ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠴᠡᠭ᠌ᠴᠡᠯᠡᠨ ᠰᠠᠢ᠌ᠵᠢᠷᠠᠭᠣᠯᠣᠬᠣ ᠠᠵᠢᠯ᠎ᠤᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠦᠢᠯᠡᠴᠢᠯᠡᠭᠡ᠎ᠶ᠋ᠢ ᠬᠤᠤᠰ ᠴᠢᠭ᠌ᠯᠡᠯ᠎ᠢᠶᠠᠷ ᠬᠦᠴᠦᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠬᠡᠷᠡᠭ᠎ᠤᠨ ᠵᠢᠱ᠌ᠢᠶ᠎ᠡ᠎ᠶ᠋ᠢᠨ ᠰᠡᠷᠡᠮᠵᠢᠯᠡᠭᠦᠯᠦᠯ᠂ ᠱᠢᠨᠵᠢᠯᠡᠬᠦ᠌ ᠤᠬᠠᠭᠠᠨ᠎ᠤ ᠲᠦᠭᠡᠮᠡᠯᠵᠢᠭᠦᠯᠦᠯᠲᠡ᠎ᠶᠢᠨ ᠤᠬᠠᠭᠤᠯᠭ᠎ᠠ᠂ ᠲᠣᠭ᠍ᠲᠠᠭᠠᠯ᠎ᠳᠤ ᠨᠡᠢ᠌ᠴᠡᠭᠰᠡᠨ ᠵᠢᠯᠤᠭᠤᠳᠤᠮᠵᠢ ᠵᠡᠷᠭᠡ ᠣᠯᠠᠨ ᠡᠱᠢᠲᠦ ᠬᠡᠯᠪᠡᠷᠢ᠎ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠤᠯᠤᠰ᠎ᠤᠨ ᠱᠢᠨ᠎ᠡ ᠪᠠᠷᠢᠮᠵᠢᠶ᠎ᠠ᠎ᠶ᠋ᠢ ᠤᠬᠠᠭᠤᠯᠤᠨ ᠲᠤᠭᠤᠱᠢᠯᠠᠭᠤᠯᠬᠤ ᠠᠵᠢᠯ᠎ᠢ ᠲᠥᠪᠯᠡᠷᠡᠭᠦᠯᠦᠨ ᠥᠷᠨᠢᠭᠦᠯᠵᠦ᠍᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠤ ᠪᠥᠬᠦ᠌ ᠬᠡᠯᠬᠢᠶᠡᠨ᠎ᠤ ᠠᠮᠤᠷ ᠲᠦᠪᠱᠢᠨ᠎ᠤ ᠬᠢᠷᠢ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭᠰᠢᠯᠡᠭᠦᠯᠪᠡ᠃
ᠨᠢᠭᠡ᠎ᠳᠤ᠂ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢ᠌ᠵᠢᠭᠤᠯᠪᠠ᠃ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠰᠡᠷᠡᠮᠵᠢᠯᠡᠭᠦᠯᠦᠨ ᠪᠣᠯᠵᠣᠨ ᠬᠡᠯᠡᠯᠴᠡᠬᠦ ᠵᠢᠴᠢ ᠲᠣᠭ᠍ᠲᠠᠭᠠᠯ᠎ᠳᠤ ᠨᠡᠢ᠌ᠴᠡᠭᠰᠡᠨ ᠵᠢᠯᠤᠭᠤᠳᠤᠮᠵᠢ ᠶᠢᠨ ᠬᠤᠷᠠᠯ ᠥᠷᠨᠢᠭᠦᠯᠬᠦ᠌᠎ᠪᠠᠷ ᠳᠠᠮᠵᠢᠭᠤᠯᠤᠨ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠵᠢᠯᠣᠭᠤᠳᠤᠨ ᠣᠷᠣᠭᠤᠯᠵᠤ ᠪᠣᠷᠣᠯᠠᠭᠤᠯᠬᠤ ᠡᠬᠡ ᠲᠠᠩᠰᠠ ᠵᠢᠴᠢ ᠪᠣᠷᠣᠯᠠᠭᠤᠯᠤᠭ᠍ᠰᠠᠨ᠎ᠤ ᠳᠠᠷᠠᠭᠠᠬᠢ ᠲᠤᠭᠲᠠᠯᠴᠠᠭ᠎ᠠ᠎ᠶ᠋ᠢ ᠪᠦᠷᠢᠨᠱᠢᠬᠦᠯᠵᠦ᠍᠂ ᠪᠣᠷᠣᠯᠠᠭᠤᠯᠭ᠎ᠠ᠎ᠶ᠋ᠢᠨ ᠬᠤᠳᠠᠯᠳᠤᠭᠠᠴᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠶ᠋ᠢ ᠱᠠᠭᠠᠷᠳᠠᠵᠤ᠂ ᠲᠡᠷᠭᠡ ᠬᠥᠰᠭᠡ᠎ᠶ᠋ᠢᠨ ᠳ᠋ᠤᠭᠠᠷᠯᠠᠯᠢ ᠳᠠᠩᠰᠠᠯᠠᠭᠤᠯᠤᠨ ᠵᠢᠷᠤᠮᠵᠢᠭᠤᠯᠪᠠ; ᠬᠡᠷᠡᠭ᠌ᠯᠡᠭ᠌ᠴᠢᠳ᠎ᠲᠤ ᠦᠢᠯᠡᠳᠬᠦᠨ᠎ᠤ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠦᠨᠡᠨ ᠪᠣᠳᠠᠲᠠᠶ᠎ᠪᠠᠷ ᠮᠡᠳᠡᠭ᠌ᠳᠡᠵᠦ᠍᠂ ᠬᠡᠷᠡᠭ᠌ᠯᠡᠭᠡᠨ᠎ᠤ ᠬᠦᠰᠡᠯ ᠱᠠᠭᠠᠷᠳᠠᠯᠭ᠎ᠠ᠎ᠶ᠋ᠢ ᠰᠠᠢ᠌ᠲᠣᠷ ᠱᠢᠢᠳᠪᠦᠷᠢᠯᠡᠨ᠎ᠡ; ᠬᠢᠨᠠᠯᠲᠠ ᠬᠠᠮᠢᠶᠠᠷᠤᠯᠲᠠ᠎ᠶᠢᠨ ᠪᠠᠢ᠌ᠴᠠᠭ᠋ᠠᠯᠲᠠ ᠪᠠ ᠨᠡᠢᠭᠡᠮ᠎ᠤᠨ ᠬᠢᠨᠠᠯᠲᠠ ᠬᠠᠮᠢᠶᠠᠷᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠬᠠᠮᠵᠢᠯᠴᠠᠵᠤ᠂ ᠳᠠᠯᠳᠠ ᠬᠡᠮ᠎ᠤᠨ ᠠᠰᠠᠭᠤᠳᠠᠯ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢ᠌ᠵᠢᠷᠠᠭᠤᠯᠪᠠ᠃ ᠱᠢᠯᠢ᠎ᠶ᠋ᠢᠨ ᠬᠤᠲᠠ ᠣᠷᠣᠨ᠎ᠤ 20 ᠭᠠᠷᠤᠶ ᠡᠷᠦᠬᠡ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠬᠤᠳᠠᠯᠳᠤᠭᠠᠴᠢᠨ᠎ᠢ ᠵᠣᠬᠢᠶᠠᠨ ᠪᠠᠢᠭᠤᠯᠤᠨ ᠵᠢᠷᠤᠮᠵᠢᠭ᠍ᠰᠠᠨ ᠡᠵᠡᠩᠨᠡᠯᠲᠡ᠎ᠶ᠋ᠢᠨ ᠠᠮᠠᠯᠠᠯᠲᠠ᠎ᠶ᠋ᠢᠨ ᠪᠢᠴᠢᠭ᠎ᠲᠤ ᠭᠠᠷᠤᠨ ᠦᠰᠦᠭ ᠵᠢᠷᠤᠭᠤᠯᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠬᠢᠬᠦ᠎ᠪᠡᠷ ᠠᠮᠠᠯᠳᠠᠵᠦ᠂ ᠦᠨᠡᠮᠯᠡᠯ ᠥᠬᠡᠶ᠂ ᠪᠠᠷᠢᠮᠵᠢᠶ᠎ᠠ ᠪᠤᠰᠤ᠂ ᠥᠭᠡᠷᠡᠴᠢᠯᠡᠨ ᠲᠤᠨᠤᠭᠯᠠᠬᠤ᠂ ᠬᠠᠭᠤᠷᠮᠠᠭ ᠮᠠᠭᠤ ᠵᠢᠴᠢ 《ᠭᠤᠷᠪᠠ ᠥᠬᠡᠶ》 ᠦᠢᠯᠡᠳᠬᠦᠨ᠎ᠢ ᠡᠷᠡᠰ ᠬᠣᠷᠢᠭᠯᠠᠪᠠ᠃
ᠬᠤᠶᠠᠷ᠎ᠲᠤ᠌᠂ ᠤᠬᠠᠭᠤᠯᠭ᠎ᠠ᠎ᠶ᠋ᠢ ᠥᠷᠭᠡᠨ᠎ᠢᠶᠠᠷ ᠥᠷᠨᠢᠭᠦᠯᠪᠡ᠃ ᠪᠥᠬᠦ᠌ ᠠᠢᠮᠠᠭ᠎ᠤᠨ 87 ᠡᠷᠦᠬᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠳᠠᠮᠵᠢᠭᠤᠯᠤᠨ ᠪᠣᠷᠣᠯᠠᠭᠤᠯᠬᠤ ᠬᠤᠳᠠᠯᠳᠤᠭᠠᠴᠢᠨ᠂ ᠡᠭᠦᠳᠡᠨ ᠳᠡᠯᠭᠡᠭᠦᠷ᠎ᠲᠤ ᠪᠦᠬᠦᠨ᠎ᠢ ᠬᠠᠮᠤᠷᠤᠭ᠍ᠰᠠᠨ ᠰᠤᠷᠪᠤᠯᠵᠢᠯᠠᠭ᠎ᠠ ᠥᠷᠨᠢᠭᠦᠯᠵᠦ᠍᠂ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠲᠤᠬᠠᠢ ᠤᠯᠤᠰ᠎ᠤᠨ ᠰᠢᠨ᠎ᠡ ᠪᠠᠷᠢᠮᠵᠢᠶ᠎ᠠ᠎ᠶᠢᠨ ᠮᠡᠳᠡᠭᠳᠡᠯ》᠂ 《ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠪᠣᠷᠣᠯᠠᠭᠤᠯᠬᠤ ᠠᠵᠤ ᠠᠬᠤᠢᠯᠠᠯ᠎ᠳᠤ ᠥᠭ᠌ᠭᠦᠭ᠌ᠰᠡᠨ ᠨᠢᠭᠡ ᠬᠤᠪᠢ ᠵᠠᠬᠢᠳᠠᠯ》 ᠵᠡᠷᠭᠡ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠲᠠᠷᠬᠠᠭᠠᠵᠤ᠂ ᠱᠢᠨ᠎ᠡ ᠤᠯᠤᠰ᠎ᠤᠨ ᠪᠠᠷᠢᠮᠵᠢᠶ᠎ᠠ᠎ᠶ᠋ᠢᠨ ᠭᠤᠤᠯ ᠭᠤᠤᠯᠳᠠᠯᠭ᠎ᠠ᠎ᠶ᠋ᠢ ᠨᠢᠭᠤᠷᠲᠠᠨ ᠨᠠᠷᠢᠨ ᠲᠠᠢᠯᠪᠤᠷᠢᠯᠠᠵᠤ᠂ ᠪᠣᠷᠣᠯᠠᠭᠤᠯᠭ᠎ᠠ᠎ᠶ᠋ᠢᠨ ᠳᠡᠯᠭᠡᠭᠦᠷ᠎ᠤᠨ ᠳᠤᠷᠠᠢ᠌ᠮᠠ ᠪᠠᠢ᠌ᠷᠢᠯᠠᠯ᠎ᠳᠤ ᠨᠢᠭᠡᠳᠦᠯᠲᠡᠶ ᠵᠣᠬᠢᠶᠠᠵᠤ ᠲᠠᠷᠬᠠᠭᠠᠭ᠍ᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠤᠯᠤᠰ᠎ᠤᠨ ᠰᠢᠨ᠎ᠡ ᠪᠠᠷᠢᠮᠵᠢᠶ᠎ᠠ᠎ᠶ᠋ᠢᠨ ᠤᠬᠠᠭᠤᠯᠭ᠎ᠠ᠎ᠶ᠋ᠢᠨ ᠵᠠᠷᠯᠠᠯ᠂ ᠬᠡᠷᠡᠭ᠌ᠯᠡᠭᠡᠨ᠎ᠤ ᠰᠠᠨᠠᠭᠤᠯᠤᠮᠵᠢ᠎ᠶᠢ ᠨᠠᠭᠠᠬᠤ᠎ᠶ᠋ᠢ ᠶᠡᠬᠡᠪᠡᠷ ᠰᠠᠨᠠᠭᠠᠴᠢᠯᠠᠬᠤ᠎ᠶ᠋ᠢᠨ ᠬᠠᠮᠲᠤ ᠰᠢᠪᠠᠳᠠᠪᠠ᠃ ᠡᠭᠦᠨ᠎ᠤ ᠬᠠᠮᠲᠤ᠌᠂ ᠸᠢᠴᠠᠲ᠎ᠤᠨ ᠨᠡᠢᠲᠡ᠎ᠶ᠋ᠢᠨ ᠳ᠋ᠤᠭᠠᠷ ᠵᠡᠷᠭᠡ ᠰᠦᠯᠵᠢᠶᠡᠨ ᠳᠡᠭᠡᠷᠡᠬᠢ ᠲᠠᠪᠴᠠᠩ᠎ᠢ ᠠᠱᠢᠭ᠍ᠯᠠᠨ᠂ ᠤᠯᠤᠰ᠎ᠤᠨ ᠱᠢᠨ᠎ᠡ ᠪᠠᠷᠢᠮᠵᠢᠶᠠᠲᠤ ᠲᠥᠷᠥ᠎ᠶ᠋ᠢᠨ ᠪᠣᠳᠣᠯᠭ᠎ᠠ᠎ᠶ᠋ᠢᠨ ᠵᠢᠷᠤᠭᠲᠤ ᠲᠠᠢᠯᠤᠮᠵᠢ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠷᠯᠠᠨ ᠨᠡᠢ᠌ᠳᠡᠯᠡᠵᠦ᠂ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ ᠪᠠ ᠰᠡᠷᠡᠮᠵᠢᠯᠡᠭᠦᠯᠬᠦ᠌ ᠦᠷ᠎ᠡ ᠪᠦᠲᠦᠮᠵᠢ᠎ᠶ᠋ᠢ ᠥᠷᠭᠡᠳᠬᠡᠪᠡ᠃
ᠭᠤᠷᠪᠠ᠎ᠳᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭ᠋ᠠᠳᠬᠠᠪᠠ᠃ ᠰᠡᠯᠪᠢᠨ ᠵᠠᠰᠠᠬᠤ ᠳᠡᠯᠭᠡᠭᠦᠷ᠎ᠦᠨ ᠫᠦᠰᠡ᠂ ᠪᠣᠷᠣᠯᠠᠭᠤᠯᠤᠨ ᠬᠤᠳᠠᠯᠳᠤᠬᠤ ᠡᠭᠦᠳᠡᠨ ᠳᠡᠯᠭᠡᠭᠦᠷ᠎ᠢᠶᠠᠷ ᠭᠣᠤᠯᠳᠠᠯᠭ᠎ᠠ ᠪᠣᠯᠭᠠᠨ᠂ ᠬᠤᠳᠠᠯᠳᠤᠬᠤ᠎ᠠᠴᠠ ᠡᠮᠦᠨ᠎ᠡ ᠥᠭᠡᠷᠡᠴᠢᠯᠡᠨ ᠲᠤᠨᠤᠭᠯᠠᠭᠰᠠᠨ᠂ ᠲᠣᠭ᠍ᠲᠠᠭᠠᠯ᠎ᠠᠴᠠ ᠵᠥᠷᠢᠴᠡᠨ ᠳ᠋ᠢᠶᠠᠨ ᡂᠢ ᠨᠡᠮᠡᠵᠦ᠍ ᠤᠭ᠍ᠰᠠᠷᠠᠭ᠍ᠰᠠᠨ ᠪᠤᠶᠤ ᠴᠢᠳᠠᠮᠵᠢ ᠶᠡᠬᠡᠲᠡᠢ ᠴᠠᠬᠢᠯᠭᠠᠨ ᠮᠠᠱᠢᠨ ᠰᠣᠯᠢᠭ᠍ᠰᠠᠨ ᠵᠡᠷᠭᠡ ᠦᠢᠯᠡ ᠠᠵᠢᠯᠯᠠᠭ᠎ᠠ ᠪᠠᠢᠬᠤ ᠡᠰᠡᠬᠦ᠌᠎ᠶ᠋ᠢ ᠪᠠᠢᠴᠠᠭᠠᠬᠤ᠎ᠶ᠋ᠢᠨ ᠬᠠᠮᠲᠤ ᠡᠵᠡᠩᠨᠡᠭ᠌ᠴᠢᠳ᠎ᠤᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠭᠡᠷᠡᠴᠢ ᠪᠠᠷᠢᠮᠲᠠ ᠠᠪᠬᠤ ᠡᠭᠦᠷᠭᠡ᠎ᠶ᠋ᠢ ᠤᠯᠠᠮ ᠨᠢᠭᠡ ᠠᠯᠬᠤᠮ ᠵᠢᠷᠣᠮᠵᠢᠭᠤᠯᠬᠤ᠎ᠶᠢ ᠰᠠᠨᠠᠭᠤᠯᠵᠦ᠂ ᠬᠢᠷᠢ ᠲᠡᠩᠴᠡᠭ᠌ᠰᠡᠨ ᠦᠢᠯᠡᠳᠬᠦᠨ᠎ᠢ ᠪᠤᠷᠤᠯᠠᠭᠤᠯᠵᠦ᠂ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠨ᠎ᠠ᠃ ᠤᠯᠤᠰ᠎ᠤᠨ ᠱᠢᠨ᠎ᠡ ᠪᠠᠷᠢᠮᠵᠢᠶ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭ᠋ᠠᠰᠢ᠂ ᠰᠦᠯᠵᠢᠶᠠᠨ ᠭᠠᠳᠠᠨᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶᠢᠨ ᠪᠣᠷᠣᠯᠠᠭᠤᠯᠬᠤ᠂ ᠰᠡᠯᠪᠢᠨ ᠵᠠᠰᠠᠬᠤ 63 ᠡᠷᠦᠬᠡ ᠡᠭᠦᠳᠡᠨ ᠳᠡᠯᠭᠡᠭᠦᠷ᠎ᠢ ᠪᠠᠢᠴᠠᠭᠠᠵᠤ᠂ ᠬᠠᠤᠯᠢ᠎ᠡᠴᠡ ᠵᠥᠷᠢᠴᠡᠨ ᠨᠡᠢᠯᠡᠭᠦᠯᠵᠦ᠍ ᠲᠤᠨᠤᠭᠯᠠᠬᠤ᠂ ᠥᠭᠡᠷᠡᠴᠢᠯᠡᠨ ᠲᠤᠨᠤᠭᠯᠠᠭᠰᠠᠨ ᠦᠢᠯᠡ ᠠᠵᠢᠯᠯᠠᠭ᠎ᠠ ᠢᠯᠡᠷᠡᠭᠦᠯᠦᠭᠰᠡᠨ ᠦᠭᠡᠢ᠃