ᠪᠦᠬᠦ᠌ ᠤᠯᠤᠰ᠎ᠤᠨ ᠠᠩᠬᠠᠳᠠᠭ᠍ᠴᠢ ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠬᠡᠮᠵᠢᠯᠲᠡ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ ᠥᠪᠥᠷ ᠮᠣᠩᠭᠤᠯ᠎ᠳᠤ ᠰᠠᠭᠤᠷᠢᠰᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠱᠢᠨ᠎ᠡ ᠠᠶᠠᠨ᠎ᠢ ᠬᠦᠲᠦᠯᠦᠨ ᠳᠠᠭ᠋ᠠᠭᠤᠯᠪᠠ
2026-01-29

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ DB15/T 4259-2026 《ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠬᠡᠮᠵᠢᠯᠲᠡ᠎ᠶ᠋ᠢᠨ ᠮᠡᠷᠭᠡᠵᠢᠯ᠎ᠤᠨ ᠵᠢᠷᠤᠮᠵᠢᠯ》 (ᠳᠣᠷᠣᠭ᠍ᠰᠢ 《ᠵᠢᠷᠤᠮᠵᠢᠯ》 ᠭᠡᠵᠦ᠍ ᠲᠣᠪᠴᠢᠯᠠᠨ᠎ᠠ)᠎ᠢ ᠨᠢᠭᠡᠨᠲᠡ ᠵᠢᠩᠬᠢᠨᠢ᠎ᠪᠠᠷ ᠨᠡᠢᠲᠡᠯᠡᠵᠦ᠍᠂ 2026 ᠣᠨ᠎ᠤ 2 ᠳ᠋ᠤᠭᠠᠷ ᠰᠠᠷ᠎ᠠ᠎ᠶ᠋ᠢᠨ 15᠎ᠤ ᠡᠳᠦᠷ ᠬᠡᠷᠡᠭ᠌ᠵᠢᠭᠦᠯᠦᠨ᠎ᠡ᠃ ᠪᠥᠬᠦ᠌ ᠤᠯᠤᠰ᠎ᠤᠨ ᠠᠩᠬᠠᠳᠠᠭ᠍ᠴᠢ ᠮᠤᠵᠢ᠎ᠶ᠋ᠢᠨ ᠳᠡᠰ᠎ᠦᠨ ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠬᠡᠮᠵᠢᠯᠲᠡ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ ᠪᠣᠯᠤᠭ᠍ᠰᠠᠨ᠎ᠤ ᠬᠤᠪᠢ᠎ᠳᠤ᠂ ᠲᠣᠰ ᠵᠢᠷᠤᠮᠵᠢᠯ᠎ᠤᠨ ᠨᠡᠢ᠌ᠲᠡᠯᠡᠭᠳᠡᠭᠰᠡᠨ ᠨᠢ ᠮᠠᠨ᠎ᠤ ᠤᠯᠤᠰ᠎ᠤᠨ ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠬᠡᠮᠵᠢᠯᠲᠡ᠎ᠶ᠋ᠢᠨ ᠬᠦᠷᠢᠶ᠎ᠡ ᠴᠠᠷᠠᠭ᠎ᠠ᠎ᠳᠠᠬᠢ ᠮᠡᠷᠭᠡᠵᠢᠯ᠎ᠤᠨ ᠬᠤᠭᠤᠰᠣᠨ᠎ᠢ ᠨᠥᠬᠦᠪᠥᠷᠢᠯᠡᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠠᠵᠤ ᠦᠢᠯᠡᠰ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠪᠠᠲᠤ ᠪᠠᠬᠢ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ᠂ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠬᠤ᠂ ᠪᠠᠷᠢᠮᠵᠢᠶᠠᠵᠢᠯ ᠲᠡᠢ᠌ᠰᠢ ᠤᠷᠤᠭ᠍ᠰᠢᠯᠠᠭᠤᠯᠬᠤ᠎ᠶ᠋ᠢ ᠬᠦᠴᠦᠲᠡᠶ ᠳᠥᠯᠭᠢᠨ ᠠᠬᠢᠭᠤᠯᠵᠤ᠂ ᠥᠪᠥᠷ ᠮᠣᠩᠭᠤᠯ ᠡᠨᠧᠷᠭᠢ᠎ᠶ᠋ᠢᠨ ᠬᠤᠪᠢᠰᠭᠠᠯ ᠬᠢᠭᠡᠳ ᠲᠣᠭᠠᠴᠢᠯᠠᠭ᠍ᠰᠠᠨ ᠬᠤᠪᠢᠰᠭᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠵᠠᠮ ᠳᠡᠭᠡᠷ᠎ᠡ ᠵᠠᠩᠭᠢᠯᠠᠭ᠎ᠠ᠎ᠶ᠋ᠢᠨ ᠨᠢᠭᠡ ᠠᠯᠬᠤᠮ ᠠᠯᠬᠤᠭᠰᠠᠨ᠎ᠢ ᠬᠠᠷᠠᠭᠤᠯᠵᠤ᠂ ᠪᠥᠬᠦ᠌ ᠤᠯᠤᠰ᠎ᠤᠨ ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠲᠤᠭᠲᠠᠯᠴᠠᠭ᠎ᠠ᠎ᠶᠢᠨ ᠪᠠᠢᠭᠤᠯᠤᠯᠲᠠ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠥᠪᠥᠷ ᠮᠣᠩᠭᠤᠯ᠎ᠤᠨ ᠲᠥᠰᠦᠯ》᠎ᠢ ᠬᠠᠨᠳᠢᠪᠯᠠᠪᠠ᠃

ᠠᠵᠢᠯ ᠲᠥᠷᠥᠯ᠎ᠤᠨ ᠬᠤᠭᠤᠰᠣᠨ᠎ᠢ ᠨᠥᠬᠦᠪᠥᠷᠢᠯᠡᠬᠦ᠄ ᠴᠠᠬᠢᠯᠭᠠᠨ ᠨᠡᠭᠦᠷᠡᠰᠦᠲᠥ᠋ᠷᠥᠭ᠌ᠴᠢ᠎ᠶᠢᠨ ᠬᠡᠮᠵᠢᠯᠲᠡ᠎ᠶ᠋ᠢᠨ 《ᠵᠢᠩ ᠬᠡᠮᠵᠢᠭᠦᠷ》᠎ᠢ ᠪᠠᠬᠢᠵᠢᠭᠦᠯᠦᠨ᠎ᠡ

《ᠵᠢᠷᠤᠮᠵᠢᠯ》᠎ᠢ ᠥᠪᠥᠷ ᠮᠣᠩᠭᠤᠯ᠎ᠤᠨ ᠴᠠᠬᠢᠯᠭᠠᠨ ᠬᠦᠴᠦᠨ᠎ᠤ ᠪᠦᠯᠦᠭ᠌ᠯᠡᠯ ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠦ ᠨᠢᠭᠡᠴᠢ᠎ᠲᠠᠢ ᠬᠤᠯᠪᠣᠭᠠᠯᠠᠨ ᠬᠤᠶᠠᠷ ᠵᠢᠯ᠎ᠤᠨ ᠬᠤᠭᠤᠴᠠᠭ᠎ᠠ᠎ᠶᠢ ᠵᠠᠷᠣᠴᠠᠭᠤᠯᠤᠨ ᠮᠡᠷᠭᠡᠵᠢᠯ᠎ᠤᠨ ᠱᠢᠪᠲᠤᠯᠤᠯᠲᠠ᠎ᠶ᠋ᠢ ᠪᠡᠶᠡᠯᠡᠭᠦᠯᠵᠦ᠍᠂ ᠴᠠᠬᠢᠯᠭᠠᠨ ᠬᠦᠴᠦᠨ᠎ᠤ ᠲᠤᠭ᠎ᠠ ᠪᠠᠷᠢᠮᠲᠠ᠎ᠶ᠋ᠢ ᠴᠤᠭ᠍ᠯᠠᠭᠤᠯᠬᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ᠎ᠶ᠋ᠢᠨ ᠬᠡᠮᠵᠢᠭ᠌ᠳᠡᠯ᠎ᠢ ᠳᠠᠮᠵᠢᠭᠤᠯᠬᠤ᠂ ᠬᠡᠮᠵᠢᠯᠲᠡ᠎ᠶ᠋ᠢᠨ ᠲᠣᠨᠣᠭ᠍ᠯᠠᠯ᠎ᠤᠨ ᠭᠡᠷᠡᠴᠢᠯᠡᠯ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠰᠲ᠋ᠧᠮᠵᠢᠭᠦᠯᠦᠨ ᠨᠢᠭᠡᠳᠬᠡᠵᠦ᠂ ᠴᠠᠬᠢᠯᠭᠠᠨ ᠭᠠᠷᠭᠠᠬᠤ᠂ ᠴᠠᠬᠢᠯᠭᠠᠨ ᠬᠦᠷᠭᠡᠬᠦ᠂ ᠴᠠᠬᠢᠯᠭᠠᠨ ᠲᠦᠭᠡᠭᠡᠬᠦ᠂ ᠴᠠᠬᠢᠯᠭᠠᠨ ᠬᠡᠷᠡᠭ᠌ᠯᠡᠬᠦ᠌ ᠵᠡᠷᠭᠡ ᠪᠦᠬᠦ᠌ ᠭᠤᠭ᠍ᠴᠤᠭ᠎ᠠ᠎ᠶ᠋ᠢ ᠬᠠᠮᠤᠷᠤᠭ᠍ᠰᠠᠨ ᠨᠡᠭᠦᠷᠡᠰᠦᠲᠥ᠋ᠷᠥᠭ᠌ᠴᠢ᠎ᠶ᠋ᠢᠨ ᠬᠡᠮᠵᠢᠯᠲᠡ᠎ᠶ᠋ᠢᠨ ᠠᠷᠭ᠎ᠠ᠎ᠶ᠋ᠢ ᠠᠩᠬ᠎ᠠ ᠤᠳᠠᠭ᠎ᠠ ᠲᠣᠳᠣᠷᠬᠠᠢᠯᠠᠵᠤ᠂ ᠨᠡᠭᠦᠷᠡᠰᠦ ᠴᠠᠬᠢᠯᠭᠠᠨ᠂ ᠰᠠᠯᠬᠢᠨ ᠬᠦᠴᠦᠨ᠎ᠤ ᠴᠠᠬᠢᠯᠭᠠᠨ᠂ ᠭᠡᠷᠡᠯ ᠴᠡᠨᠡᠭ ᠵᠡᠷᠭᠡ ᠤᠯᠠᠨ ᠵᠦᠢᠯ᠎ᠤᠨ ᠡᠨᠧᠷᠭᠢ᠎ᠶ᠋ᠢᠨ ᠲᠦᠷᠦᠯ ᠬᠡᠯᠪᠡᠷᠢ᠎ᠶ᠋ᠢᠨ ᠨᠡᠭᠦᠷᠡᠰᠦᠲᠥ᠋ᠷᠥᠭ᠌ᠴᠢ᠎ᠶᠢᠨ ᠦᠷᠡᠵᠢᠭᠳᠡᠬᠦᠨ᠎ᠢ ᠭᠠᠳᠠᠭᠰᠢᠯᠠᠭᠤᠯᠬᠤ ᠲᠣᠭ᠎ᠠ ᠪᠠᠷᠢᠮᠲᠠ᠎ᠶᠢᠨ ᠬᠦᠮᠦᠷᠭᠡ᠎ᠶᠢ ᠪᠠᠢ᠌ᠭᠤᠯᠵᠦ᠂ ᠤᠷᠳᠤ ᠬᠤᠭᠤᠴᠠᠭᠠᠨ᠎ᠤ ᠲᠤᠷᠰᠢ ᠴᠠᠬᠢᠯᠭᠠᠨ ᠨᠡᠭᠦᠷᠡᠰᠦᠲᠥ᠋ᠷᠥᠭ᠌ᠴᠢ᠎ᠶ᠋ᠢᠨ ᠲᠣᠭᠠᠴᠠᠭ᠎ᠠ᠎ᠶ᠋ᠢᠨ ᠪᠠᠷᠢᠮᠵᠢᠶ᠎ᠠ ᠨᠢᠭᠡᠳᠦᠯ ᠦᠭᠡᠢ᠂ ᠲᠤᠭ᠎ᠠ ᠪᠠᠷᠢᠮᠲᠠ᠎ᠶ᠋ᠢᠨ ᠢᠲᠡᠭᠡᠮᠵᠢ᠎ᠶᠢᠨ ᠬᠡᠮᠵᠢᠶ᠎ᠡ ᠬᠦᠷᠦᠯᠴᠡᠬᠦ᠌ ᠦᠭᠡᠢ ᠠᠵᠢᠯ ᠲᠦᠷᠦᠯ᠎ᠤᠨ ᠡᠪᠡᠷᠱᠢᠶᠡᠯ᠎ᠤᠨ ᠴᠡᠭ᠎ᠢ ᠰᠢᠢ᠍ᠳᠪᠦᠷᠢᠯᠡᠪᠡ᠃ ᠡᠭᠦᠨ᠎ᠠᠴᠠ ᠡᠮᠦᠨ᠎ᠡ ᠲᠣᠰ ᠮᠡᠷᠭᠡᠵᠢᠯ᠎ᠤᠨ ᠦᠷ᠎ᠡ ᠪᠦᠲᠦᠭᠡᠯ᠎ᠳᠤ ᠲᠦᠱᠢᠭ᠌ᠯᠡᠨ ᠨᠢᠭᠡᠨᠲᠡ ᠠᠩᠬᠠᠳᠠᠭ᠍ᠴᠢ 《ᠴᠠᠬᠢᠯᠭᠠᠨ ᠨᠡᠭᠦᠷᠡᠰᠦᠲᠥ᠋ᠷᠥᠭ᠌ᠴᠢ᠎ᠶ᠋ᠢᠨ ᠬᠡᠮᠵᠢᠯᠲᠡ᠎ᠶ᠋ᠢᠨ ᠲᠣᠭᠠᠴᠠᠭ᠎ᠠ ᠬᠢᠬᠦ᠌ ᠮᠡᠳᠡᠭᠦᠯᠦᠯᠲᠡ》᠎ᠶ᠋ᠢ ᠪᠡᠶᠡᠯᠡᠭᠦᠯᠵᠦ᠍᠂ ᠵᠢᠷᠤᠮᠵᠢᠯ᠎ᠤᠨ ᠪᠣᠲᠠᠲᠠᠢ᠌ᠵᠢᠯᠠᠭᠤᠯᠤᠨ ᠬᠡᠷᠡᠭ᠌ᠯᠡᠬᠦ᠌᠎ᠳᠤ ᠡᠯᠪᠡᠭ ᠪᠠᠶᠠᠯᠢᠭ ᠦᠢᠯᠡᠳᠦᠯᠭᠡ᠎ᠶ᠋ᠢᠨ ᠲᠤᠷᠱᠢᠯᠭ᠎ᠠ ᠬᠤᠷᠠᠮᠳᠤᠭᠤᠯᠵᠤ᠂ ᠪᠠᠷᠢᠮᠵᠢᠶ᠎ᠠ᠎ᠶ᠋ᠢ 《ᠴᠠᠭᠠᠰᠤᠨ ᠳᠡᠭᠡᠷ᠎ᠡ》 ᠪᠠᠢᠭ᠍ᠰᠠᠨ᠎ᠠᠴᠠ 《ᠪᠤᠲᠠᠲᠠᠢ》 ᠪᠣᠯᠭᠠᠬᠤ᠎ᠶ᠋ᠢ ᠦᠨᠡᠨ ᠬᠦ᠌ ᠪᠠᠲᠤᠯᠠᠪᠠ᠃

ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ᠎ᠳᠤ ᠲᠤᠯᠭ᠋ᠠᠭᠤᠷᠢᠯᠠᠬᠤ᠄ ᠪᠣᠬᠢᠷᠲᠤᠯ ᠦᠭᠡᠢ ᠬᠥᠭ᠌ᠵᠢᠯᠲᠡ᠎ᠶ᠋ᠢᠨ《ᠱᠢᠨ᠎ᠡ ᠬᠥᠳᠡᠯᠭᠡᠭᠦᠷ》᠎ᠢ ᠴᠣᠭ᠍ᠴᠠᠯᠠᠨ᠎ᠠ

《ᠵᠢᠷᠤᠮᠵᠢᠯ》᠎ᠤᠨ ᠬᠡᠷᠡᠭᠵᠢᠭᠦᠯᠦᠭᠳᠡᠭᠰᠡᠨ ᠨᠢ ᠥᠪᠥᠷ ᠮᠣᠩᠭᠤᠯ᠎ᠤᠨ ᠡᠨᠧᠷᠭᠢ᠎ᠶ᠋ᠢᠨ ᠰᠠᠭᠤᠷᠢᠨ ᠭᠠᠵᠠᠷ᠎ᠤᠨ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠨ᠎ᠡ᠃ ᠥᠪᠡᠷᠲᠡᠭᠡᠨ ᠵᠠᠰᠠᠬᠤ ᠣᠷᠣᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ 《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶ᠋ᠢ ᠲᠥᠯᠥᠪᠵᠢᠭᠦᠯᠦᠨ ᠬᠡᠷᠡᠭ᠌ᠵᠢᠭᠦᠯᠵᠦ᠍᠂ ᠴᠠᠬᠢᠯᠭᠠᠨ ᠨᠡᠭᠦᠷᠡᠰᠦᠲᠥ᠋ᠷᠥᠭ᠌ᠴᠢ᠎ᠶ᠋ᠢᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠠᠮᠢ ᠠᠬᠤᠶ᠎ᠶ᠋ᠢ ᠪᠥᠬᠦ᠌ ᠬᠦᠴᠦᠨ᠎ᠢᠶᠠᠷ ᠪᠠᠢᠭᠤᠯᠤᠨ᠎ᠠ᠄ 2025 ᠣᠨ᠎ᠳᠤ ᠰᠠᠭᠤᠷᠢ ᠪᠣᠷᠣ ᠲᠥᠯᠥᠪ᠎ᠢ ᠪᠠᠢᠭᠤᠯᠬᠤ᠎ᠶ᠋ᠢ ᠪᠡᠶᠡᠯᠡᠭᠦᠯᠵᠦ᠍᠂ 2026 ᠣᠨ᠎ᠳᠤ ᠴᠠᠬᠢᠯᠭᠠᠨ—ᠨᠡᠭᠦᠷᠡᠰᠦᠲᠥ᠋ᠷᠥᠭ᠌ᠴᠢ—ᠮᠥᠩᠭᠦᠨ ᠭᠦᠢᠯᠭᠡᠭᠡᠨ᠎ᠤ ᠬᠠᠮᠵᠢᠯᠴᠠᠨ ᠬᠥᠭ᠌ᠵᠢᠬᠦ᠌ ᠪᠠᠢᠷᠢᠱᠢᠯ᠎ᠢ ᠪᠦᠷᠢᠯᠳᠦᠭᠦᠯᠵᠦ᠍᠂ 2027 ᠣᠨ᠎ᠳᠤ ᠤᠯᠤᠰ᠎ᠤᠨ ᠳᠣᠲᠣᠭᠠᠳᠤ᠎ᠳᠤ ᠲᠡᠷᠢᠭᠦᠯᠡᠭ᠌ᠰᠡᠨ ᠬᠤᠤᠰ ᠨᠡᠭᠦᠷᠡᠰᠦᠲᠥ᠋ᠷᠥᠭ᠌ᠴᠢ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠬᠡᠪ ᠳᠠᠭᠤᠷᠢᠶᠠᠯ᠎ᠢ ᠪᠠᠢᠭᠤᠯᠤᠨ᠎ᠠ᠃

ᠣᠳᠣᠬᠠᠨ᠎ᠳᠤ᠂ ᠲᠣᠰ ᠵᠢᠷᠤᠮᠵᠢᠯ᠎ᠳᠦ ᠲᠦᠰᠢᠭᠯᠡᠨ ᠰᠤᠳᠤᠯᠤᠨ ᠨᠡᠭᠡᠬᠡᠭᠰᠡᠨ ᠨᠡᠭᠦᠷᠡᠰᠦᠲᠥ᠋ᠷᠥᠭ᠌ᠴᠢ᠎ᠶ᠋ᠢᠨ ᠮᠥᠩᠭᠦᠨ ᠭᠦᠢᠯᠭᠡᠭᠡᠨ᠎ᠤ ᠦᠨᠡᠯᠡᠯᠲᠡ᠎ᠶ᠋ᠢᠨ ᠵᠠᠭ᠍ᠪᠤᠷ ᠨᠢ ᠨᠢᠭᠡᠨᠲᠡ ᠪᠤᠭᠤᠲᠤ᠎ᠶ᠋ᠢᠨ ᠱᠤᠸᠠᠩ ᠯᠢᠶᠠᠩ ᠵᠡᠷᠭᠡ ᠭᠤᠤᠯᠳᠠᠯᠭ᠎ᠠ᠎ᠲᠠᠢ ᠠᠵᠤ ᠠᠬᠤᠢᠯᠠᠯ᠎ᠳᠤ ᠲᠤᠷᠱᠢᠯᠲᠠ᠎ᠶ᠋ᠢᠨ ᠴᠡᠭ᠎ᠤᠨ ᠬᠡᠷᠡᠭ᠌ᠯᠡᠯᠲᠡ ᠬᠢᠵᠦ᠍᠂ ᠦᠨᠡᠨ ᠬᠦ᠌ ᠠᠵᠤ ᠠᠬᠤᠢᠯᠠᠯ᠎ᠢ ᠬᠠᠪᠰᠤᠷᠤᠨ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ ᠦᠷ᠎ᠡ ᠠᠱᠢᠭ᠎ᠢ᠎ᠨᠢ ᠨᠡᠮᠡᠭᠳᠡᠭᠦᠯᠪᠡ᠃ 2027 ᠣᠨ ᠪᠣᠯᠬᠤ᠎ᠳᠤ᠂ ᠲᠣᠰ ᠵᠢᠷᠤᠮᠵᠢᠯ᠎ᠨᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠮᠥᠩᠭᠦᠨ ᠭᠦᠢᠯᠭᠡᠭᠡᠨ᠎ᠤ ᠬᠡᠪᠴᠢᠶ᠎ᠡ᠎ᠶ᠋ᠢ ᠦᠷᠭᠦᠯᠵᠢᠯᠡᠨ ᠳᠠᠢᠴᠢᠯᠠᠵᠤ ᠳᠠᠬᠢᠨ ᠱᠢᠨ᠎ᠡ᠎ᠶ᠋ᠢ ᠡᠭᠦᠳᠬᠦ᠌᠎ᠶ᠋ᠢᠨ ᠬᠠᠮᠲᠤ ᠨᠡᠭᠦᠷᠡᠰᠦᠲᠥ᠋ᠷᠥᠭ᠌ᠴᠢ᠎ᠶ᠋ᠢᠨ ᠯᠠᠪᠯᠠᠯᠲᠠ᠂ ᠨᠡᠭᠦᠷᠡᠰᠦᠲᠥ᠋ᠷᠥᠭ᠌ᠴᠢ᠎ᠶ᠋ᠢᠨ ᠡᠳ᠋ ᠬᠥᠷᠥᠩᠭᠡ᠎ᠶᠢᠨ ᠨᠠᠢᠳᠠᠨ ᠬᠠᠮᠢᠶᠠᠷᠤᠭᠤᠯᠬᠤ ᠵᠡᠷᠭᠡ ᠨᠢᠭᠡ ᠪᠦᠯᠦᠭ ᠱᠢᠨ᠎ᠡ᠎ᠪᠠᠷ ᠬᠥᠭ᠌ᠵᠢᠭ᠌ᠰᠡᠨ ᠦᠶ᠋ᠯᠡᠴᠢᠯᠡᠭᠡᠨ᠎ᠤ ᠡᠵᠡᠩᠨᠡᠯᠲᠡ᠎ᠶ᠋ᠢᠨ ᠪᠠᠢᠳᠠᠯ᠎ᠢ ᠪᠣᠶ ᠪᠣᠯᠭᠠᠵᠤ᠂ ᠡᠨᠧᠷᠭᠢ᠎ᠶ᠋ᠢᠨ ᠠᠵᠤ ᠦᠶ᠋ᠯᠡᠰ᠎ᠤᠨ ᠶᠠᠰᠤ ᠴᠢᠨᠠᠷ᠎ᠤᠨ ᠦᠰᠦᠷᠦᠯᠲᠡ᠎ᠶ᠋ᠢ ᠠᠬᠢᠭᠤᠯᠤᠨ᠎ᠠ᠃

ᠠᠵᠤ ᠠᠬᠤᠢᠯᠠᠯ᠎ᠤᠨ ᠬᠥᠭ᠌ᠵᠢᠯᠲᠡ᠎ᠳᠤ ᠦᠢᠯᠡᠴᠢᠯᠡᠬᠦ᠄ ᠣᠯᠠᠨ ᠤᠯᠤᠰ᠎ᠤᠨ ᠠᠷᠠᠯᠵᠢᠶᠠᠨ᠎ᠤ 《ᠬᠠᠮᠠᠭᠠᠯᠠᠯᠲᠠ᠎ᠶ᠋ᠢᠨ ᠪᠠᠮᠪᠠᠢ》᠎ᠶ᠋ᠢ ᠪᠡᠬᠢᠵᠢᠭᠦᠯᠦᠨ᠎ᠡ

ᠧᠦ᠋ᠷᠣᠫᠠ᠎ᠶᠢᠨ ᠬᠣᠯᠪᠣᠭᠠᠨ᠎ᠤ᠋ ᠨᠡᠭᠦᠷᠡᠰᠦᠳᠦᠷᠦᠭ᠌ᠴᠢ ᠬᠢᠯᠢ᠎ᠶᠢᠨ ᠲᠣᠬᠢᠷᠠᠭᠤᠯᠤᠯᠲᠠ᠎ᠶᠢᠨ ᠲᠤᠭᠲᠠᠯᠴᠠᠭ᠎ᠠ (CBAM) ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍ ᠪᠠᠢᠭ᠎ᠠ ᠭᠠᠳᠠᠭᠠᠳᠤ ᠣᠷᠴᠢᠨ ᠲᠣᠭᠣᠷᠢᠨ᠎ᠤ᠋ ᠳᠡᠷᠭᠡᠳᠡ᠂ 《ᠵᠢᠷᠤᠮᠵᠢᠯ》᠎ᠤ᠋ᠨ ᠨᠡᠢᠲᠡᠯᠡᠭ᠌ᠳᠡᠭ᠌ᠰᠡᠨ ᠨᠢ ᠠᠵᠤ ᠠᠬᠤᠢᠯᠠᠯ᠎ᠤ᠋ᠨ ᠣᠯᠠᠨ ᠤᠯᠤᠰ᠎ᠤ᠋ᠨ ᠥᠷᠢᠰᠦᠯᠳᠦᠬᠦ᠌ ᠬᠦᠴᠦᠨ᠎ᠢ᠋ ᠳᠡᠭᠡᠭ᠌ᠱᠢᠯᠡᠭᠦᠯᠬᠦ᠌᠎ᠳ᠋ᠦ᠍ ᠵᠠᠩᠭᠢᠯᠠᠭ᠎ᠠ᠎ᠶᠢᠨ ᠲᠤᠯᠭᠠᠭᠤᠷᠢᠯᠠᠯ ᠬᠠᠩᠭ᠋ᠠᠨ᠎ᠠ᠃ ᠲᠣᠰ ᠵᠢᠷᠤᠮᠵᠢᠯ᠎ᠨᠢ ᠣᠯᠠᠨ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠲᠣᠭᠠᠴᠠᠭ᠎ᠠ ᠬᠢᠬᠦ᠌ ᠪᠠᠷᠢᠮᠵᠢᠶ᠎ᠠ᠎ᠲᠠᠢ ᠴᠢᠩᠭ᠎ᠠ ᠵᠤᠯᠭ᠋ᠠᠯᠳᠣᠵᠦ᠂ ISO14064᠂ GHG Protocol ᠵᠡᠷᠭᠡ ᠤᠯᠠᠨ ᠤᠯᠤᠰ᠎ᠤᠨ ᠲᠤᠭᠲᠠᠯᠴᠠᠭ᠎ᠠ᠎ᠲᠠᠢ ᠵᠣᠬᠢᠴᠠᠬᠤ ᠬᠡᠮᠵᠢᠯᠲᠡ᠎ᠶ᠋ᠢᠨ ᠠᠷᠭ᠎ᠠ᠎ᠶ᠋ᠢ ᠪᠠᠢᠭᠤᠯᠵᠤ᠂ 《ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ—ᠲᠤᠭ᠎ᠠ ᠪᠠᠷᠢᠮᠲᠠ ᠴᠤᠭ᠍ᠯᠠᠭᠤᠯᠬᠤ—ᠲᠣᠭᠠᠴᠠᠭ᠎ᠠ᠎ᠶᠢᠨ ᠮᠡᠳᠡᠭᠦᠯᠦᠯᠲᠡ》᠎ᠶ᠋ᠢᠨ ᠪᠦᠬᠦ᠌ ᠬᠡᠯᠬᠢᠶ᠎ᠡ᠎ᠶ᠋ᠢᠨ ᠡᠬᠢ ᠡᠭᠦᠰᠦᠯ᠎ᠤᠨ ᠲᠤᠭᠲᠠᠯᠴᠠᠭ᠎ᠠ᠎ᠶᠢ ᠪᠠᠢᠭᠤᠯᠵᠤ᠂ ᠡᠬᠢ ᠡᠭᠦᠰᠦᠯ᠎ᠠᠴᠠ᠎ᠨᠢ ᠨᠡᠭᠦᠷᠡᠰᠦᠲᠥ᠋ᠷᠥᠭ᠌ᠴᠢ᠎ᠶ᠋ᠢᠨ ᠲᠣᠭ᠎ᠠ ᠪᠠᠷᠢᠮᠲᠠ᠎ᠶ᠋ᠢᠨ ᠣᠨᠣᠪᠴᠢᠲᠤ ᠴᠢᠨᠠᠷ ᠪᠠ ᠤᠯᠠᠨ ᠨᠡᠢ᠌ᠲᠡ᠎ᠳᠤ ᠢᠲᠡᠭᠡᠭᠦᠯᠬᠦ᠌ ᠬᠦᠴᠦᠨ᠎ᠢ ᠪᠠᠲᠤᠯᠠᠵᠤ᠂ ᠭᠠᠳᠠᠭᠠᠳᠤ᠎ᠳᠦ ᠭᠠᠷᠭ᠋ᠠᠬᠤ ᠠᠵᠤ ᠠᠬᠤᠢᠯᠠᠯ᠎ᠢ ᠬᠠᠪᠰᠤᠷᠤᠨ ᠪᠣᠬᠢᠷᠲᠤᠯ ᠦᠭᠡᠢ ᠠᠷᠠᠯᠵᠢᠶᠠᠨ᠎ᠤ ᠪᠠᠬᠢᠯᠡᠯᠲᠡ᠎ᠠᠴᠠ ᠪᠦᠲᠦᠮᠵᠢᠲᠡᠶ ᠵᠠᠢ᠌ᠯᠠᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠤᠮᠳᠠ ᠲᠡᠷᠢᠭᠦᠨ ᠲᠣᠬᠢᠶᠠᠯ᠎ᠢ ᠵᠠᠪᠳᠤᠨ ᠡᠵᠡᠯᠡᠨ᠎ᠡ᠃

《ᠵᠢᠷᠤᠮᠵᠢᠯ》᠎ᠢ ᠬᠡᠷᠡᠭ᠌ᠵᠢᠭᠦᠯᠦᠭ᠌ᠰᠡᠨ᠎ᠤ ᠲᠠᠷᠠᠭ᠎ᠠ᠂ ᠴᠠᠬᠢᠯᠭᠠᠨ ᠬᠦᠴᠦᠨ᠎ᠤ ᠲᠤᠭ᠎ᠠ ᠪᠠᠷᠢᠮᠲᠠ᠎ᠶ᠋ᠢᠨ ᠡᠯᠧᠮᠧᠨ᠋ᠲ ᠨᠢ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠣᠨ ᠬᠤᠪᠢᠷᠠᠬᠤ ᠨᠢ ᠲᠦᠷᠭᠡᠳᠴᠦ᠂ ᠥᠪᠥᠷ ᠮᠣᠩᠭᠤᠯ᠎ᠤᠨ ᠪᠦᠬᠦ᠌ ᠤᠯᠤᠰ᠎ᠤᠨ ᠴᠠᠬᠢᠯᠭᠠᠨ ᠨᠡᠭᠦᠷᠡᠰᠦᠲᠥ᠋ᠷᠥᠭ᠌ᠴᠢ᠎ᠶ᠋ᠢᠨ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠥᠨᠳᠦᠷᠯᠢᠭ᠎ᠢ ᠪᠠᠢᠭᠤᠯᠬᠤ᠎ᠳᠤ ᠬᠦᠴᠦᠨ ᠨᠡᠮᠡᠷᠢᠯᠡᠵᠦ᠍᠂ 《ᠬᠤᠣᠰ ᠨᠡᠭᠦᠷᠡᠰᠦᠲᠥ᠋ᠷᠥᠭ᠌ᠴᠢ》᠎ᠶ᠋ᠢᠨ ᠪᠠᠢᠯᠳᠤᠬᠤ ᠪᠤᠳᠤᠯᠭ᠎ᠠ᠎ᠶᠢ ᠪᠤᠲᠠᠲᠠᠢ᠌ᠵᠢᠯᠠᠭᠣᠯᠣᠨ ᠦᠷ᠎ᠡ ᠪᠦᠲᠦᠮᠵᠢ ᠭᠠᠷᠭᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠨ᠎ᠠ᠃

 

ᠢᠷᠡᠯᠲᠡ᠄ ᠪᠠᠷᠢᠮᠵᠢᠶᠠᠵᠢᠯ᠎ᠤᠨ ᠭᠠᠵᠠᠷ