ᠣᠷᠳᠣᠰ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ ᠵᠢᠴᠢ ᠭᠤᠤᠯᠴᠢ ᠥᠷᠢᠰᠥᠯᠳᠦᠭᠡᠨ᠎ᠤ ᠲᠥᠷᠥ ᠵᠢᠨ ᠪᠣᠳᠣᠯᠭ᠎ᠠ ᠵᠢᠨ 《ᠠᠵᠤ ᠠᠬᠤᠶ᠋ᠢᠯᠠᠯ᠎ᠳᠤ ᠣᠷᠣᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
2025-06-24

     ᠣᠶ᠋ᠢᠷ᠎ᠠ᠎ᠳᠤ᠂ ᠣᠷᠳᠣᠰ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠢᠶ᠎ᠠ ᠪᠠᠭᠰᠢ ᠲᠣᠭᠤᠷᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ 《ᠡᠷᠬᠡ ᠲᠡᠭᠰᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ ᠲᠦᠷᠢᠮ》 ᠪᠠ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ》᠂ ᠵᠢᠨ 《ᠠᠵᠤ ᠠᠬᠤᠶ᠋ᠢᠯᠠᠯ᠎ᠳᠤ ᠣᠷᠣᠬᠤ》 ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

     ᠲᠣᠰ ᠤᠳᠠᠭ᠋ᠠᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠨᠢ ᠲᠤᠬᠠᠶ ᠵᠢᠨ ᠲᠠᠯᠠᠪᠤᠷ᠎ᠲᠤ ᠤᠬᠠᠭᠤᠯᠤᠨ ᠲᠠᠶ᠋ᠢᠯᠪᠤᠷᠢᠯᠠᠬᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠡᠵᠡᠩᠨᠡᠭᠴᠢ᠎ᠳᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠭᠴᠠᠭ᠋ᠠᠷ ᠡᠵᠡᠮᠰᠢᠬᠦ ᠵᠢ ᠡᠵᠡᠮᠰᠢᠯ᠎ᠢ ᠡᠰᠡᠷᠭᠦᠴᠡᠬᠦ ᠬᠠᠤᠯᠢ》᠂  《ᠡᠷᠬᠡ ᠲᠡᠭᠰᠢ ᠥᠷᠢᠰᠥᠯᠳᠦᠭᠡᠨ᠎ᠢ ᠎ᠤ ᠬᠢᠨᠠᠨ ᠪᠠᠶ᠋ᠢᠴᠠᠭ᠋ᠠᠬᠤ  ᠪᠠᠢ᠌ᠴᠠᠭ᠋ᠠᠯᠲᠠ ᠵᠢᠨ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠤᠬᠠᠭᠳᠠᠬᠤᠨ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠦᠢ᠍ᠯᠡ ᠠᠵᠢᠯᠯᠠᠭ᠎ᠠ ᠵᠢᠨ ᠲᠥᠷᠥᠯ ᠬᠡᠯᠪᠡᠷᠢ ᠵᠢ ᠪᠥᠬᠦ ᠲᠠᠯ᠎ᠠ᠎ᠪᠠᠷ ᠲᠣᠳᠣᠷᠬᠠᠶ᠋ᠢᠯᠠᠨ ᠥᠭᠦᠯᠡᠭᠰᠡᠨ ᠪᠥᠭᠡᠳ ᠲᠣᠭ᠋ᠠᠨ᠎ᠤ ᠭᠠᠭᠴᠠᠭ᠋ᠠᠷ ᠡᠵᠡᠮᠰᠢᠯ᠎ᠢ ᠡᠰᠡᠷᠭᠦᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ᠎ᠨᠦᠭᠦᠳ᠎ᠢ ᠲᠠᠶ᠋ᠢᠯᠪᠤᠷᠢᠯᠠᠬᠤ᠎ᠪᠠᠷ ᠳᠠᠮᠵᠢᠭᠤᠯᠤᠨ᠂ ᠬᠡᠰᠡᠭ ᠠᠵᠤ ᠠᠬᠤᠶ᠋ᠢᠯᠠᠯ᠎ᠤᠨ ᠠᠵᠢᠯᠯᠠᠭ᠋ᠠᠨ᠎ᠤ ᠵᠠᠭᠪᠤᠷ᠎ᠲᠤ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠳᠠᠯᠵᠤ᠂ ᠠᠵᠤ ᠠᠬᠤᠶ᠋ᠢᠯᠠᠯ᠎ᠢ ᠬᠠᠪᠰᠤᠷᠤᠨ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠠᠶᠤᠯ ᠲᠦᠭᠰᠢᠭᠦᠷᠢ ᠵᠢᠨ ᠴᠡᠭ᠎ᠢ ᠡᠷᠢᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠲᠣᠭᠲᠠᠭ᠋ᠠᠯ᠎ᠳᠤ ᠨᠡᠶ᠋ᠢᠴᠡᠬᠦ ᠲᠣᠭᠲᠠᠴᠠ ᠵᠢ ᠵᠢᠯᠣᠭᠤᠳᠤᠨ ᠪᠠᠶ᠋ᠢᠭᠤᠯᠵᠤ᠂ ᠲᠣᠭᠲᠠᠭ᠋ᠠᠯ᠎ᠳᠤ ᠨᠡᠢ᠌ᠴᠡᠬᠦ ᠡᠵᠡᠩᠨᠡᠯᠲᠡ ᠪᠣᠯᠤᠨ ᠠᠶᠤᠯ᠎ᠢ ᠰᠡᠷᠭᠡᠢ᠌ᠯᠡᠬᠦ ᠮᠡᠳᠡᠷᠡᠮᠵᠢ ᠵᠢ ᠪᠣᠢ ᠪᠣᠯᠭ᠋ᠠᠵᠤ᠂ ᠡᠷᠬᠡ ᠲᠡᠭᠰᠢ ᠥᠷᠢᠰᠥᠯᠳᠦᠭᠡᠨ᠎ᠤ ᠲᠣᠭᠲᠠᠭ᠋ᠠᠯ᠎ᠳᠤ ᠨᠡᠶ᠋ᠢᠴᠡᠬᠦ ᠴᠢᠳᠠᠪᠤᠷᠢ ᠵᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ᠂ ᠬᠠᠤᠯᠢ ᠵᠢ ᠰᠠᠬᠢᠵᠤ ᠥᠪᠡᠷ᠎ᠢ᠎ᠪᠠᠨ ᠱᠠᠭ᠋ᠠᠷᠳᠠᠬᠤ᠂ ᠡᠷᠬᠡ ᠲᠡᠭᠰᠢ᠎ᠪᠠᠷ ᠥᠷᠢᠰᠥᠯᠳᠦᠬᠦ ᠠᠵᠤ ᠠᠬᠤᠶ᠋ᠢᠯᠠᠯ᠎ᠤᠨ ᠰᠣᠶᠣᠯ᠎ᠢ ᠪᠣᠶ ᠪᠣᠯᠭ᠋ᠠᠪᠠ᠃

ᠢᠷᠡᠯᠲᠡ᠄ ᠣᠷᠳᠣᠰ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ