠢᠵᠢᠷᠠᠭᠤᠯᠵᠤ᠂ ᠥᠴᠦᠬᠡᠨ ᠴᠦ᠍ ᠠᠭᠤᠴᠢᠯᠠᠬᠤ ᠥᠬᠡᠶ ᠣᠪᠣᠷ᠎ᠢᠶᠠᠷ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠱᠢᠶ᠋ᠳᠪᠦᠷᠢᠯᠡᠨ᠎ᠡ᠃ ᠵᠢᠷᠭᠤᠭ᠎ᠠ᠎ᠳᠤ ᠥᠨᠳᠥᠷ ᠥᠷᠲᠡᠭ᠌ᠲᠦ ᠡᠭᠦᠳᠦᠯᠲᠡ᠎ᠶ᠋ᠢᠨ ᠲᠤᠰᠭᠠᠢ ᠠᠱᠢᠭ᠎ᠢ ᠬᠥᠮᠥᠵᠢᠭᠦᠯᠵᠦ᠍᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢ ᠤᠯᠠᠷᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠪᠦᠬᠦ᠌ ᠬᠡᠯᠬᠢᠶ᠎ᠡ᠎ᠶᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠭᠠᠵᠠᠷ ᠵᠦᠢ᠎ᠶ᠋ᠢᠨ ᠲᠡᠮᠳᠡᠭ᠎ᠦᠨ ᠦᠷᠳᠡᠭ᠎ᠢ ᠰᠤᠯᠠᠯᠠᠬᠤ᠎ᠶ᠋ᠢ ᠠᠬᠢᠭᠤᠯᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠡᠭᠦᠳᠦᠯᠲᠡ᠂ ᠬᠡᠷᠡᠭ᠌ᠯᠡᠯᠲᠡ ᠪᠠ ᠬᠠᠮᠠᠭᠠᠯᠠᠯᠲᠠ᠎ᠶ᠋ᠢ ᠴᠢᠩᠭ᠋ᠠᠷᠠᠭᠤᠯᠤᠨ᠎ᠠ᠃ ᠲᠤᠯᠤᠭ᠎ᠠ᠎ᠳᠤ᠂ ᠬᠦᠴᠢᠷᠳᠡᠯ᠎ᠳᠤ ᠵᠥᠪ ᠬᠠᠨᠳᠤᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠰᠠᠭᠤᠷᠢ᠎ᠶ᠋ᠢ ᠪᠠᠬᠢᠵᠢᠭᠦᠯᠵᠦ᠍᠂ ᠺᠠᠳ᠋ᠷ᠎ᠤᠨ ᠡᠩᠨᠡᠭᠡᠨ᠎ᠤ ᠴᠢᠳᠠᠪᠤᠷᠢ ᠰᠤᠷᠲᠠᠯ᠎ᠤᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭ᠋ᠠᠳᠬᠠᠨ᠎ᠠ᠃
ᠬᠤᠷᠠᠯ ᠳᠡᠭᠡᠷ᠎ᠡ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠨᠴᠠᠭ᠋ᠠᠢ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠲᠥᠪ᠎ᠡᠴᠡ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠤᠳᠤᠷᠢᠳᠭᠤ ᠪᠠᠭ᠎ᠤᠨ ᠭᠡᠰᠢᠭᠦᠨ᠂ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ᠂ ᠶᠡᠷᠦᠩᠬᠡᠶ ᠢᠨᠵᠧᠨᠧᠷ᠂ ᠲᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ᠂ ᠡᠯ᠎ᠡ ᠭᠠᠵᠠᠷ ᠲᠠᠰᠤᠭ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠵᠠᠬ᠎ᠠ ᠳᠡᠯᠭᠡᠭᠦᠷ᠎ᠢ ᠪᠠᠢᠴᠠᠭᠠᠬᠤ ᠲᠤᠰᠭᠠᠶ ᠲᠤᠱᠢᠶᠠᠯᠲᠠᠨ᠂ ᠱᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ᠎ᠶ᠋ᠢᠨ ᠤᠳᠤᠷᠢᠳᠭᠤ ᠪᠠᠭ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠤᠳᠤᠷᠢᠳᠭᠤ ᠪᠠᠭ᠎ᠤᠨ ᠭᠡᠰᠢᠭᠦᠨ᠂ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ᠂ ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠪᠠ᠃