ᠣᠢᠷ᠎ᠠ᠎ᠳᠤ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠪᠥᠬᠦ᠌ ᠤᠯᠤᠰ᠎ᠤᠨ ᠶᠠᠰᠤ ᠴᠢᠨᠠᠷ᠎ᠤᠨ ᠬᠦᠴᠦᠷᠬᠡᠭ ᠱᠢᠶᠠᠨ (ᠲᠣᠭᠤᠷᠢᠭ᠂ ᠪᠠᠯᠭᠠᠰᠤ)᠎ᠢ ᠪᠤᠢᠵᠢᠭᠤᠯᠤᠨ ᠪᠥᠲᠥᠭᠡᠨ ᠪᠠᠢᠭᠤᠯᠬᠤ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ᠎ᠤᠨ ᠨᠡᠷᠡᠰ᠎ᠢ ᠨᠡᠢᠲᠡᠯᠡᠵᠦ᠍᠂ ᠲᠦᠩᠯᠢᠶᠣᠤ ᠬᠤᠲᠠ᠎ᠶ᠋ᠢᠨ ᠺᠠᠢᠯᠦ᠍ ᠱᠢᠶᠠᠨ ᠠᠮᠵᠢᠯᠲᠠ᠎ᠲᠠᠢ᠎ᠪᠠᠷ ᠰᠣᠩᠭᠤᠭ᠍ᠳᠠᠨ ᠣᠷᠣᠵᠤ᠂ ᠪᠥᠬᠦ᠌ ᠤᠯᠤᠰ᠎ᠤᠨ 60᠂ ᠥᠪᠥᠷ ᠮᠣᠩᠭᠤᠯ᠎ᠤᠨ 2 ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ᠎ᠤᠨ ᠨᠢᠭᠡ ᠪᠣᠯᠪᠠ᠃
ᠶᠠᠰᠤ ᠴᠢᠨᠠᠷ᠎ᠢᠶᠠᠷ ᠬᠦᠴᠦᠷᠬᠡᠭ ᠱᠢᠶᠠᠨ (ᠲᠣᠭᠤᠷᠢᠭ᠂ ᠪᠠᠯᠭᠠᠰᠤ)᠎ᠢ ᠪᠤᠢᠵᠢᠭᠤᠯᠤᠨ ᠪᠦᠲᠦᠭᠡᠨ ᠪᠠᠢᠭᠤᠯᠬᠤ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ ᠪᠣᠯ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠪᠠᠢᠷᠢᠯᠠᠭᠤᠯᠤᠭ᠍ᠰᠠᠨ ᠴᠢᠬᠤᠯᠠ ᠠᠵᠢᠯ ᠪᠣᠯᠤᠨ᠎ᠠ᠂ ᠡᠭᠦᠨ᠎ᠤ ᠵᠣᠷᠢᠯᠭ᠎ᠠ᠎ᠨᠢ ᠡᠯ᠎ᠡ ᠱᠢᠶᠠᠨ (ᠲᠣᠭᠤᠷᠢᠭ᠂ ᠪᠠᠯᠭᠠᠰᠤ) ᠤ ᠲᠣᠰ ᠪᠡᠶ᠎ᠡ᠎ᠶ᠋ᠢᠨ ᠪᠠᠢᠷᠢ ᠲᠣᠭ᠍ᠲᠠᠭᠠᠯᠲᠠ ᠪᠠ ᠡᠬᠢ ᠪᠠᠶᠠᠯᠢᠭ᠎ᠤᠨ ᠡᠯᠧᠮᠧᠨ᠋ᠲ᠎ᠤᠨ ᠳᠠᠪᠠᠭᠤᠯᠢᠭᠳᠦ᠎ᠪᠡᠨ ᠰᠠᠭᠤᠷᠢᠯᠠᠨ᠂ ᠶᠠᠰᠤ ᠴᠢᠨᠠᠷ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠠᠨᠳᠤᠯᠭᠠᠲᠤ ᠴᠢᠨᠠᠷᠲᠠᠶ᠎ᠪᠠᠷ ᠲᠣᠭ᠍ᠲᠠᠭᠠᠨ ᠬᠡᠷᠡᠭ᠌ᠵᠢᠭᠦᠯᠵᠦ᠍᠂ ᠶᠠᠰᠤ ᠴᠢᠨᠠᠷ᠎ᠤᠨ ᠬᠦᠴᠦᠷᠬᠡᠭ ᠱᠢᠶᠠᠨ (ᠲᠣᠭᠤᠷᠢᠭ᠂ ᠪᠠᠯᠭᠠᠰᠤ)᠎ᠢ ᠪᠤᠢᠵᠢᠭᠤᠯᠤᠨ ᠪᠥᠲᠥᠭᠡᠨ ᠪᠠᠢᠭᠤᠯᠬᠤ ᠣᠨᠴᠠᠯᠢᠭ᠍ᠲᠤ ᠵᠠᠭ᠍ᠪᠤᠷ ᠪᠠ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠬᠤᠲᠠ᠎ᠶ᠋ᠢᠨ ᠳᠣᠲᠣᠭᠠᠳᠤ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠎ᠪᠠᠷ ᠳᠠᠮᠵᠢᠭᠤᠯᠤᠨ᠂ ᠶᠠᠰᠤ ᠴᠢᠨᠠᠷ ᠦᠷ᠎ᠡ ᠠᠱᠢᠭ᠎ᠤᠨ ᠬᠡᠯᠪᠡᠷᠢ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠶᠤᠮ᠃ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ᠎ᠨᠢ ᠪᠤᠢᠵᠢᠭᠤᠯᠤᠨ ᠪᠦᠲᠦᠭᠡᠨ ᠪᠠᠢᠭᠤᠯᠤᠭ᠍ᠰᠠᠨ ᠨᠡᠢᠲᠡᠯᠢᠭ ᠠᠷᠭ᠎ᠠ ᠬᠢᠳᠡᠯ᠎ᠢ ᠳ᠋ᠦᠩᠨᠡᠵᠦ᠍᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠵᠠᠭ᠍ᠪᠤᠷ ᠠᠷᠭ᠎ᠠ ᠵᠠᠮ᠎ᠢ ᠪᠤᠢ ᠪᠣᠯᠭᠠᠵᠤ᠂ ᠭᠠᠵᠠᠷ ᠣᠷᠣᠨ᠎ᠤ ᠪᠠᠢᠳᠠᠯ᠎ᠳᠦ᠎ᠪᠡᠨ ᠲᠣᠬᠢᠷᠠᠭᠤᠯᠤᠨ ᠦᠢᠯᠡᠰ᠎ᠢᠶᠠᠨ ᠬᠥᠭ᠌ᠵᠢᠭᠦᠯᠬᠦ᠂ ᠱᠢᠶᠠᠨ᠎ᠢᠶᠠᠨ ᠬᠦᠴᠦᠷᠬᠡᠭ᠌ᠵᠢᠭᠦᠯᠬᠦ᠂ ᠠᠷᠠᠳ᠎ᠢᠶᠠᠨ ᠪᠠᠶᠠᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠶᠠᠰᠤ ᠴᠢᠨᠠᠷ᠎ᠤᠨ ᠬᠤᠲᠠ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠳᠤᠮᠳᠠᠬᠢ ᠦᠢᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ᠃
ᠺᠠᠢᠯᠦ᠍ ᠱᠢᠶᠠᠨ᠎ᠤ ᠡᠭᠦᠷᠭᠡᠯᠡᠵᠦ᠍ ᠪᠠᠢᠭ᠎ᠠ ᠪᠥᠬᠦ᠌ ᠤᠯᠤᠰ᠎ᠤᠨ ᠶᠠᠰᠤ ᠴᠢᠨᠠᠷ᠎ᠤᠨ ᠬᠦᠴᠦᠷᠬᠡᠭ ᠱᠢᠶᠠᠨ (ᠲᠣᠭᠤᠷᠢᠭ᠂ ᠪᠠᠯᠭᠠᠰᠤ)᠎ᠢ ᠪᠤᠢᠵᠢᠭᠤᠯᠤᠨ ᠪᠦᠳᠦᠭᠡᠨ ᠪᠠᠢᠭᠤᠯᠬᠤ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ᠎ᠦᠨ ᠡᠭᠦᠷᠭᠡ ᠪᠣᠯ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ ᠬᠤᠷᠠᠮᠠᠯ ᠦᠶ᠋ᠯᠡᠴᠢᠯᠡᠭᠡᠨ᠎ᠤ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠡᠭ ᠪᠣᠯᠤᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠲᠦᠩᠯᠢᠶᠣᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠲᠤᠷᠱᠢᠯᠲᠠ᠎ᠶ᠋ᠢᠨ ᠴᠡᠭ᠎ᠤᠨ ᠬᠡᠷᠡᠭ᠌ᠵᠢᠭᠦᠯᠬᠦ᠌ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠺᠠᠢᠯᠦ᠍᠎ᠶ᠋ᠢᠨ ᠤᠯᠠᠭᠠᠨ ᠬᠠᠳᠠᠭᠠᠭ᠍ᠰᠠᠨ ᠯᠠᠵᠤᠤ᠎ᠶ᠋ᠢᠨ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ 《ᠨᠢᠭᠡ ᠦᠷᠳᠡᠭᠡᠯᠢᠭ ᠮᠠᠶᠢᠭ》᠎ᠤᠨ ᠦᠶ᠋ᠯᠡᠴᠢᠯᠡᠭᠡᠨ᠎ᠤ ᠥᠷᠳᠡᠭᠡ ᠶ᠋ᠢ ᠥᠷᠭᠡᠳᠭᠡᠵᠦ᠍᠂ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠰᠠᠭᠣᠷᠢ ᠲᠦᠭᠦᠭᠡᠷᠦᠮᠵᠢ᠎ᠶ᠋ᠢᠨ 《ᠨᠢᠭᠡ ᠦᠷᠳᠡᠭᠡᠯᠢᠭ ᠮᠠᠶᠢᠭ》᠎ᠦᠨ ᠵᠢᠱ᠌ᠢᠶ᠎ᠡ ᠦᠵᠡᠭᠦᠯᠬᠦ᠌ ᠴᠣᠩᠬᠣᠪᠴᠢ ᠶ᠋ᠢᠨ ᠴᠢᠳᠠᠮᠵᠢ ᠦᠢᠯᠡᠳᠦᠯ ᠪᠣᠯᠣᠭ᠍ᠰᠠᠨ᠎ᠤ ᠬᠤᠪᠢ᠎ᠳᠤ ᠂ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ ᠱᠢᠰᠲ᠋ᠧᠮ᠎ᠤᠨ ᠬᠤᠷᠠᠮᠠᠯ ᠠᠭᠤᠰᠤᠯᠴᠠᠯ᠎ᠤᠨ ᠬᠡᠷᠡᠭ᠌ᠯᠡᠭᠡᠨ᠎ᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ᠎ᠶ᠋ᠢᠨ ᠬᠤᠷᠠᠮᠠᠯ ᠦᠶ᠋ᠯᠡᠴᠢᠯᠡᠭᠡᠨ᠎ᠤ ᠱᠢᠨ᠎ᠡ᠎ᠶ᠋ᠢ ᠡᠭᠦᠳᠬᠦ᠌᠎ᠶ᠋ᠢ ᠰᠦᠪᠡᠭ᠌ᠴᠢᠯᠡᠵᠦ᠍᠂ ᠣᠷᠣᠨ ᠪᠦᠰᠡ᠎ᠶ᠋ᠢᠨ ᠶᠠᠰᠤ ᠴᠢᠨᠠᠷ᠎ᠤᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠪᠣᠶ ᠪᠣᠯᠭᠠᠵᠤ᠂ ᠪᠥᠬᠦ᠌ ᠤᠯᠤᠰ᠎ᠤᠨ ᠱᠢᠶᠠᠨ᠎ᠤ ᠬᠡᠪᠴᠢᠶᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠨᠠᠩ ᠣᠯᠠᠨ ᠲᠤᠷᠱᠢᠯᠭ᠎ᠠ ᠰᠦᠪᠡᠭ᠌ᠴᠢᠯᠡᠵᠦ᠍᠂ ᠨᠠᠩ ᠣᠯᠠᠨ ᠣᠶᠤᠨ ᠤᠬᠠᠭᠠᠨ ᠨᠡᠮᠡᠷᠢᠯᠡᠨ᠎ᠡ᠃