ᠤᠯᠠᠭ᠋ᠠᠨᠴᠠᠪ ᠬᠤᠲᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
2025-06-26

     6 ᠳ᠋ᠤᠭ᠋ᠠᠷ ᠰᠠᠷ᠎ᠠ ᠵᠢᠨ 18᠎ᠤ ᠡᠳᠦᠷ᠂ ᠤᠯᠠᠭ᠋ᠠᠨᠴᠠᠪ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠲᠠᠢ ᠬᠠᠮᠲᠤᠷᠠᠨ᠂ ᠬᠤᠲᠠ᠂ ᠰᠢᠶᠠᠨ ᠬᠤᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠴᠤᠩᠬᠤᠪᠴᠢ ᠵᠢᠨ ᠠᠵᠢᠯᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ 《  ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠪᠣᠯᠪᠠᠰᠤᠷᠠᠯ᠎ᠢ ᠸᠢᠳᠢᠣ᠋ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠵᠤ᠂ ᠬᠤᠳᠠ ᠰᠢᠶᠠᠨ ᠬᠤᠶᠠᠷ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠤᠨ 120 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃

     ᠪᠣᠯᠪᠠᠰᠤᠷᠠᠯ᠎ᠤᠨ ᠬᠤᠷᠠᠯ ᠳᠡᠭᠡᠷ᠎ᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠢᠳᠡᠭᠡᠨ ᠤᠮᠳᠠᠭ᠋ᠠᠨ᠎ᠤ ᠰᠠᠯᠠᠭ᠎ᠠ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ᠂ ᠪᠦᠷᠢᠳᠬᠡᠨ ᠳᠠᠩᠰᠠᠯᠠᠬᠤ ᠰᠠᠯᠠᠭ᠎ᠠ ᠵᠡᠷᠭᠡ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠨᠢ᠂ ᠢᠳᠡᠭᠡᠨ ᠤᠮᠳᠠᠭ᠋ᠠᠨ᠎ᠤ ᠳᠡᠯᠭᠡᠭᠦᠷ ᠡᠷᠭᠢᠯᠡᠬᠦ᠂ ᠠᠵᠤ ᠠᠬᠤᠶ᠋ᠢᠯᠠᠯ᠎ᠤᠨ ᠲᠤᠭ᠎ᠠ ᠪᠠᠷᠢᠮᠲᠠ ᠵᠢ ᠲᠠᠭᠯᠠᠨ ᠮᠡᠳᠡᠭᠦᠯᠬᠦ᠂ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠤᠪᠢᠷᠠᠭᠤᠯᠬᠤ᠂ ᠳᠡᠩᠰᠡᠯᠡᠯᠲᠡ ᠵᠢ ᠬᠦᠴᠦᠨ ᠥᠬᠡᠶ ᠪᠣᠯᠭ᠋ᠠᠬᠤ᠂ ᠨᠡᠭᠦᠯᠭᠡᠭᠰᠡᠨ ᠳᠡᠩᠰᠡᠯᠡᠯᠲᠡ ᠵᠢ ᠰᠢᠯᠵᠢᠭᠦᠯᠬᠦ ᠵᠡᠷᠭᠡ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ᠎ᠳᠤ ᠠᠵᠤ ᠠᠬᠤᠶ᠋ᠢᠯᠠᠯ᠎ᠤᠨ ᠡᠵᠡᠩᠨᠡᠯᠲᠡ᠎ᠲᠠᠢ ᠨᠢᠭᠲᠠ ᠬᠤᠯᠪᠣᠭᠳᠠᠬᠤ ᠵᠦᠢ᠍ᠯᠡᠰ᠎ᠤᠨ ᠲᠣᠭᠤᠷᠢᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠲᠥᠷᠥ ᠵᠢᠨ ᠪᠣᠳᠣᠯᠭ᠎ᠠ ᠵᠢᠨ ᠠᠬᠤᠶ ᠪᠠᠶ᠋ᠢᠳᠠᠯ᠂ ᠭᠦᠢ᠍ᠴᠡᠳᠭᠡᠬᠦ ᠶᠠᠪᠤᠴᠠ᠂ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠭᠤᠤᠯᠳᠠᠯᠭ᠎ᠠ ᠵᠢᠴᠢ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠬᠢᠭᠡᠳ ᠬᠠᠮᠵᠢᠯᠴᠠᠭ᠎ᠠ ᠵᠡᠷᠭᠡ ᠠᠭᠤᠯᠭ᠎ᠠ ᠵᠢ ᠨᠠᠷᠢᠨ ᠲᠠᠶ᠋ᠢᠯᠪᠤᠷᠢᠯᠠᠪᠠ᠃ ᠲᠤᠬᠠᠶ ᠵᠢᠨ ᠲᠠᠯᠠᠪᠤᠷ᠎ᠲᠤ ᠦᠵᠡᠭᠦᠯᠬᠦ᠂ ᠰᠦᠯᠵᠢᠶᠡᠨ ᠭᠠᠳᠠᠨ᠎ᠠ ᠳᠠᠭᠤᠷᠢᠶᠠᠬᠤ᠂ ᠬᠦᠴᠢᠷ ᠲᠦᠪᠡᠭᠲᠡᠶ ᠬᠠᠷᠢᠭᠤᠯᠲᠠ ᠥᠭᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠣᠯᠪᠠᠰᠤᠷᠠᠯ᠎ᠳᠤ ᠣᠷᠣᠯᠴᠠᠭᠰᠠᠳ᠎ᠲᠤ ᠮᠠᠲ᠋ᠧᠷᠢᠶᠠᠯ᠎ᠢ ᠬᠡᠷᠬᠢᠨ ᠡᠮᠬᠢᠯᠡᠨ ᠨᠡᠶ᠋ᠢᠯᠡᠭᠦᠯᠬᠦ᠂ ᠶᠠᠪᠤᠴᠠ ᠵᠢ ᠳᠥᠭᠦᠮᠴᠢᠯᠡᠬᠦ᠂ ᠠᠵᠢᠯ᠎ᠤᠨ ᠪᠣᠳᠠᠲᠠᠶ ᠪᠣᠯᠪᠠᠰᠤᠷᠠᠯ ᠵᠡᠷᠭᠡ ᠠᠵᠢᠯ᠎ᠤᠨ ᠤᠷ᠎ᠠ ᠴᠢᠳᠠᠪᠤᠷᠢ ᠵᠢ ᠲᠣᠳᠣᠷᠬᠠᠶ ᠣᠶ᠋ᠢᠯᠠᠭ᠋ᠠᠭᠤᠯᠤᠨ ᠡᠵᠡᠮᠰᠢᠭᠦᠯᠪᠡ᠃ ᠶᠡᠷᠦᠩᠬᠡᠶ᠋ᠢᠯᠡᠭᠰᠡᠨ ᠴᠣᠩᠬᠤᠪᠴᠢ ᠵᠢᠨ ᠠᠵᠢᠯᠲᠠᠨ ᠵᠢᠴᠢ ᠬᠢᠨᠠᠨ ᠵᠥᠪᠰᠢᠶᠡᠷᠡᠬᠦ ᠠᠵᠢᠯᠲᠠᠨ᠎ᠤ ᠲᠤᠰᠬᠠᠶ᠋ᠢᠵᠢᠭᠰᠠᠨ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠦᠢ᠍ᠯᠡᠴᠢᠯᠡᠬᠦ 《ᠡᠴᠦᠰ᠎ᠤᠨ ᠨᠢᠭᠡ ᠺᠢᠯᠤᠮᠸᠲᠷ》᠎ᠢ ᠦᠨᠡᠨ ᠬᠦ᠌ ᠨᠡᠪᠲᠡᠷᠡᠭᠦᠯᠪᠡ᠃

 

ᠢᠷᠡᠯᠲᠡ᠄ ᠤᠯᠠᠭ᠋ᠠᠨᠴᠠᠪ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ