ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠪᠠᠩᠬᠢ ᠪᠠ ᠠᠵᠤ ᠠᠬᠤᠶ᠋ᠢᠯᠠᠯ᠎ᠢ ᠵᠣᠯᠭ᠋ᠠᠭᠤᠯᠵᠤ ᠬᠦᠴᠦᠨ ᠨᠡᠮᠡᠷᠢᠯᠡᠬᠦ ᠠᠵᠢᠯᠯᠠᠭ᠎ᠠ ᠥᠷᠨᠢᠭᠦᠯᠪᠡ
2025-06-24

     6 ᠳ᠋ᠤᠭ᠋ᠠᠷ ᠰᠠᠷ᠎ᠠ ᠵᠢᠨ 18᠎ᠤ ᠡᠳᠦᠷ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ ᠪᠠᠩᠬᠢ ᠠᠵᠤ ᠠᠬᠤᠶ᠋ᠢᠯᠠᠯ᠎ᠢ ᠵᠣᠯᠭ᠋ᠠᠭᠤᠯᠬᠤ ᠵᠢᠴᠢ ᠪᠠᠯᠠ ᠲᠣᠬᠢᠷᠠᠭᠤᠯᠭ᠎ᠠ ᠵᠢᠨ  ᠬᠦᠴᠦᠨ ᠨᠡᠮᠡᠷᠢᠯᠡᠬᠦ ᠪᠣᠯᠪᠠᠰᠤᠷᠠᠯ᠎ᠤᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠵᠢᠭᠡᠯᠡᠯᠭᠡ ᠠᠪᠬᠤ ᠬᠦᠰᠡᠯ᠎ᠲᠠᠢ 20 ᠭᠠᠷᠤᠢ ᠠᠵᠤ ᠠᠬᠤᠶ᠋ᠢᠯᠠᠯ᠎ᠤᠨ ᠲᠥᠯᠥᠭᠡᠯᠡᠭᠴᠢ ᠲᠤᠯᠤᠭ᠋ᠠᠨ ᠶᠡᠭᠡ ᠪᠠᠩᠬᠢ᠎ᠲᠠᠢ  ᠬᠠᠮᠲᠤ ᠶᠠᠷᠢᠯᠴᠠᠴᠤ ᠬᠠᠮᠲᠤᠷᠠᠨ ᠠᠵᠢᠯᠯᠠᠵᠤ᠂  ᠬᠠᠮᠲᠤ᠎ᠪᠠᠷ  ᠬᠦᠭᠵᠢᠯᠲᠡ ᠵᠢ  ᠰᠦᠪᠡᠭᠴᠢᠯᠡᠪᠡ᠃

      ᠪᠣᠯᠪᠠᠰᠤᠷᠠᠯ᠎ᠤᠨ ᠬᠤᠷᠠᠯ ᠳᠡᠭᠡᠷ᠎ᠡ᠂ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠠᠵᠢᠯᠲᠠᠳ ᠥᠪᠡᠷᠲᠡᠭᠡᠨ ᠵᠠᠰᠠᠬᠤ ᠣᠷᠣᠨ᠎ᠤ ᠪᠠᠯᠠ ᠲᠣᠬᠢᠷᠠᠭᠤᠯᠭ᠎ᠠ ᠵᠢᠨ ᠢᠲᠡᠭᠡᠮᠵᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠳᠠᠩᠰᠠᠯᠠᠭᠤᠯᠬᠤ ᠶᠠᠪᠤᠴᠠ᠂ ᠵᠢᠭᠡᠯᠡᠯᠭᠡ ᠭᠤᠶᠤᠴᠢᠯᠠᠬᠤ ᠠᠯᠬᠤᠮ ᠳᠠᠷᠠᠭ᠎ᠠ ᠵᠡᠷᠭᠡ ᠠᠭᠤᠯᠭ᠎ᠠ ᠵᠢᠨ ᠲᠣᠭᠤᠷᠢᠨ᠎ᠳᠤ ᠨᠠᠷᠢᠨ ᠲᠠᠶ᠋ᠢᠯᠤᠮᠵᠢ ᠬᠢᠬᠦ ᠵᠢᠨ ᠬᠠᠮᠲᠤ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ᠎ᠳᠤ ᠭᠦᠨᠵᠡᠭᠡᠶ ᠲᠠᠶ᠋ᠢᠯᠤᠮᠵᠢ ᠬᠢᠵᠦ᠂ ᠠᠵᠤ ᠠᠬᠤᠶ᠋ᠢᠯᠠᠯ᠎ᠢ ᠬᠠᠪᠰᠤᠷᠤᠨ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠪᠥᠬᠦ ᠲᠠᠯ᠎ᠠ᠎ᠪᠠᠷ ᠣᠶ᠋ᠢᠯᠠᠭ᠋ᠠᠭᠤᠯᠵᠤ᠂ ᠲᠠᠪᠴᠠᠩ᠎ᠤᠨ ᠠᠵᠢᠯᠯᠠᠭ᠋ᠠᠨ᠎ᠤ ᠵᠢᠷᠤᠮᠵᠢᠯ᠎ᠢ ᠲᠣᠳᠣᠷᠬᠠᠶ ᠪᠣᠯᠭ᠋ᠠᠨ᠂ ᠠᠵᠤ ᠠᠬᠤᠶ᠋ᠢᠯᠠᠯ᠎ᠤᠨ ᠵᠢᠩᠬᠢᠨᠢ ᠠᠷᠭ᠎ᠠ ᠵᠠᠮ ᠵᠶ᠋ᠠᠷ ᠳᠠᠮᠵᠢᠭᠤᠯᠤᠨ ᠪᠠᠯᠠ ᠲᠣᠬᠢᠷᠠᠭᠤᠯᠭ᠎ᠠ ᠵᠢᠨ ᠳᠡᠮᠵᠢᠯᠭᠡ ᠤᠯᠬᠤ᠎ᠳᠤ ᠲᠣᠳᠣᠷᠬᠠᠶ ᠵᠢᠯᠣᠭᠤᠳᠣᠯᠭ᠎ᠠ ᠬᠠᠩᠭ᠋ᠠᠪᠠ᠃

     ᠳᠠᠷᠠᠭ᠎ᠠ᠎ᠨᠢ᠂ ᠬᠡᠰᠡᠭ ᠪᠠᠩᠬᠢ ᠵᠢᠨ ᠲᠥᠯᠥᠭᠡᠯᠡᠭᠴᠢ ᠲᠠᠰ ᠳᠠᠷᠠᠭ᠋ᠠᠯᠠᠨ ᠲᠠᠶ᠋ᠢᠰᠠᠨ᠎ᠳᠤ ᠭᠠᠷᠴᠤ᠂ ᠲᠣᠰ ᠲᠣᠰ ᠎ᠤᠨ  ᠤᠨᠴᠠᠯᠢᠬᠳᠤ  ᠮᠥᠩᠭᠦᠨ  ᠭᠦᠢ᠍ᠯᠭᠡᠭᠡᠨ ᠎ᠤ  ᠦᠢ᠍ᠯᠡᠳᠬᠦᠨ ᠪᠠ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ᠎ᠪᠠᠨ  ᠨᠠᠷᠢᠨ ᠲᠠᠨᠢᠯᠴᠠᠭᠤᠯᠪᠠ᠃ ᠳᠣᠣᠷ᠎ᠠ ᠬᠦᠦ  ᠮᠦᠩᠬᠦ᠎ᠲᠠᠢ ᠵᠢᠭᠡᠯᠡᠯᠭᠡ ᠵᠢᠨ ᠦᠢ᠍ᠯᠡᠳᠬᠦᠨ᠎ᠠᠴᠠ ᠵᠣᠭᠤᠰ ᠪᠤᠴᠠᠭ᠋ᠠᠬᠤ ᠠᠮᠢᠳᠤᠯᠢᠭ ᠠᠷᠭ᠎ᠠ ᠬᠡᠯᠪᠡᠷᠢ ᠬᠦᠷᠲᠡᠯ᠎ᠡ᠂ ᠠᠳᠠᠯᠢ ᠪᠤᠰᠤ ᠠᠵᠢᠯ ᠲᠦᠷᠦᠯ᠎ᠤᠨ ᠲᠤᠰᠬᠠᠢ ᠮᠥᠩᠭᠦᠨ ᠭᠦᠢ᠍ᠯᠭᠡᠭᠡᠨ᠎ᠤ ᠲᠥᠰᠦᠯ᠎ᠳᠤ ᠴᠢᠭᠯᠡᠭᠦᠯᠦᠨ ᠳᠥᠭᠦᠮ ᠳᠥᠲᠡ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠠᠷᠭ᠎ᠠ ᠵᠠᠮ ᠬᠦᠷᠲᠡᠯ᠎ᠡ᠂ ᠡᠯ᠎ᠡ ᠪᠠᠩᠬᠢ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠦᠨᠡᠨᠴᠢ ᠰᠠᠨᠠᠭ᠎ᠠ ᠪᠣᠯᠤᠨ ᠪᠣᠳᠠᠲᠤ ᠬᠦᠴᠦᠨ᠎ᠢ ᠭᠦᠢ᠍ᠴᠡᠳ ᠢᠯᠡᠷᠡᠭᠦᠯᠵᠦ᠂ ᠠᠵᠤ ᠠᠬᠤᠶ᠋ᠢᠯᠠᠯ᠎ᠳᠤ ᠤᠯᠠᠨ ᠶᠠᠩᠵᠤ ᠵᠢᠨ ᠪᠡᠯᠡ ᠲᠣᠬᠢᠷᠠᠭᠤᠯᠭ᠎ᠠ ᠵᠢᠨ ᠰᠣᠩᠭᠤᠯᠲᠠ ᠬᠠᠩᠭ᠋ᠠᠵᠠᠢ᠃

     ᠬᠠᠷᠢᠯᠴᠠᠨ  ᠬᠦᠳᠡᠯᠦᠯᠴᠡᠵᠦ᠂ ᠰᠠᠨᠠᠯ ᠵᠶ᠋ᠠᠨ ᠰᠣᠯᠢᠯᠴᠠᠬᠤ ᠭᠤᠭᠴᠤᠭ᠎ᠠ᠎ᠳᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠯ᠎ᠠ᠃ ᠠᠵᠤ ᠠᠬᠤᠶ᠋ᠢᠯᠠᠯ᠎ᠤᠨ ᠲᠥᠯᠥᠭᠡᠯᠡᠭᠴᠢᠳ  ᠲᠣᠰ ᠪᠡᠶ᠎ᠡ ᠵᠢᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠂ ᠵᠢᠭᠡᠯᠡᠯᠭᠡ ᠵᠢᠨ ᠨᠥᠬᠦᠴᠡᠯ᠂ ᠬᠢᠨᠠᠨ ᠵᠥᠪᠰᠢᠶᠡᠷᠡᠬᠦ ᠶᠠᠪᠤᠴᠠ ᠵᠡᠷᠭᠡ ᠠᠰᠠᠭᠤᠳᠠᠯ᠎ᠤᠨ ᠲᠤᠬᠠᠶ ᠪᠠᠩᠬᠢ ᠵᠢᠨ ᠲᠥᠯᠥᠭᠡᠯᠡᠭᠴᠢᠳ᠎ᠲᠠᠢ ᠭᠦᠨᠵᠡᠭᠡᠶ  ᠰᠣᠯᠢᠯᠴᠠᠭ᠎ᠠ ᠦᠷᠨᠢᠭᠦᠯᠪᠡ ᠃ ᠪᠠᠩᠬᠢ ᠵᠢᠨ ᠲᠥᠯᠥᠭᠡᠯᠡᠭᠴᠢᠳ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠲᠤᠰᠬᠠᠢ ᠮᠡᠷᠭᠡᠵᠢᠯ᠎ᠤᠨ ᠲᠠᠯ᠎ᠠ᠎ᠠᠴᠠ ᠬᠠᠨᠳᠤᠯᠭ᠋ᠠᠲᠤ ᠴᠢᠨᠠᠷᠲᠠᠢ ᠰᠠᠨᠠᠭᠤᠯᠭ᠎ᠠ ᠪᠠ ᠰᠢᠢ᠍ᠳᠪᠦᠷᠢᠯᠡᠬᠦ ᠲᠥᠰᠥᠯ ᠭᠠᠷᠭ᠋ᠠᠪᠠ᠃  ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠠᠵᠢᠯᠲᠠᠳ ᠴᠤ᠌ ᠢᠳᠡᠪᠬᠢᠲᠡᠢ ᠵᠣᠬᠢᠴᠠᠭᠤᠯᠵᠤ᠂ ᠪᠠᠩᠬᠢ  ᠪᠠ  ᠠᠵᠤ ᠠᠬᠤᠶ᠋ᠢᠯᠠᠯ ᠬᠤᠶᠠᠷ ᠲᠠᠯ᠎ᠠ ᠵᠢᠨ ᠪᠦᠲᠦᠮᠵᠢᠲᠡᠢ ᠣᠯᠣᠯᠴᠠᠬᠤ ᠵᠢ ᠠᠬᠢᠭᠤᠯᠵᠤ᠂ ᠲᠤᠬᠠᠢ ᠵᠢᠨ ᠲᠠᠯᠠᠪᠤᠷ᠎ᠲᠤ ᠠᠵᠤ ᠠᠬᠤᠶ᠋ᠢᠯᠠᠯ᠎ᠤᠨ ᠮᠠᠳᠠᠭ᠎ᠲᠠᠢ ᠠᠰᠠᠭᠤᠳᠠᠯ ᠪᠣᠯᠣᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃

     ᠲᠣᠰ ᠤᠳᠠᠭ᠋ᠠᠨ᠎ᠤ ᠪᠠᠩᠬᠢ ᠪᠠ ᠠᠵᠤ ᠠᠬᠤᠶ᠋ᠢᠯᠠᠯ᠎ᠤᠨ ᠵᠣᠯᠭ᠋ᠠᠯᠴᠠᠭ᠎ᠠ ᠵᠢᠴᠢ ᠪᠠᠯᠠ ᠲᠣᠬᠢᠷᠠᠭᠤᠯᠭ᠎ᠠ ᠵᠢᠨ  ᠬᠦᠴᠦᠨ ᠨᠡᠮᠡᠷᠢᠯᠡᠬᠦ ᠪᠣᠯᠪᠠᠰᠤᠷᠠᠯ᠎ᠤᠨ ᠬᠤᠷᠠᠯ ᠪᠣᠯ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠮᠠᠭ᠋ᠠᠯᠠᠬᠤ ᠪᠣᠳᠠᠲᠠᠶ ᠦᠢ᠍ᠯᠡᠳᠦᠯᠭᠡ ᠮᠥᠨ᠃ ᠵᠠᠯᠭ᠋ᠠᠭ᠋ᠠᠳ ᠬᠥᠬᠡᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠎ᠨᠢ ᠪᠠᠩᠬᠢ ᠪᠠ ᠠᠵᠤ ᠠᠬᠤᠶ᠋ᠢᠯᠠᠯ᠎ᠤᠨ  ᠬᠠᠮᠲᠤᠷᠠᠯᠴᠠᠭ᠋ᠠᠨ᠎ᠤ ᠪᠠᠶ᠋ᠢᠳᠠᠯ᠎ᠢ ᠦᠷᠭᠦᠯᠵᠢᠯᠡᠨ ᠳᠠᠭ᠋ᠠᠵᠤ᠂ ᠨᠠᠩ ᠣᠯᠠᠨ ᠰᠣᠯᠢᠯᠴᠠᠭ᠋ᠠᠨ᠎ᠤ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ ᠨᠠᠩ ᠴᠢᠨᠠᠷ ᠰᠠᠶ᠋ᠢᠲᠠᠶ᠂ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠵᠤ᠂ ᠪᠠᠩᠬᠢ ᠪᠠ ᠠᠵᠤ ᠠᠬᠤᠶ᠋ᠢᠯᠠᠯ᠎ᠤᠨ ᠭᠠᠷ ᠬᠤᠯᠪᠣᠨ ᠬᠠᠮᠲᠤ᠎ᠪᠠᠷ ᠤᠷᠤᠭᠰᠢᠯᠠᠬᠤ᠎ᠳᠤ ᠬᠦᠴᠦᠨ ᠨᠡᠮᠡᠷᠢᠯᠡᠵᠦ᠂ ᠬᠥᠬᠡᠬᠤᠲᠠ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠃

ᠢᠷᠡᠯᠲᠡ᠄ ᠬᠥᠬᠡᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ