《ᠤᠬᠠᠭᠠᠨᠲᠠᠨ᠎ᠤ ᠪᠦᠯᠬᠦᠮ》 ᠡᠭᠦᠳᠦᠨ᠎ᠳᠦ ᠬᠥᠷᠪᠡ! ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢᠯᠡᠴᠢᠯᠡᠭᠡᠨ᠎ᠤ ᠪᠦᠯᠬᠦᠮ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠯᠠᠷᠢᠭᠣᠯᠬᠣ 《ᠬᠤᠷᠳᠤᠴᠠ᠎ᠶ᠋ᠢ ᠲᠦᠷᠭᠡᠳᠭᠡᠪᠡ》
2025-10-31

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ ᠎ᠶ᠋ᠢᠨ ᠬᠠᠮᠠᠭᠠᠯᠠᠯᠲᠠ᠎ᠶ᠋ᠢᠨ ᠲᠥᠪ ᠬᠢᠭᠡᠳ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠮᠲᠤ᠎ᠪᠠᠷ ᠲᠤᠰᠭᠠᠶ ᠦᠢᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢᠭᠤᠯᠵᠤ᠂ ᠥᠪᠥᠷ ᠮᠣᠩᠭᠤᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠂ ᠪᠤᠭᠤᠲᠤ᠎ᠶ᠋ᠢᠨ ᠬᠤᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠤᠨ 2 ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠲᠤ ᠭᠦᠨᠵᠡᠭᠡᠢᠷᠡᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ ᠵᠢᠴᠢ ᠲᠤᠰᠭᠠᠶ ᠠᠱᠢᠭ᠎ᠢ ᠤᠷᠢᠳᠴᠢᠯᠠᠨ ᠬᠢᠨᠠᠵᠤ ᠵᠢᠯᠣᠭᠤᠳᠭᠤ ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠣᠢᠯᠡᠳᠬᠦ᠌ ᠮᠠᠶᠢᠭ᠎ᠤᠨ ᠦᠢᠯᠡᠴᠢᠯᠡᠭᠡ᠎ᠪᠠᠷ ᠲᠤᠷᠱᠢᠯᠲᠠ᠎ᠶ᠋ᠢᠨ ᠲᠠᠰᠤᠭ᠎ᠤᠨ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠣᠯᠠᠷᠢᠭᠣᠯᠬᠣ 《ᠵᠠᠩᠭᠢᠯᠠᠭ᠎ᠠ᠎ᠶ᠋ᠢᠨ ᠲᠦᠭ᠌ᠵᠢᠷᠡᠯ》᠎ᠢ ᠨᠡᠪᠲᠡᠷᠡᠭᠦᠯᠪᠡ᠃

ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠵᠣᠯᠭᠠᠭᠣᠪᠠ

ᠦᠢᠯᠡᠴᠢᠯᠡᠭᠡᠨ᠎ᠤ ᠪᠦᠯᠬᠦᠮ᠎ᠨᠢ ᠣᠨᠴᠠ ᠲᠥᠷᠥᠯ᠎ᠤᠨ ᠲᠡᠷᠭᠡ ᠬᠥᠰᠭᠡ᠎ᠶ᠋ᠢ ᠵᠢᠷᠤᠭ᠍ᠯᠠᠨ ᠲᠥᠯᠥᠪᠯᠡᠵᠦ᠍ ᠦᠶ᠋ᠯᠡᠳᠬᠦ᠌ ᠬᠤᠷᠠᠮᠠᠯ ᠮᠡᠷᠭᠡᠵᠢᠯ᠎ᠤᠨ ᠪᠥᠬᠦ᠌ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠂ ᠪᠠᠶᠬᠠᠣᠪᠤᠭ᠎ᠠ ᠬᠤᠪᠣᠷ ᠱᠢᠷᠣᠶ᠎ᠶ᠋ᠢᠨ ᠡᠬᠢ ᠪᠠᠶᠠᠯᠢᠭ᠎ᠢ ᠰᠤᠳᠤᠯᠬᠤ ᠬᠢᠭᠡᠳ ᠪᠥᠬᠦ᠌ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠭᠤᠤᠯᠯᠠᠬᠤ ᠮᠡᠷᠭᠡᠵᠢᠯ᠎ᠤᠨ ᠬᠦᠷᠢᠶ᠎ᠡ ᠴᠠᠷᠠᠭ᠎ᠠ᠎ᠶ᠋ᠢ ᠶᠡᠷᠦᠩᠬᠡᠢᠯᠡᠨ ᠠᠱᠢᠭ᠍ᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠶ᠎ᠶ᠋ᠢᠨ ᠲᠠᠯᠠᠪᠠᠶ᠎ᠳᠤ ᠠᠰᠠᠭᠤᠨ ᠯᠠᠪᠯᠠᠵᠤ ᠵᠣᠷ ᠪᠢᠴᠢᠬᠦ᠌ ᠎ᠪᠡᠷ ᠳᠠᠮᠵᠢᠭᠤᠯᠤᠨ᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠠᠭᠠᠯᠠᠬᠤ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠮᠡᠷᠭᠡᠵᠢᠯ᠎ᠤᠨ ᠰᠤᠳᠤᠯᠤᠨ ᠨᠡᠭᠡᠭᠡᠬᠦ᠌᠎ᠠᠴᠠ ᠦᠷ᠎ᠡ ᠪᠦᠲᠦᠭᠡᠯ᠎ᠢ ᠤᠯᠠᠷᠢᠭᠤᠯᠬᠤ ᠬᠦᠷᠲᠡᠯᠡᠬᠢ ᠪᠥᠬᠦ᠌ ᠬᠡᠯᠬᠢᠶ᠎ᠡ᠎ᠶ᠋ᠢᠨ ᠲᠦᠭ᠌ᠵᠢᠷᠡᠯ᠎ᠢ ᠱᠢᠰᠲ᠋ᠧᠮ᠎ᠲᠠᠢ ᠡᠮᠬᠢᠯᠡᠵᠦ᠍᠂ ᠲᠤᠰᠭᠠᠶ ᠠᠱᠢᠭ ᠭᠤᠶᠤᠴᠢᠯᠠᠬᠤ ᠦᠷ᠎ᠡ ᠪᠦᠲᠦᠮᠵᠢ᠂ ᠮᠡᠷᠭᠡᠵᠢᠯ᠎ᠢ ᠪᠣᠳᠠᠲᠠᠢᠵᠢᠭᠤᠯᠤᠨ ᠤᠯᠠᠷᠢᠭᠤᠯᠬᠤ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠴᠢᠭ᠌ᠯᠡᠭᠦᠯᠦᠨ ᠣᠢᠯᠡᠳᠬᠦ᠌ ᠮᠠᠶᠢᠭ᠎ᠤᠨ ᠱᠢᠢᠳᠪᠦᠷᠢᠯᠡᠬᠦ᠌ ᠲᠥᠰᠦᠯ᠎ᠢ  ᠬᠠᠩᠭᠠᠪᠠ᠃

ᠪᠦᠬᠦ᠌ ᠬᠡᠯᠬᠢᠶᠡᠨ᠎ᠤ ᠦᠢᠯᠡᠴᠢᠯᠡᠭᠡᠨ᠎ᠤ ᠱᠢᠨ᠎ᠡ ᠬᠡᠪ ᠵᠠᠭ᠍ᠪᠤᠷ᠎ᠢ ᠪᠠᠢᠭᠣᠯᠪᠠ

ᠦᠢᠯᠡᠴᠢᠯᠡᠭᠡᠨ᠎ᠤ ᠬᠡᠷᠡᠭ᠌ᠵᠢᠭᠦᠯᠬᠦ᠌ ᠶᠠᠪᠤᠴᠠ᠎ᠳᠤ᠂ ᠪᠦᠯᠬᠦᠮ ᠨᠡᠢᠲᠡ᠎ᠶ᠋ᠢᠨ᠎ᠬᠢᠨ 《ᠲᠥᠷᠥ᠎ᠶ᠋ᠢᠨ ᠪᠣᠳᠣᠯᠭ᠎ᠠ ᠶ᠋ᠢᠨ ᠲᠠᠢᠯᠣᠮᠵᠢ + ᠦᠢᠯᠡᠳᠦᠯᠭᠡ᠎ᠶ᠋ᠢᠨ ᠵᠢᠯᠣᠭᠤᠳᠭᠤ + ᠡᠬᠢ ᠪᠠᠶᠠᠯᠢᠭ᠎ᠢ ᠵᠣᠯᠭᠠᠭᠤᠯᠬᠤ》 ᠭᠤᠷᠪᠠᠨ ᠬᠡᠮᠵᠢᠯᠳᠦ ᠦᠢᠯᠡᠴᠢᠯᠡᠭᠡᠨ᠎ᠤ ᠵᠠᠭ᠍ᠪᠤᠷ᠎ᠢ ᠭᠠᠷᠭᠠᠪᠠ᠄ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠳᠤ ᠴᠢᠭ᠌ᠯᠡᠭᠦᠯᠦᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠨᠠᠷᠢᠯᠢᠭ ᠣᠨᠣᠪᠴᠢᠲᠠᠢ ᠦᠢᠯᠡᠴᠢᠯᠡᠭᠡᠨ᠎ᠤ ᠲᠥᠷᠥ᠎ᠶ᠋ᠢᠨ ᠪᠣᠳᠣᠯᠭ᠎ᠠ᠎ᠶ᠋ᠢ ᠭᠤᠤᠯᠳᠠᠯᠭ᠎ᠠ᠎ᠲᠠᠢ ᠲᠠᠢᠯᠪᠤᠷᠢᠯᠠᠵᠤ᠂ ᠲᠤᠰᠭᠠᠶ ᠠᠱᠢᠭ᠎ᠤᠨ ᠤᠷᠢᠳᠴᠢᠯᠠᠨ ᠬᠢᠨᠠᠯᠲᠠ᠂ ᠲᠤᠭ᠎ᠠ ᠪᠠᠷᠢᠮᠲᠠ᠎ᠶ᠋ᠢᠨ ᠵᠠᠳᠠᠯᠤᠯᠲᠠ ᠵᠡᠷᠭᠡ ᠭᠤᠤᠯᠯᠠᠬᠤ ᠦᠢᠯᠡᠴᠢᠯᠡᠭᠡ᠎ᠶ᠋ᠢ ᠨᠠᠷᠢᠨ ᠲᠠᠨᠢᠯᠴᠠᠭᠤᠯᠵᠤ᠂ ᠨᠠᠢᠳᠠᠪᠤᠷᠢᠵᠢᠭᠤᠯᠵᠤ ᠪᠣᠯᠬᠤ ᠲᠤᠰᠭᠠᠶ ᠠᠱᠢᠭ᠎ᠤᠨ ᠪᠠᠢᠷᠢᠱᠢᠭᠤᠯᠤᠯᠲᠠ᠎ᠶ᠋ᠢᠨ ᠲᠥᠰᠦᠯ᠎ᠢ ᠬᠠᠩᠭᠠᠪᠠ᠃ ᠬᠤᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠳᠤ ᠬᠠᠨᠳᠤᠭᠤᠯᠤᠨ᠂ ᠬᠢᠨᠠᠨ ᠪᠠᠢᠴᠠᠭᠠᠬᠤ ᠦᠶᠡᠯᠡᠯ᠎ᠤᠨ ᠬᠤᠭᠤᠴᠠᠭ᠎ᠠ᠎ᠨᠢ ᠣᠷᠳᠣ᠂  ᠭᠤᠶᠤᠴᠢᠯᠠᠬᠤ ᠥᠪᠡᠷ᠎ᠤᠨ ᠥᠷᠲᠡᠭ᠎ᠨᠢ ᠥᠨᠳᠥᠷ ᠵᠡᠷᠭᠡ  ᠡᠮᠵᠡᠭ ᠭᠠᠵᠠᠷ᠎ᠲᠤ ᠴᠢᠭ᠌ᠯᠡᠭᠦᠯᠦᠨ᠂ ᠲᠤᠰᠭᠠᠶ ᠠᠱᠢᠭ᠎ᠤᠨ ᠤᠷᠢᠳᠴᠢᠯᠠᠨ ᠬᠢᠨᠠᠬᠤ᠎ᠶ᠋ᠢᠨ ᠲᠦᠷᠭᠡᠨ ᠬᠠᠮᠠᠭᠠᠯᠠᠯᠲᠠ᠎ᠶ᠋ᠢᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠤᠪᠢᠶᠠᠯᠴᠠᠵᠤ᠂ ᠲᠤᠰᠭᠠᠶ ᠠᠱᠢᠭ ᠭᠤᠶᠤᠴᠢᠯᠠᠬᠤ ᠠᠷᠭ᠎ᠠ ᠪᠣᠳᠣᠯᠭ᠎ᠠ᠎ᠶ᠋ᠢ ᠵᠢᠯᠣᠭᠤᠳᠤᠨ ᠱᠢᠯᠢᠳᠡᠭ᠌ᠵᠢᠭᠦᠯᠵᠦ᠍᠂ ᠦᠷ᠎ᠡ ᠪᠦᠲᠦᠭᠡᠯ᠎ᠢ ᠣᠯᠠᠷᠢᠭᠣᠯᠬᠣ ᠦᠷ᠎ᠡ ᠪᠦᠲᠦᠮᠵᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠪᠡ᠃

ᠬᠡᠪᠱᠢᠭ᠌ᠰᠡᠨ  ᠮᠠᠶᠢᠭ᠎ᠤᠨ ᠦᠢᠯᠡᠴᠢᠯᠡᠭᠡᠨ᠎ᠦ ᠱᠢᠨ᠎ᠡ ᠲᠣᠭ᠍ᠲᠠᠴᠠ᠎ᠶ᠋ᠢ ᠪᠣᠢ  ᠪᠣᠯᠭᠠᠪᠠ

ᠲᠣᠰ ᠤᠳᠠᠭᠠᠨ᠎ᠤ ᠲᠤᠰᠭᠠᠶ ᠦᠢᠯᠡᠴᠢᠯᠡᠭᠡ ᠨᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ᠂ ᠲᠠᠷᠠᠭᠠᠴᠢ᠎ᠶ᠋ᠢᠨ ᠠᠯᠬᠤᠮ᠎ᠳᠤ᠂ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠠᠴᠠ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠯᠤᠭ᠎ᠠ ᠪᠠᠢᠩᠭᠤᠵᠢᠭᠤᠯᠤᠨ ᠵᠣᠯᠭᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠲᠤᠰᠭᠠᠶ ᠠᠱᠢᠭ᠎ᠤᠨ ᠤᠷᠢᠳᠴᠢᠯᠠᠨ ᠬᠢᠨᠠᠬᠤ᠎ᠶ᠋ᠢ ᠬᠠᠮᠤᠷᠤᠭ᠍ᠰᠠᠨ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠲᠠᠢᠯᠪᠤᠷᠢᠯᠠᠬᠤ᠂ ᠮᠡᠷᠭᠡᠵᠢᠯ᠎ᠢᠶᠠᠷ ᠱᠢᠨ᠎ᠡ᠎ᠶ᠋ᠢ ᠪᠠᠢᠴᠠᠭᠠᠬᠤ᠂ ᠲᠤᠭ᠎ᠠ ᠪᠠᠷᠢᠮᠲᠠ᠎ᠶ᠋ᠢ ᠵᠠᠳᠠᠯᠬᠤ᠂ ᠣᠯᠠᠷᠢᠭᠣᠯᠣᠨ ᠬᠡᠷᠡᠭ᠌ᠯᠡᠬᠦ᠂ ᠡᠷᠬᠡ᠎ᠶ᠋ᠢ ᠬᠠᠮᠠᠭᠠᠯᠠᠨ ᠲᠤᠰᠠᠯᠠᠬᠤ ᠵᠡᠷᠭᠡ ᠪᠥᠬᠦ᠌ ᠲᠠᠯ᠎ᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢᠯᠡᠴᠢᠯᠡᠭᠡᠨ᠎ᠤ ᠡᠩᠨᠡᠭᠡ᠎ᠶ᠋ᠢ ᠦᠷᠭᠦᠯᠵᠢᠯᠡᠨ ᠬᠠᠩᠭᠠᠵᠤ᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ᠃

 

ᠢᠷᠡᠯᠲᠡ᠄ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ