1 ᠳ᠋ᠦ᠍ᠭᠡᠷ ᠰᠠᠷ᠎ᠠ᠎ᠶ᠋ᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠥᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠠᠯᠪᠠᠨ ᠬᠡᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠠᠴᠠ ᠬᠠᠮᠲᠤᠷᠠᠨ ᠡᠷᠭᠢᠯᠡᠭ᠌ᠰᠡᠨ 2025 ᠣᠨ᠎ᠤ ᠪᠥᠬᠦ᠌ ᠥᠪᠡᠷᠲᠡᠭᠡᠨ ᠵᠠᠰᠠᠬᠤ ᠣᠷᠣᠨ᠎ᠤ 《ᠬᠠᠤᠯᠢ᠎ᠪᠠᠷ ᠵᠠᠰᠠᠬᠤ ᠬᠡᠷᠡᠭ ᠵᠢᠴᠢ ᠬᠠᠤᠯᠢ᠎ᠪᠠᠷ ᠵᠠᠰᠠᠬᠤ ᠬᠥᠮᠦᠰ》᠎ᠢ ᠱᠢᠯᠭᠠᠷᠠᠭᠤᠯᠬᠤ ᠠᠵᠢᠯᠯᠠᠭ᠎ᠠ᠎ᠶ᠋ᠢᠨ ᠨᠡᠢᠲᠡᠯᠡᠬᠦ᠌ ᠶᠣᠰᠣᠯᠠᠯ ᠬᠥᠬᠡᠬᠤᠲᠠ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠡᠭᠡᠳᠦ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠬᠠᠮᠲᠤᠷᠠᠨ ᠰᠣᠩᠭᠤᠨ ᠬᠦᠷᠭᠡᠭ᠌ᠰᠡᠨ 《ᠥᠪᠥᠷ ᠮᠣᠩᠭᠤᠯ᠎ᠤᠨ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠲᠥᠪ ᠭᠣᠣᠯᠴᠢ ᠢᠯᠡ ᠲᠣᠳᠣ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠱᠢᠨ᠎ᠡ ᠬᠡᠪ ᠵᠠᠭ᠍ᠪᠤᠷ᠎ᠢ ᠪᠣᠶ ᠪᠣᠯᠭ᠋ᠠᠪᠠ》 ᠨᠢ ᠲᠣᠪᠤᠢᠮ᠎ᠠ ᠦᠢᠯᠡᠳᠦᠯᠭᠡ᠎ᠶ᠋ᠢᠨ ᠦᠷ᠎ᠡ ᠪᠦᠲᠦᠮᠵᠢ ᠪᠠ ᠥᠷᠭᠡᠨ ᠳᠡᠯᠭᠡᠷ ᠨᠡᠢᠭᠡᠮ᠎ᠤᠨ ᠵᠥᠪᠰᠢᠶᠡᠷᠡᠯ᠎ᠳᠤ ᠲᠦᠱᠢᠭ᠌ᠯᠡᠨ᠂ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠶᠡᠭᠡ ᠬᠠᠤᠯᠢ᠎ᠪᠠᠷ ᠵᠠᠰᠠᠬᠤ ᠬᠡᠷᠡᠭ》᠎ᠳᠤ ᠠᠮᠵᠢᠯᠲᠠ᠎ᠲᠠᠢ᠎ᠪᠠᠷ ᠰᠤᠩᠭᠤᠭᠳᠠᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠠᠷᠠᠳ ᠲᠦᠮᠡᠨ᠎ᠢᠶᠠᠷ ᠭᠤᠤᠯ ᠪᠣᠯᠭᠠᠬᠤ》 ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠦᠢᠯᠡᠳᠦᠯᠭᠡᠵᠢᠭᠦᠯᠵᠦ᠍᠂ 2024 ᠣᠨ᠎ᠳᠤ ᠪᠥᠬᠦ᠌ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠤᠨ ᠱᠢᠨ᠎ᠡ᠎ᠶ᠋ᠢ ᠡᠭᠦᠳᠬᠦ᠌᠎ᠳᠤ 《ᠪᠡᠶ᠎ᠡ᠎ᠶ᠋ᠢᠨ ᠪᠠᠢᠴᠠᠭᠠᠯᠲᠠ ᠮᠠᠶᠢᠭ᠎ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ᠎ᠤ ᠮᠠᠶᠢᠭ᠎ᠤᠨ ᠬᠠᠤᠯᠢ ᠬᠡᠷᠡᠭᠵᠢᠭᠦᠯᠦᠯᠲᠡ》᠎ᠶᠢᠨ ᠵᠠᠭ᠍ᠪᠤᠷ᠎ᠢ ᠬᠡᠷᠡᠭ᠌ᠵᠢᠭᠦᠯᠵᠦ᠍᠂ 《ᠪᠡᠶ᠎ᠡ᠎ᠶ᠋ᠢᠨ ᠪᠠᠢᠴᠠᠭᠠᠯᠲᠠ᠎ᠪᠠᠷ ᠲᠣᠭ᠍ᠲᠠᠭᠠᠯ᠎ᠳᠤ ᠨᠡᠢᠴᠡᠭᠦᠯᠬᠦ᠌᠎ᠶ᠋ᠢ ᠠᠬᠢᠭᠤᠯᠵᠦ᠂ ᠦᠶ᠋ᠯᠡᠴᠢᠯᠡᠭᠡ᠎ᠪᠠᠷ ᠬᠥᠭ᠌ᠵᠢᠯᠲᠡ᠎ᠶ᠋ᠢ ᠠᠬᠢᠭᠤᠯᠵᠦ》᠂ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭ᠌ᠵᠢᠭᠦᠯᠦᠯᠲᠡ᠎ᠪᠠᠷ ᠬᠡᠷᠡᠭ᠎ᠦᠨ ᠳᠠᠷᠠᠭ᠎ᠠ ᠵᠠᠯᠬᠠᠭᠠᠨ ᠴᠡᠭᠡᠷᠯᠡᠭᠦᠯᠬᠦ᠌᠎ᠠᠴᠠ ᠬᠡᠷᠡᠭ ᠶᠠᠪᠤᠳᠠᠯ᠎ᠤᠨ ᠡᠮᠦᠨ᠎ᠡ᠂ ᠳᠤᠮᠳᠠ ᠪᠠ ᠬᠤᠢᠨᠠᠬᠢ ᠪᠥᠬᠦ᠌ ᠶᠠᠪᠤᠴᠠ᠎ᠶ᠋ᠢᠨ ᠪᠢᠲᠡᠭᠦᠮᠵᠢᠯᠡᠭ᠌ᠰᠡᠨ ᠦᠢᠯᠡᠴᠢᠯᠡᠭᠡ ᠲᠡᠢ᠌ᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ 《ᠴᠢᠯᠦᠭᠡᠲᠡᠢ ᠲᠠᠯᠪᠢᠬᠤ》 ᠪᠠ 《ᠰᠠᠢᠨ ᠬᠠᠮᠢᠶᠠᠷᠬᠤ》 ᠣᠷᠭᠠᠨᠢᠭ ᠨᠢᠭᠡᠳᠦᠯ᠎ᠢ ᠪᠡᠶᠡᠯᠡᠦᠯᠪᠡ᠃
ᠲᠣᠰ ᠤᠳᠠᠭ᠎ᠠ ᠬᠠᠮᠲᠤᠷᠠᠨ ᠰᠣᠩᠭᠣᠭᠳᠠᠭᠰᠠᠨ 《ᠠᠷᠪᠠᠨ ᠶᠡᠭᠡ ᠬᠠᠤᠯᠢ᠎ᠪᠠᠷ ᠵᠠᠰᠠᠬᠤ ᠬᠡᠷᠡᠭ》 ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 《ᠪᠡᠶ᠎ᠡ᠎ᠶ᠋ᠢᠨ ᠪᠠᠢᠴᠠᠭᠠᠯᠲᠠ ᠮᠠᠶᠢᠭ᠎ᠤᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ᠎ᠤ ᠮᠠᠶᠢᠭ᠎ᠤᠨ ᠬᠠᠤᠯᠢ ᠬᠡᠷᠡᠭᠵᠢᠭᠦᠯᠦᠯᠲᠡ》᠎ᠶ᠋ᠢᠨ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢᠨ ᠳᠡᠭᠡᠳᠦ ᠬᠡᠮᠵᠢᠶᠡᠨ᠎ᠤ ᠨᠤᠲᠠᠯᠠᠯᠲᠠ ᠮᠦᠨ᠃ ᠪᠥᠬᠦ᠌ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠢᠨᠠᠯᠲᠠ ᠬᠠᠮᠢᠶᠠᠷᠤᠯᠲᠠ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠭ᠍ᠰᠠᠨ ᠪᠥᠭᠡᠳ ᠪᠠᠰᠠ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠵᠤ᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠬᠠᠤᠯᠢ᠎ᠪᠠᠷ ᠵᠠᠰᠠᠬᠤ ᠬᠦᠷᠲᠡᠮᠵᠢ᠎ᠶ᠋ᠢᠨ ᠲᠦᠷᠦᠭ᠌ᠳᠡᠯ᠂ ᠬᠥᠭ᠌ᠵᠢᠯᠲᠡ᠎ᠶ᠋ᠢᠨ ᠠᠮᠤᠷ ᠲᠦᠪᠱᠢᠨ᠎ᠤ ᠲᠦᠷᠦᠭ᠌ᠳᠡᠯ᠎ᠢ ᠦᠷᠭᠦᠯᠵᠢᠯᠡᠨ ᠨᠡᠮᠡᠭ᠌ᠳᠡᠭᠦᠯᠵᠦ᠍᠂ 《ᠠᠷᠠᠳ ᠲᠦᠮᠡᠨ᠎ᠳᠤ ᠦᠢᠯᠡᠴᠢᠯᠡᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌》 ᠰᠠᠯᠠᠭ᠎ᠠ ᠮᠥᠴᠢᠷ᠎ᠤᠨ ᠲᠦᠷᠢ ᠲᠥᠷᠬᠦ᠌᠎ᠶᠢ ᠬᠥᠮᠥᠰ᠎ᠤᠨ ᠰᠡᠳᠭᠢᠯ᠎ᠳᠤ ᠬᠠᠳᠠᠩᠱᠢᠭᠤᠯᠵᠤ᠂ ᠥᠪᠥᠷ ᠮᠣᠩᠭᠤᠯ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠠᠤᠯᠢ᠎ᠪᠠᠷ ᠵᠠᠰᠠᠬᠤ ᠬᠤᠳᠠᠯᠳᠣᠭᠠ ᠡᠵᠡᠩᠨᠡᠬᠦ ᠣᠷᠴᠢᠨ ᠨᠦᠭᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ ᠬᠠᠤᠯᠢ᠎ᠪᠠᠷ ᠵᠠᠰᠠᠬᠤ ᠪᠠᠲᠤᠯᠠᠭ᠎ᠠ᠎ᠶᠢ ᠪᠡᠬᠢᠵᠢᠭᠦᠯᠪᠡ᠃