ᠦᠬᠠᠶ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠵᠥᠪᠯᠡᠯ ᠵᠢᠴᠢ ᠠᠩᠬᠠᠳᠠᠭ᠍ᠴᠢ ᠪᠦᠯᠦᠭ ᠠᠵᠢᠯ ᠎ᠤᠨ ᠥᠷᠲᠡᠭᠡ ᠵᠢᠩᠬᠢᠨᠢ᠎ᠪᠠᠷ ᠪᠠᠢᠭᠤᠯᠤᠭ᠍ᠳᠠᠪᠠ
2025-10-21

ᠣᠢᠷ᠎ᠠ᠎ᠳᠤ᠂ ᠦᠬᠠᠶ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ( ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠲᠣᠪᠴᠢᠶ᠎ᠠ ) ᠬᠤᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ᠂ ᠬᠤᠲᠠ᠎ᠶ᠋ᠢᠨ ᠰᠣᠨᠢᠨ ᠮᠡᠳᠡᠭᠡ ᠬᠡᠪᠯᠡᠯ᠎ᠤᠨ ᠡᠷᠬᠡ᠎ᠶ᠋ᠢᠨ ᠲᠣᠪᠴᠢᠶ᠎ᠠ᠎ᠲᠠᠢ ᠬᠠᠮᠲᠤᠷᠠᠨ 《ᠦᠬᠠᠶ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠺᠣᠮᠢᠰ》᠎ᠢ ᠵᠢᠩᠬᠢᠨᠢ᠎ᠪᠠᠷ ᠫᠠᠢᠰᠠ ᠡᠯᠭᠦᠨ ᠪᠠᠢᠭᠤᠯᠬᠤ᠎ᠶ᠋ᠢᠨ ᠬᠠᠮᠲᠤ᠌᠂ ᠭᠤᠤᠯᠳᠠᠯᠭ᠎ᠠ᠎ᠲᠠᠢ ᠬᠦᠷᠢᠶᠡᠯᠡᠩ ᠲᠣᠭᠤᠷᠢᠭ᠂ ᠬᠤᠳᠠᠯᠳᠤᠭᠠᠨ᠎ᠤ ᠲᠣᠭᠤᠷᠢᠭ᠂ ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠲᠤ ᠠᠩᠬᠠᠳᠠᠭ᠍ᠴᠢ ᠪᠦᠯᠦᠭ 3 《ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠠᠵᠢᠯ᠎ᠤᠨ ᠥᠷᠲᠡᠭᠡ》᠎ᠶ᠋ᠢ ᠵᠡᠷᠭᠡ ᠪᠡᠷ ᠪᠠᠢᠭᠤᠯᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠱᠢᠰᠲ᠋ᠧᠮ᠎ᠤᠨ ᠬᠤᠲᠠ᠂ ᠲᠣᠭᠤᠷᠢᠭ᠂ ᠭᠤᠤᠯᠳᠠᠯᠭ᠎ᠠ᠎ᠲᠠᠢ ᠬᠦᠷᠢᠶᠡᠯᠡᠩ ᠲᠣᠭᠤᠷᠢᠭ ( ᠬᠤᠳᠠᠯᠳᠤᠭᠠᠨ᠎ᠤ ᠲᠣᠭᠤᠷᠢᠭ ) ᠭᠤᠷᠪᠠᠨ ᠱᠠᠲᠤ᠎ᠶ᠋ᠢ ᠨᠡᠢᠳᠡᠮ ᠪᠦᠷᠬᠦᠭᠦᠯᠬᠦ᠌᠎ᠶ᠋ᠢ ᠪᠡᠶᠡᠯᠡᠭᠦᠯᠵᠦ᠍᠂ ᠦᠬᠠᠶ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ 《ᠶᠡᠭᠡ ᠬᠠᠮᠠᠭᠠᠯᠠᠯᠲᠠ》᠎ᠶ᠋ᠢᠨ ᠪᠠᠢᠷᠢᠱᠢᠯ᠎ᠳᠤ ᠳᠠᠬᠢᠨ 《ᠨᠢᠭᠡ ᠥᠷᠲᠡᠭᠡᠨ᠎ᠤ ᠮᠠᠶᠢᠭ᠎ᠤᠨ᠂ ᠳᠥᠭᠥᠮᠴᠢᠯᠡᠭ᠌ᠰᠡᠨ᠂ ᠲᠤᠰᠭᠠᠢᠵᠢᠭᠤᠯᠤᠭ᠍ᠰᠠᠨ》 ᠱᠢᠨ᠎ᠡ ᠵᠢᠭ᠍ᠰᠠᠭᠠᠯ᠎ᠤᠨ ᠭᠠᠵᠠᠷ ᠨᠡᠮᠡᠭ᠌ᠰᠡᠨ᠎ᠢ ᠬᠠᠷᠠᠭᠤᠯᠪᠠ᠃

ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠤ ᠠᠷᠠᠳ᠎ᠤᠨ ᠡᠶᠡᠳᠡᠭᠦᠯᠬᠦ᠌ ᠺᠣᠮᠢᠰ ᠪᠠ ᠠᠵᠢᠯᠯᠠᠬᠤ ᠥᠷᠲᠡᠭᠡ ᠪᠠᠢᠭᠤᠯᠤᠭ᠍ᠳᠠᠭ᠍ᠰᠠᠨ᠎ᠨᠢ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ ᠣᠯᠠᠨ ᠡᠱᠢᠵᠢᠭᠦᠯᠦᠨ ᠱᠢᠢᠳᠪᠦᠷᠢᠯᠡᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ ᠲᠦᠷᠭᠡᠨ ᠪᠥᠭᠡᠳ ᠪᠦᠲᠦᠮᠵᠢᠲᠡᠶ ᠱᠢᠢᠳᠪᠦᠷᠢᠯᠡᠬᠦ᠌᠎ᠳᠤ ᠠᠱᠢᠭ᠍ᠲᠠᠶ ᠪᠣᠯᠪᠠ᠃ ᠡᠭᠦᠨ᠎ᠤ ᠬᠠᠮᠲᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠤᠯᠪᠣᠭᠠᠯᠠᠨ ᠬᠥᠳᠡᠯᠦᠯᠴᠡᠵᠦ᠍ ᠠᠷᠢᠯᠭᠠᠬᠤ ᠲᠣᠭ᠍ᠲᠠᠴᠠ᠎ᠶ᠋ᠢ ᠪᠣᠶ ᠪᠣᠯᠭᠠᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ 《ᠮᠠᠷᠭᠤᠯᠳᠤᠭᠠᠨ᠎ᠤ ᠡᠮᠦᠨ᠎ᠡ ᠦᠵᠦᠭᠦᠷ᠎ᠲᠤ ᠱᠢᠢᠳᠪᠦᠷᠢᠯᠡᠬᠦ᠂ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ᠂ ᠵᠢᠭᠤᠷᠠᠯᠳᠤᠭᠠᠨ᠎ᠢ ᠲᠤᠬᠠᠶ᠎ᠶ᠋ᠢᠨ ᠭᠠᠵᠠᠷ᠎ᠲᠤ ᠨᠢ ᠠᠷᠢᠯᠭᠠᠬᠤ》᠎ᠪᠠᠷ ᠴᠢᠷᠮᠠᠢᠵᠤ᠂ ᠪᠥᠬᠦ᠌ ᠬᠤᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠡᠭᠦᠳᠦᠨ ᠪᠦᠲᠦᠭᠡᠬᠦ᠌ ᠪᠠ ᠬᠠᠮᠠᠭᠠᠯᠠᠬᠤ᠎ᠨᠢ ᠠᠳᠠᠯᠢ ᠴᠢᠭ᠌ᠯᠡᠯ᠎ᠢᠶᠠᠷ ᠴᠤᠭ᠍ᠯᠠᠷᠠᠵᠤ᠂ ᠬᠠᠷᠢᠯᠴᠠᠨ ᠠᠭᠤᠰᠤᠯᠴᠠᠵᠤ ᠵᠡᠷᠭᠡ᠎ᠪᠠᠷ ᠤᠷᠤᠭ᠍ᠰᠢᠯᠠᠬᠤ᠂ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠢᠷᠡᠯᠲᠡ᠄ ᠦᠬᠠᠶ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ