ᠣᠷᠴᠢᠮ᠎ᠤᠨ ᠵᠢᠯ᠎ᠳᠤ᠂ ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠤᠯᠤᠰ᠎ᠤᠨ ᠪᠠᠷᠢᠮᠵᠢᠶᠠᠵᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠬᠥᠲᠥᠯᠪᠦᠷᠢ》᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠣᠷᠣᠨ ᠪᠦᠰᠡ᠎ᠶᠢᠨ ᠳᠣᠲᠣᠷᠠᠬᠢ ᠪᠦᠯᠬᠦᠮ ᠨᠡᠢᠲᠡ᠎ᠶ᠋ᠢᠨ ᠪᠠᠷᠢᠮᠵᠢᠶ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢ ᠱᠢᠮᠳᠠᠭᠤᠯᠵᠤ ᠪᠠᠢᠭᠠᠳ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ᠎ᠶ᠋ᠢᠨ ᠬᠠᠤᠯᠢ》᠂ 《ᠪᠦᠯᠬᠦᠮ ᠨᠡᠢᠲᠡ᠎ᠶ᠋ᠢᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠵᠦ᠂ ᠪᠦᠯᠬᠦᠮ ᠨᠡᠢᠲᠡ᠎ᠶ᠋ᠢᠨ ᠪᠠᠷᠢᠮᠵᠢᠶ᠎ᠠ᠎ᠶ᠋ᠢᠨ ᠲᠦᠷᠭᠡᠨ ᠬᠠᠷᠢᠭᠤ ᠳᠤᠰᠬᠠᠯ ᠭᠠᠷᠭ᠋ᠠᠬᠤ ᠴᠢᠳᠠᠪᠤᠷᠢ᠂ ᠠᠮᠢᠳᠤᠯᠢᠭ ᠴᠢᠨᠠᠷᠲᠠᠶ ᠣᠨᠴᠠᠯᠢᠭ᠂ ᠨᠠᠷᠢᠯᠢᠭ ᠤᠨᠤᠪᠴᠢᠲᠠᠢ ᠵᠠᠬ᠎ᠠ ᠳᠡᠯᠭᠡᠭᠦᠷ᠎ᠤᠨ ᠣᠷᠣᠨ ᠲᠣᠭ᠍ᠲᠠᠭᠠᠯᠲᠠ᠂ ᠠᠵᠢᠯ ᠲᠥᠷᠥᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠵᠡᠷᠭᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠱᠢᠨ᠎ᠡ ᠮᠡᠷᠭᠡᠵᠢᠯ᠂ ᠱᠢᠨ᠎ᠡ ᠠᠵᠤ ᠦᠢᠯᠡᠰ᠂ ᠱᠢᠨ᠎ᠡ ᠡᠵᠡᠩᠨᠡᠯᠲᠡ᠎ᠶ᠋ᠢᠨ ᠪᠠᠢᠳᠠᠯ ᠪᠠ ᠱᠢᠨ᠎ᠡ ᠵᠠᠭ᠍ᠪᠤᠷ᠎ᠲᠤ ᠠᠩᠬᠠᠷᠤᠯ᠎ᠢᠶᠠᠨ ᠲᠦᠪᠯᠡᠷᠡᠭᠦᠯᠵᠦ᠂ ᠪᠦᠯᠬᠦᠮ ᠨᠡᠢᠲᠡ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠪᠠ᠃
2025 ᠣᠨ᠎ᠳᠤ᠂ ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠣᠷᠣᠨ ᠪᠦᠰᠡ᠎ᠶᠢᠨ ᠳᠣᠲᠣᠷᠠᠬᠢ ᠪᠦᠯᠬᠦᠮ ᠨᠡᠢ᠌ᠲᠡ᠎ᠶᠢᠨ ᠪᠠᠷᠢᠮᠵᠢᠶ᠎ᠠ᠎ᠶ᠋ᠢᠨ ᠵᠣᠬᠢᠶᠠᠨ ᠪᠠᠢᠭᠤᠯᠤᠯᠲᠠ᠎ᠨᠢ ᠨᠢᠭᠡᠨᠲᠡ ᠪᠥᠬᠦ᠌ ᠤᠯᠤᠰ᠎ᠤᠨ ᠠᠩᠬ᠎ᠠ ᠪᠦᠲᠦᠭᠡᠭᠰᠡᠨ 6 ᠵᠦᠢᠯ᠎ᠤᠨ ᠪᠦᠯᠬᠦᠮ ᠨᠡᠢ᠌ᠲᠡ᠎ᠶᠢᠨ ᠪᠠᠷᠢᠮᠵᠢᠶ᠎ᠠ᠎ᠶ᠋ᠢ ᠨᠡᠢ᠌ᠲᠡᠯᠡᠨ᠂ ᠪᠠᠷᠢᠮᠵᠢᠶ᠎ᠠ᠎ᠶ᠋ᠢᠨ ᠬᠤᠭᠤᠰᠣᠨ᠎ᠢ ᠨᠥᠬᠦᠪᠥᠷᠢᠯᠡᠵᠦ᠍᠂ ᠠᠵᠢᠯ ᠲᠥᠷᠥᠯ᠎ᠤᠨ ᠬᠥᠭ᠌ᠵᠢᠯᠲᠡ᠎ᠶ᠋ᠢ ᠬᠥᠲᠥᠯᠦᠨ ᠳᠠᠭᠠᠭᠤᠯᠵᠤ᠂ ᠪᠥᠬᠦ᠌ ᠤᠯᠤᠰ᠎ᠤᠨ ᠬᠠᠮᠢᠶ᠎ᠠ ᠪᠥᠬᠦᠶ ᠠᠵᠢᠯ ᠲᠥᠷᠥᠯ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠥᠪᠥᠷ ᠮᠣᠩᠭᠤᠯ᠎ᠤᠨ ᠲᠥᠰᠦᠯ》᠎ᠢ ᠬᠠᠩᠭᠠᠪᠠ᠃
ᠬᠥᠬᠡᠬᠤᠲᠠ᠎ᠶ᠋ᠢᠨ ᠢᠦᠢ ᠴᠢᠤᠸᠠᠨ ᠲᠣᠭᠤᠷᠢᠭ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠠᠴᠠ ᠳᠤᠷᠠᠳᠤᠭ᠍ᠰᠠᠨ᠂ ᠥᠪᠥᠷ ᠮᠣᠩᠭᠤᠯ᠎ᠤᠨ ᠨᠠᠷᠠᠲᠤ ᠲᠡᠮᠳᠡᠭ᠌ᠲᠦ᠍᠎ᠶ᠋ᠢ ᠠᠬᠢᠭᠤᠯᠬᠤ ᠨᠡᠢᠭᠡᠮᠯᠢᠭ᠎ᠤᠨ ᠨᠡᠢᠲᠡᠯᠡᠭ᠌ᠰᠡᠨ T/NMB 16—2025《ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠱᠢᠭᠢᠳᠭᠡᠭ᠌ᠰᠡᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠵᠢᠷᠤᠮᠵᠢᠯ》 ᠨᠢ ᠪᠥᠬᠦ᠌ ᠤᠯᠤᠰ᠎ᠤᠨ ᠠᠩᠬᠠᠳᠠᠭ᠍ᠴᠢ ᠬᠠᠷᠢᠯᠴᠠᠨ ᠱᠢᠭᠢᠳᠭᠡᠭ᠌ᠰᠡᠨ ᠮᠠᠶᠢᠭ᠎ᠤᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠳᠤ ᠬᠦᠷᠴᠦ᠍᠂ ᠦᠨᠳᠦᠰᠦᠨ ᠱᠠᠲᠤᠨ᠎ᠤ ᠬᠠᠷᠢᠯᠴᠠᠨ ᠰᠢᠭᠢᠳᠭᠡᠭᠰᠡᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠲᠦᠷᠢᠮ᠎ᠤᠨ ᠲᠦᠰᠢᠭ ᠦᠭᠡᠢ ᠪᠡᠷᠬᠡ ᠠᠰᠠᠭᠤᠳᠠᠯ᠎ᠢ ᠱᠢᠢᠳᠪᠦᠷᠢᠯᠡᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ᠍ ᠪᠣᠯᠬᠤ 《ᠥᠪᠥᠷ ᠮᠣᠩᠭᠤᠯ᠎ᠤᠨ ᠲᠥᠰᠦᠯ》 ᠬᠠᠩᠭᠠᠪᠠ᠃ ᠥᠪᠥᠷ ᠮᠣᠩᠭᠤᠯ᠎ᠤᠨ ᠨᠡᠷᠡᠲᠦ ᠲᠡᠮᠳᠡᠭ᠌ᠲᠦ᠍᠎ᠶ᠋ᠢ ᠠᠬᠢᠭᠤᠯᠬᠤ ᠨᠡᠢᠭᠡᠮᠯᠢᠭ᠎ᠤᠨ ᠨᠡᠢᠲᠡᠯᠡᠭ᠌ᠰᠡᠨ ᠨᠦᠭᠦᠭᠡ ᠨᠢᠭᠡ ᠵᠦᠢ᠍ᠯ᠎ᠤᠨ T/NMB 17—2025 ᠤᠨ 《ᠭᠤᠤᠯᠳᠠᠯᠭ᠎ᠠ᠎ᠲᠠᠢ ᠪᠤᠢᠵᠢᠭᠤᠯᠬᠤ ᠪᠠ ᠬᠥᠭ᠌ᠵᠢᠭᠦᠯᠬᠦ᠌ ᠬᠠᠭᠤᠴᠢᠨ ᠨᠠᠷᠠᠲᠤ ᠲᠡᠮᠳᠡᠭ᠌ᠲᠦ᠍᠎ᠶ᠋ᠢᠨ ᠦᠨᠡᠯᠡᠯᠲᠡ᠎ᠶ᠋ᠢᠨ ᠵᠢᠷᠤᠮᠵᠢᠯ》 ᠨᠢ ᠤᠯᠤᠰ᠎ᠤᠨ ᠳᠣᠲᠣᠭᠠᠳᠤ᠎ᠶ᠋ᠢᠨ ᠡᠭᠦᠰᠭᠡᠨ ᠪᠦᠲᠦᠭᠡᠭᠰᠡᠨ ᠬᠠᠭᠤᠴᠢᠨ ᠨᠠᠷᠠᠲᠤ ᠲᠡᠮᠳᠡᠭ᠌ᠲᠦ᠍᠎ᠶ᠋ᠢ ᠪᠤᠢᠵᠢᠭᠤᠯᠬᠤ ᠪᠠᠷᠢᠮᠵᠢᠶ᠎ᠠ ᠪᠣᠯᠤᠭ᠍ᠰᠠᠨ᠎ᠤ ᠬᠤᠪᠢ᠎ᠳᠤ᠂ ᠮᠠᠨ᠎ᠤ ᠤᠯᠤᠰ᠎ᠤᠨ ᠬᠠᠭᠤᠴᠢᠨ ᠨᠠᠷᠠᠲᠤ ᠲᠡᠮᠳᠡᠭ᠌ᠲᠦ᠍᠎ᠶ᠋ᠢᠨ ᠱᠢᠰᠲ᠋ᠧᠮᠲᠦ ᠴᠢᠨᠠᠷᠲᠠᠶ ᠬᠥᠮᠦᠵᠢᠭᠦᠯᠬᠦ᠂ ᠵᠢᠷᠤᠮᠵᠢᠭᠤᠯᠤᠨ ᠬᠥᠭ᠌ᠵᠢᠭᠦᠯᠬᠦ᠌ ᠬᠦᠷᠢᠶ᠎ᠡ ᠴᠠᠷᠠᠭ᠎ᠠ ᠳᠠᠬᠢ ᠬᠤᠭᠤᠰᠣᠨ᠎ᠢ ᠨᠥᠬᠦᠪᠥᠷᠢᠯᠡᠵᠦ᠍᠂ ᠬᠠᠭᠤᠴᠢᠨ ᠨᠠᠷᠠᠲᠤ ᠲᠡᠮᠳᠡᠭ᠌ᠲᠦ᠍᠎ᠶ᠋ᠢ ᠤᠯᠠᠮᠵᠢᠯᠠᠨ ᠱᠢᠨ᠎ᠡ᠎ᠶ᠋ᠢ ᠡᠭᠦᠳᠬᠦ᠌᠎ᠳᠤ ᠱᠢᠨᠵᠢᠯᠡᠬᠦ᠌ ᠤᠬᠠᠭᠠᠨᠴᠢ ᠵᠢᠯᠣᠭᠤᠳᠣᠯᠭ᠎ᠠ ᠬᠠᠩᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠪᠥᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠲᠦᠷᠭᠡᠨ ᠪᠠᠢ᠌ᠭᠤᠯᠤᠯᠲᠠ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
ᠥᠪᠥᠷ ᠮᠣᠩᠭᠤᠯ᠎ᠤᠨ ᠭᠡᠷᠡᠴᠢᠯᠡᠯ ᠪᠠ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠨᠡᠢᠭᠡᠮᠯᠢᠭ᠎ᠡᠴᠡ ᠨᠡᠢᠲᠡᠯᠡᠭ᠌ᠰᠡᠨ T/NMRJ 028—2025 《ᠤᠰᠤᠨ᠎ᠤ ᠴᠢᠨᠠᠷ ᠠᠭᠤᠷᠱᠢᠮᠠᠯ ᠹᠧᠨᠣᠯ᠎ᠤᠨ ᠬᠡᠮᠵᠢᠨ ᠲᠣᠭᠲᠠᠭ᠋ᠠᠯᠲᠠ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ - ᠭᠡᠷᠡᠯ ᠵᠠᠳᠠᠯᠬᠤ ᠭᠡᠭᠡᠨ᠎ᠦ ᠠᠷᠭ᠎ᠠ》᠂ T/NMRJ 031—2025 《ᠤᠰᠤᠨ᠎ᠤ ᠴᠢᠨᠠᠷ ᠬᠦᠬᠦᠷᠲᠦ ᠪᠣᠳᠠᠰ᠎ᠤᠨ ᠬᠡᠮᠵᠢᠨ ᠲᠣᠭᠲᠠᠭ᠋ᠠᠯᠲᠠ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ - ᠭᠡᠷᠡᠯ ᠵᠠᠳᠠᠯᠬᠤ ᠭᠡᠭᠡᠨ᠎ᠦ ᠠᠷᠭ᠎ᠠ》᠂ T/NMRJ 032—2025《ᠤᠰᠤᠨ᠎ᠤ ᠴᠢᠨᠠᠷ ᠼᠢᠶᠠᠨᠲᠤ ᠪᠣᠳᠠᠰ᠎ᠤᠨ ᠬᠡᠮᠵᠢᠨ ᠲᠣᠭᠲᠠᠭ᠋ᠠᠯᠲᠠ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ - ᠭᠡᠷᠡᠯ ᠵᠠᠳᠠᠯᠬᠤ ᠭᠡᠭᠡᠨ᠎ᠦ ᠠᠷᠭ᠎ᠠ》 ᠪᠣᠯᠤᠨ T/NMRJ 033—2025 《ᠤᠰᠤᠨ᠎ᠤ ᠴᠢᠨᠠᠷ ᠪᠢᠯᠢᠭ᠎ᠤᠨ ᠢᠶᠤᠨᠲᠤ ᠭᠠᠳᠠᠷᠭᠤ᠎ᠶ᠋ᠢᠨ ᠢᠳᠡᠪᠬᠢᠵᠢᠭᠦᠯᠦᠭ᠌ᠴᠢ ᠪᠣᠳᠠᠰ᠎ᠤᠨ ᠬᠡᠮᠵᠢᠨ ᠲᠣᠭᠲᠠᠭ᠋ᠠᠯᠲᠠ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ- ᠭᠡᠷᠡᠯ ᠵᠠᠳᠠᠯᠬᠤ ᠭᠡᠭᠡᠨ᠎ᠦ ᠠᠷᠭ᠎ᠠ》 ᠵᠡᠷᠭᠡ 4 ᠵᠦᠢᠯ᠎ᠤᠨ ᠪᠦᠯᠬᠦᠮ ᠨᠡᠢᠲᠡ᠎ᠶ᠋ᠢᠨ ᠪᠠᠷᠢᠮᠵᠢᠶ᠎ᠠ᠎ᠳᠤ ᠤᠰᠤᠨ᠎ᠤ ᠴᠢᠨᠠᠷ ᠪᠦᠬᠦᠢ ᠠᠭᠤᠷᠱᠢᠮᠠᠯ ᠹᠧᠨᠣᠯᠢ ᠬᠡᠮᠵᠢᠨ ᠲᠣᠭ᠍ᠲᠠᠭᠠᠬᠤ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ᠎ᠶᠢᠨ ᠠᠷᠭ᠎ᠠ᠂ ᠬᠦᠬᠦᠷᠲᠦ ᠪᠣᠳᠠᠰ᠎ᠤᠨ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ᠎ᠶᠢᠨ ᠠᠷᠭ᠎ᠠ᠂ ᠼᠢᠶᠠᠨᠲᠤ ᠪᠣᠳᠠᠰ᠎ᠤᠨ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ᠎ᠶᠢᠨ ᠠᠷᠭ᠎ᠠ ᠪᠣᠯᠤᠨ ᠪᠢᠯᠢᠭ ᠢᠶᠤᠨᠲᠤ ᠭᠠᠳᠠᠷᠭᠤ᠎ᠶ᠋ᠢᠨ ᠢᠳᠡᠪᠬᠢᠵᠢᠭᠦᠯᠦᠭ᠌ᠴᠢ ᠪᠣᠳᠠᠰ᠎ᠤᠨ ᠦᠷᠭᠦᠯᠵᠢᠯᠡᠭ᠌ᠰᠡ ᠬᠦᠳᠡᠯᠣᠩᠭᠦᠢ ᠲᠠᠷᠢᠯᠭ᠎ᠠ᠎ᠶᠢᠨ ᠵᠠᠳᠠᠯᠤᠯᠲᠠ᠎ᠶᠢᠨ ᠠᠷᠭ᠎ᠠ ᠵᠡᠷᠭᠡ ᠬᠦᠷᠢᠶ᠎ᠡ ᠴᠠᠷᠠᠭ᠎ᠠ᠎ᠶᠢᠨ ᠪᠠᠷᠢᠮᠵᠢᠶ᠎ᠠ᠎ᠶᠢᠨ ᠬᠤᠭᠤᠰᠣᠨ᠎ᠢ ᠨᠥᠬᠦᠪᠥᠷᠢᠯᠡᠪᠡ᠃