ᠣᠢᠷ᠎ᠠ᠎ᠳᠤ᠂ ᠥᠪᠥᠷ ᠮᠣᠩᠭᠤᠯ 《ᠴᠦᠯᠥᠷᠬᠡᠭ ᠨᠣᠭᠤᠭᠠᠨ ᠪᠦᠷᠢᠳᠦ᠍ᠶᠢ ᠶᠡᠷᠦᠩᠬᠡᠢ᠌ᠯᠡᠨ ᠰᠡᠷᠭᠡᠢ᠌ᠯᠡᠨ ᠬᠠᠮᠠᠭ᠋ᠠᠯᠠᠬᠤ ᠲᠤᠭᠲᠠᠯᠴᠠᠭ᠎ᠠ᠎ᠶᠢᠨ ᠪᠠᠢᠭᠤᠯᠤᠯᠲᠠ᠎ᠶ᠋ᠢᠨ ᠮᠡᠷᠭᠡᠵᠢᠯ᠎ᠤᠨ ᠲᠦᠷᠢᠮ》 (DB15/T4267-2026)᠎ᠤᠨ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠵᠦ᠍᠂ 2026 ᠣᠨ᠎ᠤ 2 ᠳ᠋ᠤᠭᠠᠷ ᠰᠠᠷ᠎ᠠ᠎ᠶ᠋ᠢᠨ 15᠎ᠤ ᠡᠳᠦᠷ ᠵᠢᠩᠬᠢᠨᠢ᠎ᠪᠠᠷ ᠬᠡᠷᠡᠭ᠌ᠵᠢᠭᠦᠯᠦᠨ᠎ᠡ᠃ ᠪᠠᠷᠢᠮᠵᠢᠶ᠎ᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠨᠢ ᠪᠥᠬᠦ᠌ ᠣᠷᠣᠨ᠎ᠤ ᠨᠣᠭᠤᠭᠠᠨ ᠪᠦᠷᠢᠳᠦ᠍᠎ᠶ᠋ᠢᠨ ᠠᠮᠢ ᠠᠬᠤᠶ᠎ᠶ᠋ᠢᠨ ᠰᠡᠷᠭᠡᠢ᠌ᠯᠡᠨ ᠬᠠᠮᠠᠭ᠋ᠠᠯᠠᠬᠤ ᠲᠤᠭᠲᠠᠯᠴᠠᠭ᠎ᠠ᠎ᠶᠢᠨ ᠵᠢᠷᠤᠮᠵᠢᠭ᠍ᠰᠠᠨ ᠪᠠᠢᠭᠤᠯᠤᠯᠲᠠ᠂ ᠱᠢᠨᠵᠢᠯᠡᠬᠦ᠌ ᠤᠬᠠᠭᠠᠨᠴᠢᠯᠠᠭ᠍ᠰᠠᠨ ᠬᠠᠮᠢᠶᠠᠷᠤᠯᠲᠠ ᠬᠢᠭᠡᠳ ᠲᠣᠭ᠍ᠲᠠᠭᠤᠨ ᠠᠵᠢᠯᠯᠠᠭᠠᠨ᠎ᠳᠤ ᠡᠷᠬᠡ ᠰᠦᠷᠲᠦ ᠮᠡᠷᠭᠡᠵᠢᠯ᠎ᠤᠨ ᠵᠢᠷᠤᠮᠯᠠᠯ ᠬᠠᠩᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠂ ᠴᠥᠯᠥᠷᠬᠡᠭ ᠨᠣᠭᠤᠭᠠᠨ ᠪᠦᠷᠢᠳᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ᠃
ᠣᠯᠠᠨ ᠲᠠᠯ᠎ᠠ᠎ᠪᠠᠷ ᠬᠠᠮᠵᠢᠯᠴᠠᠨ ᠨᠠᠢᠷᠠᠭᠤᠯᠤᠨ ᠵᠣᠬᠢᠶᠠᠵᠤ᠂ ᠪᠠᠷᠢᠮᠵᠢᠶ᠎ᠠ ᠨᠢ ᠪᠥᠬᠦ᠌ ᠬᠦᠷᠢᠶ᠎ᠡ ᠴᠠᠷᠠᠭᠠᠨ᠎ᠤ ᠨᠣᠭᠤᠭᠠᠨ ᠪᠦᠷᠢᠳᠦ᠍ᠶ᠋ᠢ ᠬᠠᠮᠤᠷᠤᠨ᠎ᠠ
ᠲᠣᠰ ᠪᠠᠷᠢᠮᠵᠢᠶ᠎ᠠ᠎ᠶ᠋ᠢ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ ᠲᠦᠷᠦᠭᠦᠯᠡᠨ ᠵᠣᠬᠢᠶᠠᠵᠦ᠂ ᠠᠯᠠᠱᠠ ᠠᠢᠮᠠᠭ᠎ᠤᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠵᠡᠨ᠎ᠡ ᠬᠤᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠲᠠᠢ ᠬᠠᠮᠲᠤᠷᠠᠨ ᠨᠠᠢᠷᠠᠭᠤᠯᠤᠨ ᠵᠣᠬᠢᠶᠠᠨ ᠳᠠᠭᠤᠰᠴᠤ᠂ ᠬᠡᠷᠡᠭ᠌ᠯᠡᠬᠦ᠌ ᠬᠡᠪᠴᠢᠶ᠎ᠡ᠎ᠨᠢ ᠪᠥᠬᠦ᠌ ᠣᠷᠣᠨ᠎ᠤ ᠪᠠᠢ᠌ᠭ᠋ᠠᠯᠢᠯᠢᠭ ᠪᠠ ᠬᠥᠮᠦᠨ᠎ᠤ ᠬᠦᠴᠦᠨ᠎ᠤ ᠨᠣᠭᠤᠭᠠᠨ ᠪᠦᠷᠢᠳᠦ᠍ᠶ᠋ᠢ ᠬᠠᠮᠤᠷᠤᠨ᠎ᠠ᠃ ᠪᠠᠷᠢᠮᠵᠢᠶ᠎ᠠ ᠨᠢ ᠥᠪᠥᠷ ᠮᠣᠩᠭᠤᠯ᠎ᠤᠨ ᠴᠥᠯᠥᠷᠭᠡᠭ ᠨᠣᠭᠤᠭᠠᠨ ᠪᠦᠷᠢᠳᠦ᠍᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠪᠣᠳᠠᠲᠠᠶ ᠬᠡᠷᠡᠭ᠌ᠴᠡᠭᠡ᠎ᠳᠤ ᠰᠠᠭᠤᠷᠢᠯᠠᠨ᠂ ᠰᠡᠷᠭᠡᠢᠯᠡᠨ ᠬᠠᠮᠠᠭᠠᠯᠠᠬᠤ ᠲᠤᠭᠲᠠᠯᠴᠠᠭ᠎ᠠ᠎ᠶᠢ ᠪᠠᠢᠭᠤᠯᠬᠤ᠂ ᠡᠵᠡᠩᠨᠡᠨ ᠬᠠᠮᠢᠶᠠᠷᠬᠤ ᠪᠠ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠳᠣᠬᠠᠨ᠎ᠤ ᠴᠦᠯᠦᠷᠬᠡᠭ ᠨᠣᠭᠤᠭᠠᠨ ᠪᠦᠷᠢᠳᠦ᠍᠎ᠶ᠋ᠢᠨ ᠰᠡᠷᠭᠡᠢᠯᠡᠨ ᠬᠠᠮᠠᠭᠠᠯᠠᠬᠤ ᠪᠠᠢᠭᠤᠯᠤᠯᠲᠠ᠎ᠳᠤ ᠣᠷᠣᠱᠢᠵᠤ ᠪᠠᠢᠭ᠎ᠠ ᠮᠡᠷᠭᠡᠵᠢᠯ᠎ᠤᠨ ᠪᠠᠷᠢᠮᠵᠢᠶ᠎ᠠ ᠨᠢᠭᠡᠳᠦᠯ ᠦᠭᠡᠶ᠂ ᠠᠷᠭ᠎ᠠ ᠬᠡᠮᠵᠢᠶ᠎ᠡ᠎ᠶ᠋ᠢᠨ ᠬᠠᠨᠳᠤᠯᠭᠠᠲᠤ ᠴᠢᠨᠠᠷ᠎ᠢᠶᠠᠷ ᠴᠢᠩᠭ᠎ᠠ ᠪᠤᠰᠤ ᠵᠡᠷᠭᠡ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠵᠦ᠍᠂ ᠪᠦᠬᠦ᠌ ᠣᠷᠣᠨ᠎ᠤ ᠨᠣᠭᠤᠭᠠᠨ ᠪᠦᠷᠢᠳᠦ᠍᠎ᠶ᠋ᠢᠨ ᠰᠡᠷᠭᠡᠢᠯᠡᠨ ᠬᠠᠮᠠᠭᠠᠯᠠᠬᠤ ᠠᠵᠢᠯ᠎ᠢ 《ᠲᠤᠷᠱᠢᠯᠲᠠ᠎ᠶ᠋ᠢᠨ ᠬᠡᠯᠪᠡᠷᠢ》᠎ᠠᠴᠠ 《ᠪᠠᠷᠢᠮᠵᠢᠶᠠᠵᠢᠭᠰᠠᠨ》 ᠲᠡᠢ᠌ᠰᠢ ᠬᠤᠪᠢᠷᠠᠭᠤᠯᠬᠤ᠎ᠶ᠋ᠢ ᠠᠬᠢᠭᠤᠯᠤᠨ᠎ᠠ᠃
ᠠᠬᠢᠯᠲᠠ᠎ᠶᠢᠨ ᠬᠡᠯᠪᠡᠷᠢ᠎ᠶᠢᠨ ᠬᠠᠯᠬᠠᠪᠴᠢ᠎ᠶᠢ ᠪᠠᠢ᠌ᠭᠤᠯᠵᠦ᠂ ᠳᠠᠪᠬᠤᠷᠭ᠎ᠠ ᠬᠤᠪᠢᠶᠠᠨ ᠠᠮᠢ ᠠᠬᠤᠢ᠎ᠶᠢᠨ ᠠᠮᠤᠷ ᠲᠦᠪᠰᠢᠨ᠎ᠢ ᠬᠠᠮᠠᠭ᠋ᠠᠯᠠᠬᠤ ᠠᠷᠭ᠎ᠠ ᠪᠣᠳᠣᠯᠭ᠎ᠠ᠎ᠶᠢ ᠬᠡᠷᠡᠭᠵᠢᠭᠦᠯᠦᠨ᠎ᠡ
ᠲᠣᠰ ᠪᠠᠷᠢᠮᠵᠢᠶ᠎ᠠ᠎ᠶ᠋ᠢᠨ ᠭᠤᠤᠯ ᠭᠡᠷᠡᠯᠲᠦ ᠴᠡᠭ᠎ᠨᠢ ᠭᠠᠳᠠᠷ ᠬᠦᠷᠢᠶ᠎ᠡ᠎ᠠᠴᠠ ᠳᠣᠲᠣᠭᠠᠳᠤ᠎ᠳᠤ ᠱᠠᠲᠤ ᠱᠠᠲᠤ᠎ᠪᠠᠷ ᠰᠡᠷᠭᠡᠢᠯᠡᠬᠦ᠌ ᠠᠬᠢᠯᠲᠠ᠎ᠶᠢᠨ ᠬᠡᠯᠪᠡᠷᠢ᠎ᠶ᠋ᠢᠨ ᠶᠡᠷᠦᠩᠬᠡᠢᠯᠡᠭ᠌ᠰᠡᠨ ᠰᠡᠷᠭᠡᠢᠯᠡᠨ ᠬᠠᠮᠠᠭᠠᠯᠠᠬᠤ ᠲᠤᠭᠲᠠᠯᠴᠠᠭ᠎ᠠ᠎ᠶᠢ ᠪᠠᠢᠭᠤᠯᠵᠤ᠂ 《ᠮᠣᠳᠣᠨ ᠦᠷ᠎ᠡ (ᠡᠪᠡᠰᠦᠨ ᠦᠷ᠎ᠡ) ᠲᠣᠬᠢᠷᠠᠮᠵᠢᠲᠠᠶ᠂ ᠲᠣᠬᠢᠷᠠᠭᠤᠯᠤᠯᠲᠠ ᠵᠦᠶ ᠵᠣᠬᠢᠰᠲᠠᠶ᠂ ᠪᠦᠲᠦᠴᠡ ᠪᠦᠷᠢᠨ ᠲᠡᠭᠦᠯᠳᠡᠷ》᠎ᠪᠠᠷ ᠪᠦᠲᠦᠭᠡᠨ ᠪᠠᠢᠭᠤᠯᠬᠤ ᠵᠠᠷᠴᠢᠮ ᠪᠣᠯᠭ᠋ᠠᠬᠤ᠎ᠶᠢ ᠲᠤᠲᠤᠷᠬᠠᠢ᠌ᠯᠠᠵᠦ᠂ ᠣᠯᠠᠨ ᠳᠠᠪᠬᠤᠷᠭ᠎ᠠ᠎ᠶ᠋ᠢᠨ ᠤᠷᠭᠤᠮᠠᠯ᠎ᠤᠨ ᠬᠤᠴᠢᠯᠭ᠎ᠠ ᠬᠢᠭᠡᠳ ᠢᠨᠵᠧᠨᠧᠷᠢᠩ᠎ᠤᠨ ᠰᠡᠷᠭᠡᠢ᠌ᠯᠡᠨ ᠬᠠᠮᠠᠭ᠋ᠠᠯᠠᠬᠤ ᠨᠡᠢᠯᠡᠮᠡᠯ ᠴᠣᠭ᠍ᠴᠠ᠎ᠶ᠋ᠢ ᠪᠣᠶ ᠪᠣᠯᠭᠠᠨ᠎ᠠ᠃ ᠪᠠᠢᠭᠠᠯᠢᠯᠢᠭ ᠨᠣᠭᠣᠭᠠᠨ ᠪᠦᠷᠢᠳᠦᠳ᠋ᠦ᠍ ᠴᠢᠭ᠌ᠯᠡᠭᠦᠯᠦᠨ 《ᠬᠠᠮᠠᠭᠠᠯᠠᠬᠤ᠎ᠶᠢ ᠲᠡᠷᠢᠭᠦᠨ᠎ᠳ᠋ᠦ᠍ ᠲᠠᠯᠪᠢᠬᠤ》 ᠵᠠᠷᠴᠢᠮᠢ᠋ ᠲᠣᠭ᠍ᠲᠠᠭᠠᠵᠤ᠂ ᠬᠠᠮᠤᠭ ᠶᠡᠬᠡ ᠬᠡᠮᠵᠢᠶ᠎ᠡ᠎ᠪᠡᠷ ᠠᠩᠬᠠᠨ᠎ᠤ ᠠᠮᠢ ᠠᠬᠤᠢ᠎ᠶᠢᠨ ᠴᠢᠳᠠᠮᠵᠢ᠎ᠶᠢ ᠪᠠᠷᠢᠮᠲᠠᠯᠠᠨ᠎ᠠ᠃ ᠬᠥᠮᠦᠨ᠎ᠦ᠌ ᠬᠦᠴᠦᠨ᠎ᠦ ᠨᠣᠭᠣᠭᠠᠨ ᠪᠦᠷᠢᠳᠦ᠎ᠳᠦ ᠴᠢᠭ᠌ᠯᠡᠭᠦᠯᠦᠨ᠂ 《ᠬᠥᠨᠥᠭᠡᠯ᠎ᠡᠴᠡ ᠲᠣᠬᠢᠷᠠᠭᠤᠯᠤᠨ ᠰᠡᠷᠭᠡᠢᠯᠡᠬᠦ᠌》 ᠵᠠᠷᠴᠢᠮᠢ᠋ ᠪᠠᠷᠢᠮᠲᠠᠯᠠᠵᠤ᠂ ᠣᠷᠣᠨ ᠪᠦᠰᠡ ᠬᠤᠪᠢᠶᠠᠨ ᠪᠠᠢᠭᠤᠯᠤᠯᠲᠠ᠎ᠶᠢᠨ ᠭᠣᠣᠯᠳᠠᠯᠭ᠎ᠠ᠎ᠶᠢ ᠨᠠᠷᠢᠯᠢᠭ᠍ᠵᠢᠭᠤᠯᠤᠨ᠎ᠠ᠃ ᠭᠠᠳᠠᠷ ᠬᠦᠷᠢᠶᠡᠨ᠎ᠤ ᠦᠶᠡᠷ᠎ᠢ ᠰᠡᠷᠭᠡᠢᠯᠡᠬᠦ᠌ ᠪᠦᠰᠡ᠎ᠳᠤ ᠬᠠᠱᠢᠯᠭ᠎ᠠ᠎ᠶ᠋ᠢ ᠬᠠᠮᠠᠭᠠᠯᠠᠵᠤ ᠴᠡᠭ᠌ᠴᠡᠯᠡᠨ ᠵᠠᠰᠠᠬᠤ ᠪᠠ ᠦᠶᠡᠷ᠎ᠲᠤ ᠳᠠᠭ᠋ᠠᠭ᠋ᠠᠮᠠᠭ᠋ᠠᠢ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌᠎ᠶ᠋ᠢ ᠵᠡᠷᠭᠡ᠎ᠪᠠᠷ ᠬᠡᠷᠡᠭ᠌ᠵᠢᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠦᠶᠡᠷ᠎ᠤᠨ ᠤᠰᠤ᠎ᠶ᠋ᠢ ᠲᠣᠬᠢᠷᠠᠭᠤᠯᠤᠨ ᠬᠠᠳᠠᠭᠠᠯᠠᠬᠤ ᠪᠠ ᠭᠤᠣᠯ᠎ᠤᠨ ᠡᠷᠭᠢ᠎ᠶᠢ ᠰᠡᠷᠭᠡᠢᠯᠡᠨ ᠬᠠᠮᠠᠭᠠᠯᠠᠬᠤ ᠴᠢᠳᠠᠪᠤᠷᠢ᠎ᠶ᠋ᠢ ᠴᠢᠩᠭᠠᠷᠠᠭᠤᠯᠵᠤ᠂ ᠳᠤᠤᠷᠠᠳᠤ ᠤᠷᠤᠰᠭᠠᠯ᠎ᠤᠨ ᠨᠣᠭᠤᠭᠠᠨ ᠪᠦᠷᠢᠳᠦ ᠪᠠ ᠲᠠᠷᠢᠶᠠᠨ ᠭᠠᠵᠠᠷ᠎ᠲᠤ ᠦᠶᠡᠷ᠎ᠢ ᠰᠡᠷᠭᠡᠢᠯᠡᠬᠦ᠌ ᠨᠠᠮᠤᠭᠤᠳᠬᠠᠬᠤ ᠱᠤᠭᠤᠮ᠎ᠢ ᠪᠡᠬᠢᠵᠢᠭᠦᠯᠦᠨ᠎ᠡ; ᠴᠦᠯᠦᠷᠬᠡᠭ — ᠨᠣᠭᠤᠭᠠᠨ ᠪᠦᠷᠢᠳᠦ᠍᠎ᠶ᠋ᠢᠨ ᠱᠢᠯᠵᠢᠯᠲᠡ᠎ᠶ᠋ᠢᠨ ᠪᠦᠰᠡ᠎ᠳᠤ᠂ 《ᠭᠡᠷᠡᠯ ᠴᠡᠨᠡᠭ + ᠡᠯᠡᠰᠦ᠎ᠶ᠋ᠢ ᠵᠠᠰᠠᠬᠤ》 ᠵᠠᠭ᠍ᠪᠤᠷ᠎ᠢ ᠳᠡᠯᠭᠡᠷᠡᠭᠦᠯᠵᠦ᠍᠂ ᠭᠠᠩ ᠬᠠᠭ᠍ᠰᠠᠷᠠᠭᠠᠨ᠎ᠳᠤ ᠳᠠᠭ᠋ᠠᠭ᠋ᠠᠮᠠᠭ᠋ᠠᠢ ᠪᠣᠳᠠ ᠮᠣᠳᠣ᠎ᠶ᠋ᠢ ᠪᠢᠲᠡᠭᠦᠮᠵᠢᠯᠡᠨ ᠪᠤᠢᠵᠢᠭᠤᠯᠵᠤ ᠨᠦᠬᠦᠪᠦᠷᠢᠯᠠᠨ ᠲᠠᠷᠢᠬᠤ᠎ᠲᠠᠢ ᠤᠶᠠᠯᠳᠤᠭᠤᠯᠤᠨ᠂ ᠭᠠᠵᠠᠷ᠎ᠤᠨ ᠭᠠᠳᠠᠷᠭᠤ᠎ᠶ᠋ᠢᠨ ᠪᠦᠳᠦᠭᠦᠯᠢᠭ ᠬᠡᠮᠵᠢᠶ᠎ᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠰᠠᠯᠬᠢ ᠡᠯᠡᠰᠦᠨ᠎ᠤ ᠳᠥᠷᠢᠮᠡᠬᠡᠢ᠌ᠯᠡᠬᠦ ᠬᠤᠷᠳᠤᠴᠠ᠎ᠶ᠋ᠢ ᠤᠳᠠᠭᠠᠱᠢᠷᠠᠭᠤᠯᠤᠨᠠ; ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠬᠤ ᠣᠢ᠎ᠶ᠋ᠢᠨ ᠪᠦᠰᠡ᠎ᠳᠤ᠂ ᠵᠠᠭ ᠮᠣᠳᠣ᠂ ᠰᠤᠬᠠᠢ᠂ ᠳᠠᠷᠪᠠᠯᠵᠢ ᠵᠡᠷᠭᠡ ᠨᠤᠲᠤᠭ᠎ᠤᠨ ᠪᠣᠳᠠ ᠮᠣᠳᠣ᠎ᠪᠠᠷ ᠭᠤᠣᠯ ᠪᠣᠯᠭᠠᠨ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠣᠶ᠎ᠶ᠋ᠢᠨ ᠪᠦᠰᠡ᠎ᠶ᠋ᠢᠨ ᠨᠡᠪᠲᠡᠷᠡᠬᠦ᠌ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠨ᠂ ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠬᠤ ᠥᠷᠬᠦᠯᠵᠢᠯᠡᠭᠰᠡᠨ ᠪᠠᠲᠤ ᠪᠡᠬᠢ ᠬᠠᠯᠬᠠᠪᠴᠢ᠎ᠶ᠋ᠢ ᠪᠦᠷᠢᠯᠳᠦᠭᠦᠯᠦᠨ᠎ᠡ; ᠭᠤᠣᠯ᠎ᠤᠨ ᠡᠷᠭᠢ᠎ᠶ᠋ᠢᠨ ᠰᠡᠷᠭᠡᠢ᠌ᠯᠡᠨ ᠬᠠᠮᠠᠭ᠋ᠠᠯᠠᠬᠤ ᠣᠶ᠎ᠶ᠋ᠢᠨ ᠪᠦᠰᠡ᠎ᠳᠤ᠂ ᠭᠣᠣᠯ᠎ᠤᠨ ᠡᠷᠬᠢ᠎ᠶᠢᠨ ᠬᠦᠷᠦᠰᠦ᠎ᠶᠢ ᠲᠤᠭᠤᠲᠠᠪᠦᠷᠢᠵᠢᠭᠤᠯᠬᠤ ᠪᠠ ᠤᠰᠤᠨ᠎ᠤ ᠰᠤᠷᠪᠤᠯᠵᠢ᠎ᠶ᠋ᠢ ᠬᠠᠮᠠᠭᠠᠯᠠᠬᠤ ᠬᠤᠶᠠᠷ ᠶᠡᠭᠡ ᠬᠠᠷᠠᠯᠲᠠ᠎ᠶ᠋ᠢᠨ ᠲᠣᠭᠤᠷᠢᠨ᠎ᠳᠤ᠂ ᠰᠡᠷᠭᠡᠢ᠌ᠯᠡᠨ ᠬᠠᠮᠠᠭ᠋ᠠᠯᠠᠬᠤ ᠣᠶ᠎ᠶ᠋ᠢᠨ ᠪᠦᠰᠡ᠎ᠶᠢᠨ ᠪᠠᠢᠭᠤᠯᠤᠯᠲᠠ ᠬᠢᠭᠡᠳ ᠪᠠᠢ᠌ᠩᠭᠤᠵᠢᠭᠰᠠᠨ ᠬᠠᠮᠢᠶᠠᠷᠤᠯᠲᠠ ᠬᠠᠮᠠᠭᠠᠯᠠᠯᠲᠠ᠎ᠪᠠᠷ ᠳᠠᠮᠵᠢᠭᠤᠯᠤᠨ᠂ ᠭᠤᠤᠯ᠎ᠤᠨ ᠡᠷᠭᠢ᠎ᠶ᠋ᠢᠨ ᠢᠳᠡᠭ᠌ᠳᠡᠯ ᠪᠠ ᠬᠥᠷᠥᠰᠥ᠍ ᠱᠢᠷᠣᠶ᠎ᠶ᠋ᠢᠨ ᠢᠳᠡᠭ᠌ᠳᠡᠯ᠎ᠤᠨ ᠲᠦᠭ᠌ᠰᠢᠭᠦᠷᠢ᠎ᠶ᠋ᠢ ᠪᠠᠭᠠᠰᠭᠠᠨ᠎ᠠ; ᠨᠣᠭᠤᠭᠠᠨ ᠪᠦᠷᠢᠳᠦ᠍᠎ᠶ᠋ᠢᠨ ᠳᠣᠲᠣᠭᠠᠳᠤ ᠵᠢᠴᠢ ᠲᠠᠷᠢᠶᠠᠨ ᠭᠠᠵᠠᠷ᠎ᠤᠨ ᠣᠷᠣᠨ ᠪᠦᠰᠡ᠎ᠳᠦ᠂ ᠭᠤᠤᠯ ᠳᠡᠳ᠋ ᠣᠶ᠎ᠶ᠋ᠢᠨ ᠪᠦᠰᠡ᠎ᠶ᠋ᠢᠨ ᠲᠣᠤᠷᠵᠢᠭᠤᠯᠤᠭ᠍ᠰᠠᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠪᠠᠭ᠎ᠠ ᠬᠡᠪᠴᠢᠶᠠᠨ᠎ᠤ ᠠᠭᠤᠷ ᠠᠮᠢᠰᠭᠤᠯ᠎ᠢ ᠰᠠᠢᠵᠢᠷᠠᠭᠤᠯᠤᠨ᠂ ᠲᠠᠷᠢᠮᠠᠯ᠎ᠤᠨ ᠤᠷᠭᠤᠯᠲᠠ᠎ᠳᠤ ᠠᠱᠢᠭ᠍ᠲᠠᠶ ᠨᠥᠬᠦᠴᠡᠯ᠎ᠢ ᠪᠦᠷᠢᠯᠳᠦᠭᠦᠯᠵᠦ ᠥᠭ᠌ᠭᠦᠨ᠎ᠡ᠃
ᠦᠢᠯᠡᠳ᠋ᠦᠯᠭᠡ᠎ᠶᠢᠨ ᠦᠷ᠎ᠡ ᠪᠦᠲᠦᠮᠵᠢ ᠢᠯᠡᠷᠬᠡᠢ ᠪᠠᠢ᠌ᠵᠦ᠂ ᠠᠮᠢ ᠠᠬᠤᠢ ᠪᠠ ᠠᠵᠤ ᠠᠬᠤᠢ᠎ᠶ᠋ᠢᠨ ᠬᠣᠣᠰ ᠠᠮᠵᠢᠯᠲᠠ᠎ᠶ᠋ᠢ ᠪᠡᠶᠡᠯᠡᠭᠦᠯᠪᠡ
ᠬᠠᠮᠢᠶ᠎ᠠ ᠪᠥᠬᠦᠶ ᠰᠡᠷᠭᠡᠢᠯᠡᠨ ᠬᠠᠮᠠᠭᠠᠯᠠᠬᠤ ᠵᠠᠭ᠍ᠪᠤᠷ᠎ᠢ ᠲᠣᠷᠰᠢᠨ ᠳᠡᠯᠭᠡᠷᠡᠭᠦᠯᠦᠭ᠌ᠰᠡᠨ᠎ᠠᠴᠠ ᠨᠠᠭᠠᠰᠢ᠂ ᠮᠠᠨ᠎ᠤ ᠣᠷᠣᠨ᠎ᠤ ᠣᠯᠠᠨ ᠭᠠᠵᠠᠷ᠎ᠲᠤ ᠨᠢᠭᠡᠨᠲᠡ ᠢᠯᠡᠳᠲᠡ ᠦᠷ᠎ᠡ ᠪᠦᠲᠦᠮᠵᠢ ᠣᠯᠤᠭ᠍ᠰᠠᠨ ᠪᠠᠢᠨ᠎ᠠ᠃ ᠳ᠋ᠧᠩᠺᠸᠦ᠍ᠶ᠋ᠢᠨ ᠨᠣᠭᠤᠭᠠᠨ ᠪᠦᠷᠢᠳᠦ 《ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠂ ᠠᠮᠢ ᠠᠬᠤᠶ᠎ᠶ᠋ᠢᠨ ᠬᠡᠷᠡᠯ ᠴᠡᠨᠡᠭ᠎ᠢᠶᠠᠷ ᠡᠯᠡᠰᠦ᠎ᠶ᠋ᠢ ᠵᠠᠰᠠᠬᠤ ᠣᠷᠣᠨ᠂ ᠡᠯᠡᠰᠦ᠎ᠶ᠋ᠢ ᠪᠢᠲᠡᠭᠦᠮᠵᠢᠯᠡᠨ ᠡᠪᠡᠰᠦ ᠳᠠᠷᠢᠬᠤ ᠣᠷᠣᠨ᠂ ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠬᠤᠷᠢᠭ᠍ᠯᠠᠬᠤ ᠣᠷᠣᠨ᠂ ᠲᠠᠷᠢᠶᠠᠨ ᠭᠠᠵᠠᠷ᠎ᠤᠨ ᠰᠡᠷᠭᠡᠢ᠌ᠯᠡᠨ ᠬᠠᠮᠠᠭ᠋ᠠᠯᠠᠬᠤ ᠣᠶ᠎ᠶ᠋ᠢᠨ ᠪᠦᠰᠡ》 ᠵᠡᠷᠭᠡ ᠲᠠᠪᠤᠨ ᠳᠠᠪᠬᠤᠷᠭ᠎ᠠ ᠶᠡᠷᠦᠩᠬᠡᠢᠯᠡᠭ᠌ᠰᠡᠨ ᠰᠡᠷᠭᠡᠢ᠌ᠯᠡᠨ ᠬᠠᠮᠠᠭ᠋ᠠᠯᠠᠬᠤ ᠲᠤᠭᠲᠠᠯᠴᠠᠭ᠎ᠠ᠎ᠶᠢ ᠪᠠᠢᠭᠤᠯᠵᠤ᠂ ᠲᠣᠪᠤᠢᠮ᠎ᠠ ᠦᠷ᠎ᠡ ᠪᠦᠲᠦᠮᠵᠢ ᠤᠯᠪᠠ᠃ ᠲᠡᠭᠦᠨ᠎ᠦ ᠬᠠᠮᠣᠭ ᠭᠠᠳᠠᠷ ᠬᠦᠷᠢᠶᠡᠨ᠎ᠦ ᠭᠡᠷᠡᠯ ᠴᠡᠨᠡᠭ ᠣᠷᠣᠨ᠎ᠤ ᠵᠢᠯ᠎ᠦᠨ ᠡᠯᠡᠰᠦᠨ᠎ᠦ ᠣᠷᠣᠰᠭ᠋ᠠᠯᠤᠨ ᠬᠡᠮᠵᠢᠶ᠎ᠡ 59%᠎ᠪᠠᠷ ᠪᠠᠭᠤᠷᠠᠵᠦ᠂ ᠳᠣᠲᠣᠭ᠋ᠠᠲᠦᠶᠢᠨ ᠡᠪᠡᠰᠦ ᠳᠠᠷᠢᠬᠤ ᠣᠷᠣᠨ᠎ᠤ ᠡᠯᠡᠰᠦᠨ ᠰᠢᠭᠤᠷᠭ᠎ᠠ᠎ᠶᠢᠨ ᠳᠠᠪᠲᠠᠮᠵᠢ ᠪᠠᠷᠤᠭ ᠬᠠᠭ᠋ᠠᠰ᠎ᠢᠶᠠᠷ ᠪᠠᠭᠤᠷᠠᠵᠦ᠂ ᠰᠠᠯᠬᠢ᠎ᠶ᠋ᠢ ᠬᠠᠯᠬᠠᠯᠠᠨ ᠡᠯᠡᠰᠦ᠎ᠶ᠋ᠢ ᠲᠣᠭ᠍ᠲᠠᠪᠤᠷᠢᠵᠢᠭᠤᠯᠬᠤ ᠣᠢ᠎ᠶ᠋ᠢᠨ ᠪᠦᠰᠡ᠎ᠶᠢᠨ ᠭᠠᠵᠠᠷ᠎ᠤᠨ ᠳᠠᠪᠬᠤᠷᠭ᠎ᠠ᠎ᠲᠠᠢ ᠣᠢ᠌ᠷᠠᠳᠬᠤ ᠰᠠᠯᠬᠢᠨ᠎ᠤ ᠬᠤᠷᠳᠤᠴᠠ ᠨᠢ ᠳᠣᠮᠳᠠᠴᠢ᠎ᠪᠠᠷ 20%~40%᠎ᠪᠠᠷ ᠪᠠᠭᠤᠷᠠᠪᠠ; ᠳᠣᠲᠣᠭ᠋ᠠᠲᠦᠶᠢᠨ ᠲᠠᠷᠢᠶᠠᠨ ᠭᠠᠵᠠᠷ᠎ᠤᠨ ᠰᠡᠷᠭᠡᠢ᠌ᠯᠡᠨ ᠬᠠᠮᠠᠭ᠋ᠠᠯᠠᠬᠤ ᠣᠢ᠎ᠶᠢᠨ ᠪᠦᠰᠡ ᠨᠢ ᠪᠣᠭᠤᠳᠠᠶ᠂ ᠦᠷ᠎ᠡ᠎ᠶ᠋ᠢᠨ ᠭᠤᠸ᠎ᠠ ᠵᠡᠷᠭᠡ ᠲᠠᠷᠢᠮᠠᠯ᠎ᠤᠨ ᠭᠠᠷᠣᠯᠲᠠ 25%~156% ᠪᠡᠷ ᠨᠡᠮᠡᠭᠳᠡᠬᠦ᠎ᠳᠦ ᠬᠦᠴᠦᠨ ᠨᠡᠮᠡᠷᠢᠵᠦ᠂ ᠨᠣᠭᠤᠭᠠᠨ ᠪᠦᠷᠢᠳᠦ᠍᠎ᠶ᠋ᠢᠨ ᠵᠢᠯ᠎ᠤᠨ ᠡᠯᠡᠰᠦ ᠣᠷᠣᠰᠬᠠᠬᠤ ᠶᠡᠷᠦᠩᠬᠡᠢ ᠬᠡᠮᠵᠢᠶ᠎ᠡ 94.7%᠎ᠪᠡᠷ ᠪᠠᠭᠤᠷᠠᠵᠦ᠂ 《ᠡᠯᠡᠰᠦᠷᠬᠡᠭᠵᠢᠬᠦ᠎ᠶᠢ ᠪᠠᠭ᠋ᠠᠰᠬᠠᠵᠦ᠂ ᠨᠣᠭᠤᠭᠠᠨᠢ ᠰᠡᠷᠭᠦᠭᠡᠵᠦ᠂ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠨᠡᠮᠡᠭ᠌ᠳᠡᠭᠦᠯᠬᠦ᠌》 ᠥᠷᠬᠦᠯᠵᠢᠯᠡᠨ ᠬᠦᠭᠵᠢᠭᠦᠯᠬᠦ ᠬᠡᠪ ᠬᠠᠪᠲᠠᠰᠤ᠎ᠶᠢ ᠠᠮᠵᠢᠯᠲᠠ᠎ᠲᠠᠢ ᠪᠤᠢ ᠪᠤᠯᠭ᠋ᠠᠪᠠ᠃ ᠠᠯᠠᠱᠠ᠎ᠶ᠋ᠢᠨ ᠢ ᠵᠢᠩ ᠲᠠᠨ ᠭᠠᠵᠠᠷ ᠣᠷᠣᠨ᠎ᠳᠤ ᠲᠠᠷᠢᠶᠠᠨ ᠭᠠᠵᠠᠷ᠎ᠤᠨ ᠰᠡᠷᠭᠡᠢ᠌ᠯᠡᠨ ᠬᠠᠮᠠᠭ᠋ᠠᠯᠠᠬᠤ ᠣᠢ᠎ᠶᠢᠨ ᠪᠦᠰᠡ (ᠲᠣᠤᠷ)᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠭ᠌ᠰᠡᠨᠤ ᠳᠠᠷᠠᠭ᠎ᠠ᠂ ᠨᠣᠭᠤᠭᠠᠨ ᠪᠦᠷᠢᠳᠦ᠍᠎ᠶ᠋ᠢᠨ ᠠᠮᠢ ᠠᠬᠤᠶ᠎ᠶ᠋ᠢᠨ ᠣᠷᠴᠢᠨ ᠲᠣᠭᠤᠷᠢᠨ ᠢᠯᠡᠳᠲᠡ ᠰᠠᠢᠵᠢᠷᠠᠵᠤ᠂ ᠨᠠᠪᠴᠢ ᠦᠭᠡᠢ ᠬᠤᠭᠤᠴᠠᠭᠠᠨ᠎ᠤ ᠳᠤᠮᠳᠠᠴᠢ ᠰᠠᠯᠬᠢᠨ᠎ᠤ ᠬᠤᠷᠳᠤᠴᠠ 31%᠎ᠪᠠᠷ ᠪᠠᠭᠤᠷᠠᠵᠤ᠂ ᠨᠠᠪᠴᠢ᠎ᠲᠠᠢ ᠬᠤᠭᠤᠴᠠᠭ᠎ᠠ 55%᠎ᠪᠠᠷ ᠪᠠᠭᠤᠷᠠᠪᠠ; ᠬᠠᠪᠤᠷ ᠨᠠᠮᠤᠷ᠎ᠤᠨ ᠤᠯᠠᠷᠢᠯ᠎ᠤᠨ ᠠᠭᠠᠷ᠎ᠤᠨ ᠳᠤᠯᠠᠭᠠᠨ 0.2~1.1℃ ᠳᠡᠭᠡᠭᠰᠢᠯᠡᠵᠦ᠂ ᠵᠣᠨ᠎ᠤ ᠤᠯᠠᠷᠢᠯ᠎ᠤᠨ ᠠᠭᠠᠷ᠎ᠤᠨ ᠳᠤᠯᠠᠭᠠᠨ 2.7℃ ᠪᠠᠭᠤᠷᠠᠵᠤ᠂ ᠲᠠᠷᠢᠮᠠᠯ᠎ᠤᠨ ᠤᠷᠭᠤᠯᠲᠠ᠎ᠶ᠋ᠢᠨ ᠬᠤᠭᠤᠴᠠᠭᠠᠨ᠎ᠳᠠᠬᠢ ᠠᠭᠠᠷ᠎ᠤᠨ ᠴᠢᠭᠢᠭ᠎ᠤᠨ ᠬᠡᠮᠵᠢᠶ᠎ᠡ 3%~6% ᠪᠠᠷ ᠳᠡᠭᠡᠭ᠌ᠰᠢᠯᠡᠨ᠂ ᠣᠶ᠎ᠶ᠋ᠢᠨ ᠪᠦᠰᠡ ᠲᠠᠢ ᠲᠠᠷᠢᠶᠠᠨ ᠭᠠᠵᠠᠷ ᠨᠢ ᠣᠢ᠎ᠶᠢᠨ ᠪᠦᠰᠡ ᠦᠭᠡᠢ ᠲᠠᠷᠢᠶᠠᠨ ᠭᠠᠵᠠᠷ ᠲᠠᠢ ᠠᠳᠠᠯᠢᠳᠬᠠᠪᠡᠯ ᠳᠤᠮᠳᠠᠴᠢ ᠭᠠᠷᠤᠯᠲᠠ ᠨᠢ 8% ᠠᠴᠠ ᠳᠡᠭᠡᠭ᠌ᠰᠢ ᠨᠡᠮᠡᠭᠳᠡᠪᠡ᠃ ᠡᠵᠡᠨ᠎ᠡ ᠬᠤᠱᠢᠭᠤᠨ᠎ᠤ ᠨᠣᠭᠤᠭᠠᠨ ᠪᠦᠷᠢᠳᠦ᠍᠎ᠶ᠋ᠢᠨ ᠰᠡᠷᠭᠡᠢ᠌ᠯᠡᠨ ᠬᠠᠮᠠᠭ᠋ᠠᠯᠠᠬᠤ ᠲᠤᠭᠲᠠᠯᠴᠠᠭ᠎ᠠ ᠬᠠᠷᠢᠨ ᠬᠥᠷᠥᠰᠥ᠎ᠶ᠋ᠢ ᠲᠣᠭ᠍ᠲᠠᠪᠤᠷᠢᠵᠢᠭᠤᠯᠤᠨ ᠪᠤᠷᠳᠤᠭᠤᠷ᠎ᠢ ᠬᠠᠮᠠᠭᠠᠯᠠᠬᠤ᠂ ᠨᠡᠭᠦᠷᠡᠰᠦᠲᠥ᠋ᠷᠥᠭ᠌ᠴᠢ᠎ᠶ᠋ᠢ ᠬᠤᠷᠠᠭᠤᠯᠬᠤ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠶᠢᠨ ᠦᠷ᠎ᠡ ᠪᠦᠲᠦᠮᠵᠢ ᠢᠯᠡᠷᠬᠡᠢ ᠪᠠᠢ᠌ᠵᠦ᠂ ᠭᠠᠩ ᠬᠠᠭᠤᠷᠠᠢ ᠴᠦᠯᠦᠷᠬᠡᠭ ᠣᠷᠣᠨ᠎ᠤ ᠨᠣᠭᠤᠭᠠᠨ ᠪᠦᠷᠢᠳᠦ᠍᠎ᠶ᠋ᠢᠨ ᠠᠮᠢ ᠠᠬᠤᠢ᠎ᠶ᠋ᠢᠨ ᠰᠠᠭᠤᠷᠢ᠎ᠶᠢ ᠲᠣᠭᠳᠠᠭᠤᠨ᠎ᠢᠶᠠᠷ ᠪᠡᠬᠢᠵᠢᠭᠦᠯᠪᠡ᠃