ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠲᠠᠷᠢᠶᠠᠯᠠᠩ ᠮᠠᠯ ᠠᠵᠤ ᠠᠬᠤᠶ᠎ᠶ᠋ᠢᠨ ᠮᠸᠬᠠᠨᠢᠭ᠎ᠤᠨ ᠠᠵᠢᠯ ᠲᠥᠷᠥᠯ᠎ᠤᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ
2025-11-14

ᠡᠨᠡ ᠵᠢᠯ᠎ᠠᠴᠠ ᠨᠠᠭᠠᠰᠢ᠂ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠢᠨᠠᠯᠲᠠ ᠬᠠᠮᠢᠶᠠᠷᠤᠯᠲᠠ᠎ᠪᠠᠨ ᠴᠢᠩᠭᠠᠷᠠᠭᠤᠯᠬᠤ᠂ ᠡᠬᠢ ᠡᠭᠦᠰᠦᠯ᠎ᠠᠴᠠ᠎ᠨᠢ ᠵᠠᠰᠠᠬᠤ᠂ ᠬᠠᠭᠤᠷᠮᠠᠭ᠎ᠢ ᠰᠡᠷᠭᠡᠢᠯᠡᠵᠦ᠍ ᠱᠢᠨ᠎ᠡ᠎ᠶ᠋ᠢ ᠡᠭᠦᠳᠬᠦ᠌ ᠪᠠ ᠬᠠᠮᠵᠢᠯᠴᠠᠨ ᠬᠠᠮᠲᠤ᠎ᠪᠠᠷ ᠵᠠᠰᠠᠬᠤ᠎ᠪᠠᠷ ᠳᠠᠮᠵᠢᠭᠤᠯᠤᠨ᠂ ᠦᠢᠯᠡᠳᠪᠦᠷᠢᠯᠡᠯ᠂ ᠪᠣᠷᠣᠯᠠᠭᠤᠯᠭ᠎ᠠ᠎ᠶ᠋ᠢᠨ ᠪᠥᠬᠦ᠌ ᠬᠡᠯᠬᠢᠶ᠎ᠡ ᠶ᠋ᠢ ᠪᠦᠷᠬᠦᠭ᠌ᠰᠡᠨ ᠶᠠᠰᠤ ᠴᠢᠨᠠᠷ᠎ᠤᠨ ᠠᠮᠤᠷ ᠲᠦᠪᠱᠢᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠪᠥᠬᠦ᠌ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ᠎ᠮᠸᠬᠠᠨᠢᠭ᠎ᠤᠨ ᠪᠦᠬᠦᠯᠢ ᠮᠠᠱᠢᠨ ᠵᠢᠴᠢ ᠰᠡᠯᠪᠢᠭ ᠲᠣᠨᠤᠭ᠎ᠤᠨ ᠠᠵᠢᠯ ᠲᠥᠷᠥᠯ᠎ᠤᠨ ᠶᠠᠰᠤ ᠴᠢᠨᠠᠷ᠎ᠤᠨ ᠲᠠᠰ ᠳᠡᠪᠱᠢᠬᠦ᠌᠎ᠶ᠋ᠢ ᠱᠢᠰᠲᠸᠮ ᠲᠠᠢ ᠎ᠪᠠᠷ ᠠᠬᠢᠭᠤᠯᠵᠤ᠂ ᠪᠥᠬᠦ᠌ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃

ᠨᠢᠭᠡ᠎ᠳᠤ᠂ ᠪᠦᠬᠦ᠌ ᠬᠡᠯᠬᠢᠶ᠎ᠡ᠎ᠶ᠋ᠢᠨ ᠬᠢᠨᠠᠯᠲᠠ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠠᠰᠤ ᠴᠢᠨᠠᠷ᠎ᠤᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠴᠣᠭ᠍ᠴᠠᠯᠠᠪᠠ᠃ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ 》᠂ 《 ᠲᠠᠷᠢᠶᠠᠯᠠᠩ᠎ᠤᠨ ᠮᠧᠬᠠᠨᠢᠭ᠎ᠤᠨ ᠠᠶᠣᠯ ᠦᠭᠡᠢ ᠬᠢᠨᠠᠯᠲᠠ ᠬᠠᠮᠢᠶᠠᠷᠤᠯᠲᠠ᠎ᠶ᠋ᠢᠨ ᠲᠦᠷᠢᠮ 》 ᠵᠡᠷᠭᠡ ᠬᠠᠤᠯᠢ ᠲᠣᠭ᠍ᠲᠠᠭᠠᠯ᠎ᠢ ᠦᠨᠳᠦᠰᠦᠯᠡᠨ᠂ 《ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠠᠬᠢ ᠲᠠᠷᠢᠶᠠᠯᠠᠩ ᠮᠠᠯ ᠠᠵᠤ ᠠᠬᠤᠶ᠎ᠶ᠋ᠢᠨ ᠮᠸᠬᠠᠨᠢᠭ᠎ᠤᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠲᠤᠰᠭᠠᠶ ᠴᠡᠭ᠌ᠴᠡᠯᠡᠨ ᠵᠠᠰᠠᠬᠤ ᠬᠡᠷᠡᠭ᠌ᠵᠢᠭᠦᠯᠬᠦ᠌ ᠲᠥᠰᠦᠯ》᠎ᠢ ᠲᠣᠭ᠍ᠲᠠᠭᠠᠵᠤ᠂ ᠪᠥᠬᠦ᠌ ᠬᠤᠲᠠ᠎ᠶ᠋ᠢᠨ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠲᠠᠷᠢᠶᠠᠯᠠᠩ ᠮᠠᠯ ᠠᠵᠤ ᠠᠬᠤᠶ᠎ᠶ᠋ᠢᠨ ᠮᠸᠬᠠᠨᠢᠭ᠎ᠤᠨ ᠪᠦᠬᠦᠯᠢ ᠮᠠᠱᠢᠨ ᠵᠢᠴᠢ ᠲᠡᠭᠦᠨ᠎ᠤ ᠰᠡᠯᠪᠢᠭ ᠲᠣᠨᠤᠭ᠎ᠲᠤ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯᠯᠠᠭ᠎ᠠ ᠦᠷᠨᠢᠭᠥᠯᠪᠡ᠃ ᠲᠣᠰ ᠤᠳᠠᠭᠠᠨ᠎ᠤ ᠲᠤᠰᠭᠠᠶ ᠠᠵᠢᠯᠯᠠᠭ᠎ᠠ᠎ᠨᠢ ᠪᠥᠬᠦ᠌ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠮᠸᠬᠠᠨᠢᠭ᠎ᠤᠨ ᠪᠦᠬᠦᠯᠢ ᠮᠠᠱᠢᠨ ᠵᠢᠴᠢ ᠰᠡᠯᠪᠢᠭ ᠲᠣᠨᠤᠭ᠎ᠢ ᠦᠢᠯᠡᠳᠪᠦᠷᠢᠯᠡᠬᠦ᠌ ᠨᠢᠭᠡᠴᠢ ᠪᠠ ᠪᠣᠷᠣᠯᠠᠭᠤᠯᠬᠤ ᠨᠢᠭᠡᠴᠢ ᠶ᠋ᠢ ᠬᠠᠮᠤᠷᠴᠤ᠌᠂ ᠡᠭᠦᠨ᠎ᠳᠤ ᠬᠤᠲᠠ ᠬᠥᠳᠡᠭᠡ᠎ᠶ᠋ᠢᠨ ᠠᠭᠤᠯᠵᠠᠷ ᠬᠡᠰᠡᠭ᠂ ᠬᠥᠳᠡᠭᠡ ᠲᠣᠰᠭᠤᠨ᠎ᠤ ᠵᠠᠬ᠎ᠠ ᠳᠡᠯᠭᠡᠭᠦᠷ ᠵᠡᠷᠭᠡ ᠪᠠᠭᠤᠷᠠᠶ ᠲᠠᠯ᠎ᠠ᠎ᠶ᠋ᠢ ᠪᠠᠭ᠍ᠲᠠᠭᠠᠵᠤ᠂ ᠲᠷᠠᠺᠲ᠋ᠣᠷ᠂ ᠳᠠᠷᠢᠬᠤ ᠮᠠᠱᠢᠨ᠂ ᠬᠠᠮᠲᠤᠷᠠᠨ ᠬᠤᠷᠢᠶᠠᠬᠤ ᠮᠠᠱᠢᠨ ᠵᠢᠴᠢ ᠲᠡᠭᠦᠨ᠎ᠤ ᠰᠡᠯᠪᠢᠭ ᠲᠣᠨᠤᠭ ᠵᠢᠴᠢ ᠠᠶᠤᠯ ᠲᠠᠶ ᠬᠢᠮᠢ᠎ᠶ᠋ᠢᠨ ᠪᠣᠳᠠᠰ᠎ᠤᠨ ᠬᠠᠮᠢᠶ᠎ᠠ ᠪᠥᠬᠦᠶ ᠲᠠᠷᠢᠶᠠᠯᠠᠩ᠎ᠤᠨ ᠮᠠᠱᠢᠨ᠎ᠤ ᠲᠥᠬᠦᠭᠡᠷᠦᠮᠵᠢ ᠵᠡᠷᠭᠡ ᠠᠶᠤᠯ ᠲᠦᠭ᠌ᠰᠢᠭᠦᠷᠢ ᠶᠡᠬᠡᠲᠡᠶ ᠦᠢᠯᠡᠳᠬᠦᠨ᠎ᠢ ᠭᠤᠤᠯᠳᠠᠯᠭ᠎ᠠ᠎ᠲᠠᠢ ᠴᠡᠭ᠌ᠴᠡᠯᠡᠨ ᠵᠠᠰᠠᠬᠤ᠎ᠶ᠋ᠢᠨ ᠬᠠᠮᠲᠤ ᠲᠠᠷᠢᠶᠠᠯᠠᠩ ᠮᠠᠯ ᠠᠵᠤ ᠠᠬᠤᠶ᠎ᠶ᠋ᠢᠨ ᠮᠠᠱᠢᠨ᠎ᠢ ᠣᠨ᠎ᠤ ᠭᠤᠤᠯᠳᠠᠯᠭ᠎ᠠ᠎ᠲᠠᠢ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠭᠠᠷᠴᠠᠭ᠎ᠲᠤ ᠣᠷᠣᠭᠤᠯᠵᠤ᠂ ᠦᠢᠯᠡᠳᠬᠦᠨ᠎ᠤ ᠶᠠᠰᠤ ᠴᠢᠨᠠᠷ᠎ᠤᠨ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠲᠥᠯᠥᠪᠯᠡᠭᠡ᠎ᠳᠤ ᠣᠷᠣᠭᠤᠯᠤᠨ ᠬᠦᠨᠳᠦ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃ ᠬᠤᠳᠠᠯ ᠬᠠᠭᠤᠷᠮᠠᠭ ᠮᠠᠭᠤ ᠦᠢᠯᠡᠳᠬᠦᠨ᠂ ᠦᠨᠡᠮᠯᠡᠯ ᠦᠭᠡᠢ᠎ᠪᠠᠷ ᠦᠢᠯᠡᠳᠪᠦᠷᠢᠯᠡᠬᠦ᠂  ᠬᠢᠷᠢ ᠲᠡᠩᠴᠡᠬᠦ᠌ ᠦᠭᠡᠢ ᠣᠢᠯᠡᠳᠭᠦᠨ᠎ᠢ ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠤᠷᠢᠯᠡᠪᠡ ; ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠬᠦ᠌ ᠦᠭᠡᠢ ᠦᠢᠯᠡᠳᠬᠦᠨ᠎ᠢ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠵᠠᠷᠯᠢᠭ᠍ᠳᠠᠨ ᠵᠣᠭ᠍ᠰᠣᠭᠠᠵᠤ᠂ ᠬᠠᠤᠯᠢ᠎ᠠᠴᠠ ᠵᠥᠷᠢᠴᠡᠭ᠌ᠰᠡᠨ ᠦᠢᠯᠡᠳᠬᠦᠨ᠎ᠢ ᠬᠤᠷᠢᠶᠠᠨ ᠠᠪᠴᠤ᠌᠂ ᠦᠢᠯᠡ ᠪᠠᠢᠳᠠᠯ᠎ᠨᠢ ᠬᠦᠨᠳᠦ ᠨᠣᠴᠢᠲᠠᠶ ᠪᠣᠯ ᠡᠵᠡᠩᠨᠡᠯᠲᠡ᠎ᠶ᠋ᠢᠨ ᠦᠨᠡᠮᠯᠡᠯ᠎ᠢ᠎ᠨᠢ  ᠬᠤᠷᠢᠶᠠᠨ  ᠠᠪᠴᠤ᠌  ᠬᠦᠴᠦᠨ  ᠦᠭᠡᠢ  ᠪᠣᠯᠭᠠᠪᠠ ; ᠶᠠᠯ᠎ᠠ ᠬᠢᠭ᠌ᠰᠡᠨ᠎ᠢᠶᠠᠷ ᠰᠡᠵᠢᠭ᠌ᠯᠡᠭ᠌ᠳᠡᠭ᠌ᠰᠡᠨ ᠪᠠᠢᠪᠠᠯ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠪᠡ᠃ ᠡᠭᠦᠨ᠎ᠤ ᠬᠠᠮᠲᠤ᠌᠂ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠲᠠᠢ ᠬᠠᠮᠲᠤᠷᠠᠨ ᠬᠠᠤᠯᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠨ᠂ ᠬᠠᠮᠲᠤᠷᠠᠨ ᠪᠠᠢᠴᠠᠭᠠᠬᠤ᠎ᠶ᠋ᠢ ᠦᠷᠨᠢᠭᠦᠯᠪᠡ ; ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠲᠠᠢ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠪᠠ ᠡᠷᠡᠭᠦᠦ᠍᠎ᠶ᠋ᠢᠨ ᠬᠡᠷᠡᠭ᠎ᠤᠨ ᠬᠠᠤᠯᠢ ᠴᠠᠭᠠᠵᠠ᠎ᠶ᠋ᠢ ᠵᠣᠯᠭᠠᠭᠤᠯᠵᠤ᠂ ᠬᠡᠷᠡᠭ᠎ᠤᠨ ᠰᠦᠪᠡᠭ᠌ᠴᠢ᠎ᠶ᠋ᠢ ᠱᠢᠯᠵᠢᠭᠦᠯᠦᠨ ᠬᠦᠷᠭᠡᠬᠦ᠂ ᠬᠠᠮᠵᠢᠯᠴᠠᠨ ᠪᠠᠢᠴᠠᠭᠠᠨ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠣᠯᠠᠪᠠ; ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠬᠠᠮᠵᠢᠯᠴᠠᠭ᠎ᠠ᠎ᠶ᠋ᠢ ᠪᠠᠢᠭᠤᠯᠵᠤ᠂ ᠲᠠᠸᠠᠷ᠎ᠤᠨ ᠲᠡᠮᠳᠡᠭ᠎ᠤᠨ ᠡᠷᠬᠡ᠎ᠳᠤ ᠬᠠᠯᠳᠠᠭ᠍ᠰᠠᠨ ᠪᠠ ᠲᠤᠰᠭᠠᠶ ᠠᠱᠢᠭ᠎ᠤᠨ ᠡᠷᠬᠡ᠎ᠳᠤ ᠬᠠᠯᠳᠠᠭ᠍ᠰᠠᠨ ᠠᠵᠢᠯᠯᠠᠭ᠎ᠠ᠎ᠳᠤ ᠴᠣᠬᠢᠯᠲᠠ ᠥᠭ᠌ᠪᠡ᠃

ᠬᠤᠶᠠᠷ᠎ᠲᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠬᠥᠲᠥᠯᠥᠨ ᠵᠢᠯᠣᠭᠤᠳᠴᠤ᠌᠂ ᠤᠷᠲᠤ ᠬᠤᠭᠤᠴᠠᠭᠠᠨ᠎ᠤ ᠪᠦᠲᠦᠮᠵᠢᠲᠡᠶ ᠬᠠᠭᠤᠷᠮᠠᠭ᠎ᠢ ᠰᠡᠷᠭᠡᠢᠯᠡᠬᠦ᠌ ᠲᠣᠭ᠍ᠲᠠᠯᠴᠠᠭ᠎ᠠ᠎ᠶ᠋ᠢ ᠪᠠᠢᠭᠣᠯᠪᠠ᠃ ᠲᠤᠰᠭᠠᠢ ᠵᠦᠢᠯ᠎ᠢᠶᠠᠷ ᠴᠡᠭ᠌ᠴᠡᠯᠡᠨ ᠵᠠᠰᠠᠭ᠍ᠰᠠᠨ ᠰᠠᠭᠤᠷᠢᠨ ᠳᠡᠭᠡᠷ᠎ᠡ ᠂ ᠬᠥᠯᠥᠨ ᠪᠤᠢᠷ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠨᠢ ᠪᠦᠬᠦ᠌ ᠬᠣᠲᠠ᠎ᠶᠢᠨ ᠲᠠᠷᠢᠶᠠᠯᠠᠩ ᠮᠠᠯ ᠠᠵᠤ ᠠᠬᠤᠢ ᠮᠸᠬᠠᠨᠢᠭ᠎ᠤᠨ ᠠᠵᠢᠯ ᠲᠥᠷᠥᠯ᠎ᠦ᠋ᠨ ᠨᠡᠢᠭᠡᠮᠯᠢᠭ᠎ᠲᠦ᠍ ᠲᠠᠷᠢᠶᠠᠯᠠᠩ ᠮᠠᠯ ᠠᠵᠤ ᠠᠬᠤᠢ ᠮᠸᠬᠠᠨᠢᠭ ᠦᠢᠯᠡᠳᠪᠦᠷᠢᠯᠡᠬᠦ᠌ ᠠᠵᠤ ᠠᠬᠤᠢᠯᠠᠯ᠎ᠤ᠋ᠨ ᠦᠢᠯᠡᠳᠬᠦᠨ᠎ᠦ᠌ ᠶᠠᠰᠤ ᠴᠢᠨᠠᠷ ᠪᠣᠯᠤᠨ ᠬᠠᠭᠤᠷᠮᠠᠭ᠎ᠢ᠋ ᠰᠡᠷᠭᠡᠢᠯᠡᠬᠦ᠌ ᠠᠵᠢᠯ᠎ᠢ᠋ ᠳᠡᠭᠡᠭ᠌ᠱᠢᠯᠡᠭᠦᠯᠬᠦ᠌ ᠲᠤᠬᠠᠢ ᠰᠠᠨᠠᠭᠤᠯᠭ᠎ᠠ ᠳᠤᠷᠠᠳᠴᠤ᠌ ᠂ ᠶᠠᠰᠤ ᠴᠢᠨᠠᠷ᠎ᠤ᠋ᠨ ᠬᠠᠮᠢᠶᠠᠷᠤᠯᠲᠠ᠎ᠶᠢᠨ ᠲᠣᠭ᠍ᠲᠠᠯᠴᠠᠭ᠎ᠠ᠎ᠶᠢ ᠲᠡᠭᠦᠯᠳᠡᠷᠵᠢᠭᠦᠯᠬᠦ᠌᠎ᠪᠡᠷ ᠳᠠᠮᠵᠢᠨ ᠦᠢᠯᠡᠳᠬᠦ᠌ ᠰᠠᠭᠤᠷᠢ᠎ᠶᠢ ᠪᠡᠬᠢᠵᠢᠭᠦᠯᠪᠡ; ᠦᠢᠯᠡᠳᠪᠦᠷᠢ᠎ᠡᠴᠡ ᠭᠠᠷᠴᠦ᠍ ᠱᠢᠯᠭᠠᠨ ᠪᠠᠢᠴᠠᠭᠠᠬᠤ᠎ᠶᠢ ᠴᠢᠩᠳᠠᠯᠠᠵᠤ ᠂ ᠦᠢᠯᠡᠳᠬᠦᠨ᠎ᠦ᠌ ᠬᠢᠷᠢ ᠲᠡᠩᠴᠡᠬᠦ᠌᠎ᠶᠢ ᠪᠠᠲᠣᠯᠠᠪᠠ ; ᠬᠤᠳᠠᠯᠳᠤᠭ᠍ᠰᠠᠨ᠎ᠤ᠋ ᠳᠠᠷᠠᠭᠠᠬᠢ ᠦᠢᠯᠡᠴᠢᠯᠡᠭᠡ ᠬᠢᠭᠡᠳ ᠡᠷᠬᠡ ᠠᠱᠢᠭ᠎ᠢ᠋ ᠬᠠᠮᠠᠭᠠᠯᠠᠬᠤ ᠬᠠᠮᠵᠢᠯᠴᠠᠭ᠎ᠠ᠎ᠶᠢ ᠴᠢᠩᠭᠠᠳᠭᠠᠵᠤ᠂ ᠠᠵᠢᠯ ᠲᠥᠷᠥᠯ᠎ᠦ᠋ᠨ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ᠋ ᠳᠡᠭᠡᠭ᠌ᠰᠢᠯᠡᠭᠦᠯᠪᠡ᠃ ᠠᠵᠤ ᠠᠬᠤᠢᠯᠠᠯ᠎ᠤᠨ ᠡᠬᠢ ᠡᠭᠦᠰᠦᠯ᠎ᠠᠴᠠ᠎ᠨᠢ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠬᠠᠭᠤᠷᠮᠠᠭ᠎ᠢ ᠰᠡᠷᠭᠡᠢᠯᠡᠬᠦ᠌ ᠴᠢᠳᠠᠪᠤᠷᠢ᠎ᠪᠠᠨ ᠴᠢᠩᠭᠠᠷᠠᠭᠤᠯᠤᠨ᠂ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠣᠯᠪᠠ᠃

 

ᠢᠷᠡᠯᠲᠡ᠄ ᠬᠥᠯᠥᠨ ᠪᠤᠢᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ