ᠦᠨᠡᠨ ᠠᠰᠠᠭᠤᠳᠠᠯ᠎ᠢ ᠦᠨᠡᠯᠡᠨ ᠭᠠᠷᠭᠠᠵᠤ᠂ ᠬᠠᠲᠠᠭᠤ ᠳᠦᠷᠢᠮᠵᠢᠯ᠎ᠢ ᠬᠢᠨᠠᠨ ᠭᠠᠷᠭᠠᠨ᠎ᠠ — ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠡᠷᠡᠭ᠎ᠤᠨ ᠡᠪᠬᠡᠮᠡᠯ᠎ᠢ 《 ᠠᠮᠢᠳᠤ ᠵᠢᠭᠠᠬᠤ ᠮᠠᠲ᠋ᠧᠷᠢᠶᠠᠯ 》 ᠪᠣᠯᠭᠠᠪᠠ
2025-11-14

11 ᠳ᠋ᠦ᠍ᠭᠡᠷ ᠰᠠᠷ᠎ᠠ᠎ᠶ᠋ᠢᠨ 6 ᠎ᠤ ᠡᠳᠦᠷ᠂ ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ  ( ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ ) ᠎ᠨᠢ ᠪᠥᠬᠦ᠌ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠠᠰᠠᠭ ᠵᠠᠬᠢᠷᠭᠠᠨ᠎ᠤ ᠱᠢᠢᠳᠭᠡᠯ᠎ᠤᠨ ᠬᠡᠷᠡᠭ᠎ᠤᠨ ᠡᠪᠬᠡᠮᠡᠯ᠎ᠢ ᠦᠨᠡᠯᠡᠨ ᠪᠠᠢᠴᠠᠭᠠᠬᠤ ᠪᠣᠳᠠᠲᠠᠶ ᠪᠣᠯᠪᠠᠰᠣᠷᠠᠯ᠎ᠢ ᠥᠷᠨᠢᠭᠦᠯᠵᠦ᠍᠂ 2024 ᠣᠨ᠎ᠠᠴᠠ ᠨᠠᠭᠠᠱᠢᠬᠢ ᠪᠥᠬᠦ᠌ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠱᠢᠢᠳᠪᠦᠷᠢᠯᠡᠭ᠌ᠰᠡᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠠᠰᠠᠭ ᠵᠠᠬᠢᠷᠭᠠᠨ᠎ᠤ ᠱᠢᠢᠳᠭᠡᠯ᠎ᠤᠨ ᠬᠡᠷᠡᠭ᠎ᠢ ᠬᠠᠮᠤᠷᠴᠤ᠌᠂ ᠬᠡᠷᠡᠭ᠎ᠢᠶᠠᠷ ᠪᠣᠯᠪᠠᠰᠤᠷᠠᠯ᠎ᠢ ᠣᠷᠣᠯᠠᠭᠤᠯᠬᠤ᠂ ᠪᠠᠢᠴᠠᠭᠠᠬᠤ᠎ᠪᠠᠷ ᠰᠤᠷᠤᠯᠴᠠᠯᠭ᠎ᠠ᠎ᠶ᠋ᠢ ᠠᠬᠢᠭᠤᠯᠬᠤ ᠪᠣᠳᠠᠲᠤ ᠪᠠᠢᠯᠳᠤᠭᠠᠨ᠎ᠤ ᠵᠠᠭ᠍ᠪᠤᠷ᠎ᠢᠶᠠᠷ ᠳᠠᠮᠵᠢᠭᠤᠯᠤᠨ᠂ ᠬᠠᠤᠯᠢ ᠬᠡᠷᠡᠭ᠌ᠵᠢᠭᠦᠯᠬᠦ᠌ ᠡᠩᠨᠡᠭᠡ᠎ᠶ᠋ᠢᠨ ᠲᠤᠰᠭᠠᠢᠵᠢᠯᠲᠠ᠂ ᠵᠢᠷᠤᠮᠵᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃

《 ᠬᠠᠷᠢᠯᠴᠠᠨ ᠦᠨᠡᠯᠡᠵᠦ᠍ ᠬᠠᠷᠢᠯᠴᠠᠨ ᠲᠣᠯᠢᠳᠠᠬᠤ 》 ᠳᠤᠮᠳᠠ ᠪᠠᠷᠢᠮᠵᠢᠶ᠎ᠠ᠎ᠶ᠋ᠢ ᠨᠢᠭᠡᠳᠭᠡᠪᠡ

ᠲᠣᠰ ᠤᠳᠠᠭᠠᠨ᠎ᠤ ᠦᠨᠡᠯᠡᠨ ᠪᠠᠢᠴᠠᠭᠠᠯᠲᠠ᠎ᠶ᠋ᠢ ᠡᠯ᠎ᠡ ᠬᠤᠱᠢᠭᠤ ᠱᠢᠶᠠᠨ ᠲᠣᠭᠤᠷᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠡᠮᠦᠨᠡᠬᠢ ᠬᠤᠭᠤᠴᠠᠭᠠᠨ᠎ᠤ ᠪᠥᠬᠦ᠌ ᠲᠠᠯ᠎ᠠ᠎ᠪᠠᠷ ᠥᠪᠡᠷ᠎ᠢ᠎ᠪᠠᠨ ᠪᠠᠢᠴᠠᠭᠠᠭ᠍ᠰᠠᠨ ᠰᠠᠭᠤᠷᠢᠨ ᠳᠡᠭᠡᠷ᠎ᠡ᠂ 20 ᠬᠤᠪᠢ ᠬᠡᠷᠡᠭ᠎ᠤᠨ ᠡᠪᠬᠡᠮᠡᠯ᠎ᠢ ᠪᠠᠲᠤᠯᠠᠨ ᠲᠠᠨᠢᠯᠴᠠᠭᠤᠯᠵᠤ ᠦᠨᠡᠯᠡᠨ ᠪᠠᠢᠴᠠᠭᠠᠬᠤ᠎ᠳᠤ ᠣᠷᠣᠯᠴᠠᠭᠤᠯᠵᠤ᠂ ᠬᠡᠷᠡᠭ᠎ᠤᠨ ᠡᠪᠬᠡᠮᠡᠯ᠎ᠤᠨ ᠲᠥᠯᠥᠭᠡᠯᠡᠬᠦ᠌ ᠴᠢᠨᠠᠷ᠎ᠢ ᠪᠠᠲᠤᠯᠠᠪᠠ᠃ ᠦᠨᠡᠯᠡᠨ ᠪᠠᠢᠴᠠᠭᠠᠬᠤ ᠭᠤᠭ᠍ᠴᠤᠭ᠎ᠠ᠎ᠳᠤ 《 ᠰᠣᠯᠪᠢᠴᠠᠨ ᠦᠨᠡᠯᠡᠨ ᠱᠢᠭᠦᠮᠵᠢᠯᠡᠬᠦ᠌ +  ᠲᠥᠪᠯᠡᠷᠡᠭᠦᠯᠦᠨ ᠬᠢᠨᠠᠨ ᠪᠠᠢᠴᠠᠭᠠᠬᠤ 》 ᠬᠤᠣᠰ ᠵᠠᠮ᠎ᠤᠨ ᠵᠠᠭ᠍ᠪᠤᠷ᠎ᠢ ᠬᠡᠷᠡᠭ᠌ᠯᠡᠵᠦ᠍᠂ ᠭᠠᠵᠠᠷ ᠣᠷᠣᠨ᠎ᠤ ᠬᠢᠵᠠᠭᠠᠷᠯᠠᠯ᠎ᠢ ᠡᠪᠳᠡᠵᠦ᠍᠂  《 ᠥᠪᠡᠰᠦᠪᠡᠨ ᠬᠢᠨᠠᠵᠤ ᠥᠪᠡᠰᠦᠪᠡᠨ ᠦᠨᠡᠯᠡᠬᠦ᠌ 》 ᠪᠡᠶᠡᠴᠢ ᠵᠥᠷᠢᠶ᠎ᠡ ᠭᠠᠷᠬᠤ᠎ᠠᠴᠠ ᠪᠦᠲᠦᠮᠵᠢᠲᠡᠶ ᠵᠠᠢᠯᠠᠰᠭᠢᠪᠠ᠃ 《 ᠣᠯᠠᠨ ᠳᠠᠪᠬᠤᠷᠭ᠎ᠠ᠎ᠪᠠᠷ ᠱᠢᠯᠢᠨ ᠰᠣᠩᠭᠤᠬᠤ᠂ ᠣᠯᠠᠨ ᠡᠱᠢᠲᠦ ᠬᠠᠷᠠᠭᠠᠰᠤ 》 ᠎ᠶ᠋ᠢᠨ ᠬᠢᠨᠠᠨ ᠲᠣᠭ᠍ᠲᠠᠭᠠᠬᠤ ᠲᠣᠭ᠍ᠲᠠᠴᠠ᠎ᠪᠠᠷ ᠳᠠᠮᠵᠢᠭᠤᠯᠤᠨ᠂ ᠦᠨᠡᠯᠡᠨ ᠪᠠᠢᠴᠠᠭᠠᠭ᠍ᠰᠠᠨ ᠳ᠋ᠦᠩᠨᠡᠯᠲᠡ᠎ᠶ᠋ᠢᠨ ᠪᠤᠰᠤᠳᠴᠢ᠂ ᠲᠥᠪ ᠭᠤᠤᠯᠴᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠪᠥᠬᠦ᠌ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠤᠯᠢ ᠬᠡᠷᠡᠭ᠌ᠵᠢᠭᠦᠯᠬᠦ᠌ ᠬᠡᠮᠵᠢᠶᠡᠨ᠎ᠤ ᠨᠢᠭᠡᠳᠦᠯᠲᠡᠶ ᠪᠠᠢᠬᠤ᠎ᠳᠤ ᠰᠠᠭᠤᠷᠢ᠎ᠶ᠋ᠢ ᠲᠠᠯᠪᠢᠪᠠ᠃

《 ᠨᠠᠷᠢᠯᠢᠭ ᠪᠠᠢᠴᠠᠭᠠᠵᠤ ᠨᠠᠷᠢᠨ ᠦᠨᠡᠯᠡᠬᠦ᠌ 》 ᠳᠤᠮᠳᠠ ᠰᠤᠳᠠᠯ ᠪᠠᠷᠢᠵᠤ ᠤᠨᠤᠱᠢᠯᠠᠪᠠ

《 ᠲᠤᠰᠭᠠᠶ ᠠᠱᠢᠭ᠎ᠤᠨ ᠲᠠᠸᠠᠷ᠎ᠤᠨ ᠲᠡᠮᠳᠡᠭ᠎ᠤᠨ ᠵᠠᠰᠠᠭ ᠵᠠᠬᠢᠷᠭᠠᠨ᠎ᠤ ᠬᠠᠮᠠᠭᠠᠯᠠᠯᠲᠠ᠎ᠶ᠋ᠢᠨ ᠬᠡᠷᠡᠭ᠎ᠤᠨ ᠡᠪᠬᠡᠮᠡᠯ᠎ᠢ ᠦᠨᠡᠯᠡᠨ ᠪᠠᠢᠴᠠᠭᠠᠬᠤ ᠠᠷᠭ᠎ᠠ 》 ᠵᠡᠷᠭᠡ ᠭᠤᠤᠯ ᠬᠠᠤᠯᠢ ᠲᠣᠭ᠍ᠲᠠᠭᠠᠯ᠎ᠢᠶᠠᠷ ᠦᠨᠳᠦᠰᠦᠯᠡᠯ ᠪᠣᠯᠭᠠᠵᠤ᠂ 《 ᠨᠢᠭᠡ ᠡᠪᠬᠡᠮᠡᠯ ᠨᠢᠭᠡ ᠬᠦᠰᠦᠨᠦᠭ᠌ᠲᠦ 》᠎ᠶ᠋ᠢ ᠬᠡᠮᠵᠢᠶᠡᠵᠢᠭᠦᠯᠦᠨ ᠬᠤᠪᠢ ᠲᠣᠭ᠍ᠲᠠᠭᠠᠬᠤ ᠲᠣᠭ᠍ᠲᠠᠯᠴᠠᠭ᠎ᠠ ᠎ᠶ᠋ᠢ ᠨᠠᠷᠢᠯᠢᠬ᠍ᠵᠢᠭᠤᠯᠤᠨ᠂ ᠬᠡᠷᠡᠭ ᠪᠣᠯᠭᠠᠨ ᠳᠠᠩᠰᠠᠯᠠᠬᠤ᠂ ᠪᠠᠢᠴᠠᠭᠠᠵᠤ ᠭᠡᠷᠡᠴᠢ ᠠᠪᠬᠤ᠎ᠠᠴᠠ ᠲᠠᠩᠰᠠ ᠡᠪᠬᠡᠮᠡᠯ᠎ᠳᠤ ᠣᠷᠣᠭᠤᠯᠬᠤ ᠪᠥᠬᠦ᠌ ᠶᠠᠪᠤᠴᠠ᠎ᠶ᠋ᠢ ᠵᠦᠢᠯ ᠳᠠᠷᠠᠭᠠᠯᠠᠨ ᠬᠠᠷᠭᠤᠭᠤᠯᠤᠨ ᠪᠠᠢᠴᠠᠭᠠᠬᠤ ᠬᠦᠷᠲᠡᠯ᠎ᠡ᠂ ᠬᠠᠤᠯᠢ ᠲᠣᠭ᠍ᠲᠠᠭᠠᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠴᠢᠩᠭᠠᠷᠠᠭᠣᠯᠬᠣ ᠮᠥᠷᠲᠡᠭᠡᠨ ᠪᠠᠰᠠ ᠬᠠᠤᠯᠢ ᠬᠡᠷᠡᠭ᠌ᠵᠢᠭᠦᠯᠬᠦ᠌ ᠭᠤᠭ᠍ᠴᠤᠭ᠎ᠠ᠎ᠶ᠋ᠢᠨ ᠪᠠᠭᠤᠷᠠᠶ ᠲᠠᠯ᠎ᠠ᠎ᠶ᠋ᠢᠨ ᠣᠨᠣᠪᠴᠢᠲᠠᠶ ᠣᠷᠣᠨ ᠪᠠᠢᠷᠢ ᠲᠣᠭ᠍ᠲᠠᠭᠠᠵᠤ᠂ ᠦᠨᠡᠯᠡᠨ ᠪᠠᠢᠴᠠᠭᠠᠬᠤ᠎ᠶ᠋ᠢ 《 ᠪᠦᠳᠦᠭᠦᠯᠢᠭ ᠮᠠᠶᠢᠭ 》᠎ᠡᠴᠡ 《 ᠨᠠᠷᠢᠯᠢᠬ᠍ᠵᠢᠭᠤᠯᠬᠤ 》 ᠲᠡᠢᠰᠢ ᠬᠤᠪᠢᠷᠠᠭᠤᠯᠬᠤ᠎ᠶ᠋ᠢ  ᠠᠬᠢᠭᠤᠯᠪᠠ᠃

《 ᠠᠰᠠᠭᠤᠳᠠᠯ᠎ᠲᠠᠢ ᠬᠡᠷᠡᠭ᠎ᠤᠨ ᠵᠢᠱ᠌ᠢᠶ᠎ᠡ 》᠎ᠪᠠᠷ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠥᠳᠡᠯᠭᠡᠭᠦᠷ ᠪᠣᠯᠭᠠᠪᠠ

《 ᠦᠨᠡᠯᠡᠨ ᠪᠠᠢᠴᠠᠭᠠᠬᠤ ᠡᠴᠦᠰ᠎ᠤᠨ ᠴᠡᠭ᠎ᠨᠢ ᠠᠰᠠᠭᠤᠳᠠᠯ᠎ᠢ ᠡᠷᠢᠵᠦ᠍ ᠭᠠᠷᠭᠠᠬᠤ ᠪᠢᠰᠢ᠂ ᠬᠠᠷᠢᠨ ᠠᠰᠠᠭᠤᠳᠠᠯ᠎ᠢ ᠱᠢᠢᠳᠪᠦᠷᠢᠯᠡᠬᠦ᠌ ᠪᠠ ᠠᠰᠠᠭᠣᠳᠠᠯ᠎ᠢ ᠤᠷᠢᠳᠴᠢᠯᠠᠨ ᠰᠡᠷᠭᠡᠢᠯᠡᠬᠦ᠌ ᠪᠣᠯᠤᠨ᠎ᠠ 》᠃ ᠲᠣᠰ ᠤᠳᠠᠭᠠᠨ᠎ᠤ ᠪᠣᠳᠠᠲᠠᠶ ᠪᠣᠯᠪᠠᠰᠤᠷᠠᠯ᠎ᠨᠢ 《 ᠪᠠᠢᠴᠠᠭᠠᠬᠤ᠎ᠪᠠᠷ ᠰᠤᠷᠤᠯᠴᠠᠯᠭ᠎ᠠ᠎ᠶ᠋ᠢ ᠠᠬᠢᠭᠤᠯᠬᠤ 》ᠣᠨᠣᠯᠵᠢᠬᠤᠨ᠎ᠢ ᠢᠮᠠᠭ᠍ᠲᠠ ᠲᠣᠭᠣᠱᠢᠯᠠᠭᠣᠯᠪᠠ᠃ ᠦᠨᠡᠯᠡᠨ ᠪᠠᠢᠴᠠᠭᠠᠬᠤ ᠳᠤᠮᠳᠠ ᠢᠯᠡᠷᠡᠭᠦᠯᠦᠭ᠌ᠰᠡᠨ ᠨᠡᠢᠲᠡᠯᠢᠭ ᠴᠢᠨᠠᠷᠲᠠᠶ ᠬᠦᠴᠢᠷ ᠠᠰᠠᠭᠤᠳᠠᠯ ᠪᠠ ᠨᠡᠢᠲᠡᠯᠢᠭ ᠬᠡᠷᠡᠭ᠎ᠲᠤ ᠴᠢᠭ᠌ᠯᠡᠭᠦᠯᠦᠨ᠂ ᠲᠤᠬᠠᠶ᠎ᠶ᠋ᠢᠨ ᠲᠠᠯᠠᠪᠠᠶ᠎ᠳᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ᠎ᠶ᠋ᠢ ᠵᠣᠬᠢᠶᠠᠨ ᠪᠠᠢᠭᠤᠯᠵᠤ᠂  《 ᠠᠰᠠᠭᠤᠳᠠᠯ᠎ᠤᠨ ᠲᠠᠩᠰᠠ ᠡᠪᠬᠡᠮᠡᠯ 》 ᠎ᠢ ᠠᠮᠢᠳᠤ ᠰᠣᠷᠭᠤᠭ ᠵᠢᠭᠠᠨ ᠰᠤᠷᠭᠠᠯᠲᠠ᠎ᠶ᠋ᠢᠨ ᠬᠡᠷᠡᠭ᠎ᠤᠨ ᠵᠢᠱ᠌ᠢᠶ᠎ᠡ ᠪᠣᠯᠭᠠᠨ ᠬᠤᠪᠢᠷᠠᠭᠤᠯᠪᠠ᠃ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠵᠠᠳᠠᠯᠤᠨ ᠰᠣᠯᠢᠯᠴᠠᠬᠤ ᠳᠤᠮᠳᠠ ᠳᠣᠲᠠᠭ᠍ᠳᠠᠯ᠎ᠢᠶᠠᠨ ᠨᠥᠬᠦᠪᠥᠷᠢᠯᠡᠵᠦ᠍᠂ ᠰᠡᠳᠭᠢᠴᠡ᠎ᠪᠠᠨ ᠥᠷᠭᠡᠳᠭᠡᠨ᠂  《 ᠦᠨᠡᠯᠡᠨ ᠪᠠᠢᠴᠠᠭᠠᠬᠤ — ᠰᠤᠷᠤᠯᠴᠠᠬᠤ — ᠬᠡᠷᠡᠭ᠌ᠯᠡᠬᠦ᠌ 》 ᠪᠢᠲᠡᠭᠦᠦ ᠴᠠᠭᠠᠷᠢᠭ᠎ᠢ ᠪᠡᠶᠡᠯᠡᠭᠦᠯᠵᠦ᠍᠂ ᠲᠤᠬᠠᠢᠯᠠᠭ᠍ᠰᠠᠨ ᠠᠵᠢᠯ᠎ᠤᠨ ᠴᠢᠳᠠᠪᠤᠷᠢ ᠬᠢᠭᠡᠳ ᠬᠠᠤᠯᠢ ᠬᠡᠷᠡᠭ᠌ᠵᠢᠭᠦᠯᠬᠦ᠌᠎ᠶ᠋ᠢ ᠵᠢᠷᠤᠮᠵᠢᠭᠤᠯᠬᠤ ᠬᠢᠷᠢ ᠲᠦᠪᠱᠢᠨ᠎ᠢ ᠱᠢᠭᠤᠳ ᠳᠡᠭᠡᠭ᠌ᠰᠢᠯᠡᠭᠦᠯᠪᠡ᠃

ᠪᠤᠭᠤᠲᠤ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ( ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ ) ᠎ᠨᠢ ᠦᠨᠡᠯᠡᠨ ᠪᠠᠢᠴᠠᠭᠠᠬᠤ ᠳᠤᠮᠳᠠ ᠢᠯᠡᠷᠡᠭ᠌ᠰᠡᠨ ᠠᠰᠠᠭᠤᠳᠠᠯ᠎ᠢ ᠱᠢᠰᠲ᠋ᠧᠮ᠎ᠲᠠᠢ ᠡᠮᠬᠢᠯᠡᠬᠦ᠌ ᠪᠠ ᠵᠠᠳᠠᠯᠤᠨ ᠱᠢᠨᠵᠢᠯᠡᠵᠦ᠍᠂ ᠴᠡᠭ᠌ᠴᠡᠯᠡᠨ ᠰᠠᠢᠵᠢᠷᠠᠭᠤᠯᠬᠤ ᠲᠥᠰᠦᠯ ᠲᠣᠭ᠍ᠲᠠᠭᠠᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠤᠯᠢ ᠬᠡᠷᠡᠭ᠌ᠵᠢᠭᠦᠯᠬᠦ᠌ ᠪᠠᠷᠢᠮᠵᠢᠶ᠎ᠠ᠎ᠶ᠋ᠢ ᠨᠢᠭᠡᠳᠦᠯᠲᠡᠶ ᠪᠠᠢᠯᠭᠠᠬᠤ᠎ᠶ᠋ᠢ ᠠᠬᠢᠭᠤᠯᠵᠤ᠂ 《 ᠨᠢᠭᠡ᠎ᠶ᠋ᠢ ᠣᠯᠵᠤ ᠮᠡᠳᠡᠪᠡᠯ᠂ ᠨᠢᠭᠡ ᠲᠥᠷᠥᠯ᠎ᠢ ᠴᠡᠭ᠌ᠴᠡᠯᠡᠨ ᠰᠠᠢᠵᠢᠷᠠᠭᠣᠯᠵᠣ᠂ ᠨᠢᠭᠡ ᠬᠡᠰᠡᠭ᠎ᠢ ᠵᠢᠷᠤᠮᠵᠢᠭᠤᠯᠬᠤ 》 ᠎ᠶ᠋ᠢ ᠦᠨᠡᠨ ᠬᠦ᠌ ᠪᠡᠶᠡᠯᠡᠭᠦᠯᠪᠡ᠃

ᠲᠣᠰ ᠤᠳᠠᠭᠠᠨ᠎ᠤ ᠳᠠᠩᠰᠠ ᠡᠪᠬᠡᠮᠡᠯ᠎ᠢ ᠦᠨᠡᠯᠡᠨ ᠪᠠᠢᠴᠠᠭᠠᠭ᠍ᠰᠠᠨ᠎ᠨᠢ ᠨᠢᠭᠡ ᠤᠳᠠᠭᠠᠨ᠎ᠤ ᠬᠠᠤᠯᠢ ᠬᠡᠷᠡᠭ᠌ᠵᠢᠭᠦᠯᠬᠦ᠌ ᠶᠠᠰᠤ ᠴᠢᠨᠠᠷ᠎ᠤᠨ ᠪᠥᠬᠦ᠌ ᠲᠠᠯ᠎ᠠ᠎ᠶ᠋ᠢᠨ ᠪᠠᠢᠴᠠᠭᠠᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠨᠢᠭᠡ ᠤᠳᠠᠭᠠᠨ᠎ᠤ ᠬᠠᠤᠯᠢ ᠬᠡᠷᠡᠭ᠌ᠵᠢᠭᠦᠯᠬᠦ᠌ ᠣᠢᠯᠠᠭᠠᠭ᠍ᠳᠠᠬᠤᠨ᠎ᠤ ᠭᠦᠨᠵᠡᠭᠡᠶ ᠳᠠᠮᠵᠢᠭᠤᠯᠭ᠎ᠠ ᠪᠣᠯᠤᠨ᠎ᠠ᠂ ᠡᠨᠡ᠎ᠨᠢ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠠᠭᠠᠯᠠᠬᠤ ᠠᠵᠢᠯ᠎ᠨᠢ ᠬᠡᠷᠡᠭ᠎ᠤᠨ ᠲᠤᠭ᠎ᠠ ᠬᠡᠮᠵᠢᠶ᠎ᠡ᠎ᠶ᠋ᠢ ᠬᠥᠭᠡᠭᠡᠴᠡᠯᠳᠦᠵᠦ᠍ ᠪᠠᠢᠭ᠍ᠰᠠᠨ᠎ᠠᠴᠠ ᠬᠡᠷᠡᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠬᠠᠤᠯᠢ ᠬᠡᠷᠡᠭ᠌ᠵᠢᠭᠦᠯᠬᠦ᠌ ᠲᠠᠰ ᠳᠠᠷᠠᠭᠠᠯᠠᠯ᠎ᠢ ᠵᠢᠷᠤᠮᠵᠢᠭᠤᠯᠬᠤ᠎ᠠᠴᠠ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ᠎ᠶ᠋ᠢ ᠬᠥᠭᠡᠭᠡᠴᠡᠯᠳᠦᠬᠦ᠌ ᠲᠡᠢᠰᠢ ᠬᠤᠪᠢᠷᠠᠭᠤᠯᠵᠤ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠲᠡᠷᠢᠭᠦᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠪᠣᠶ ᠪᠣᠯᠭᠠᠬᠤ᠎ᠳᠤ ᠪᠠᠲᠤ ᠪᠠᠬᠢ ᠬᠠᠤᠯᠢ᠎ᠪᠠᠷ ᠵᠠᠰᠠᠬᠤ ᠴᠥᠮ᠎ᠠ᠎ᠶ᠋ᠢ ᠬᠠᠩᠭᠠᠭ᠍ᠰᠠᠨ ᠪᠠᠢᠨ᠎ᠠ᠃

 

ᠢᠷᠡᠯᠲᠡ᠄ ᠪᠤᠭᠤᠲᠤ ᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ