ᠤᠯᠠᠭ᠋ᠠᠨᠬᠠᠳᠠ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠤ ᠠᠬᠤᠶ᠋ᠢᠯᠠᠯ᠎ᠤᠨ 《ᠮᠡᠳᠡᠯᠭᠡ ᠵᠢᠨ ᠬᠥᠷᠥᠩᠭᠡ》 ᠵᠢ 《ᠡᠳ᠋ ᠬᠥᠷᠥᠩᠭᠡ》 ᠪᠣᠯᠭ᠋ᠠᠨ ᠬᠤᠪᠢᠷᠠᠭᠤᠯᠤᠨ ᠠᠵᠤ ᠠᠬᠤᠶ᠋ᠢᠯᠠᠯ᠎ᠢ ᠬᠠᠪᠰᠤᠷᠤᠨ ᠬᠥᠭᠵᠢᠯᠲᠡ᠎ᠳᠤ 《ᠬᠤᠷᠳᠤᠴᠠ ᠵᠢ ᠨᠡᠮᠡᠭᠳᠡᠭᠦᠯᠪᠡ》
2025-07-02

ᠡᠨᠡ ᠵᠢᠯ᠎ᠠᠴᠠ ᠨᠠᠭ᠋ᠠᠰᠢ᠂ ᠤᠯᠠᠭ᠋ᠠᠨᠬᠠᠳᠠ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠷᠭ᠎ᠠ ᠪᠦᠬᠦᠨ᠎ᠢ ᠰᠦᠪᠡᠭᠴᠢᠯᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ 《ᠮᠡᠳᠡᠯᠭᠡ ᠵᠢᠨ ᠬᠥᠷᠥᠩᠭᠡ》 ᠵᠢ 《ᠡᠳ᠋ ᠬᠥᠷᠥᠩᠭᠡ》 ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠂ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢᠨ ᠪᠣᠳᠠᠲᠠᠶ ᠦᠷ᠎ᠡ ᠪᠦᠲᠦᠮᠵᠢᠲᠡᠢ ᠪᠠᠢ᠌ᠬᠤ ᠵᠢ ᠠᠬᠢᠭᠤᠯᠵᠤ᠂ ᠪᠥᠬᠦ ᠬᠦᠴᠦᠨ ᠵᠶ᠋ᠠᠷ ᠵᠶ᠋ᠠᠨ ᠠᠵᠤ ᠠᠬᠤᠶ᠋ᠢᠯᠠᠯ᠎ᠢ ᠬᠠᠪᠰᠤᠷᠤᠨ ᠬᠥᠭᠵᠢᠯᠲᠡ᠎ᠳᠤ 《ᠬᠤᠷᠳᠤᠴᠠ ᠵᠢ ᠨᠡᠮᠡᠭᠳᠡᠭᠦᠯᠪᠡ》᠃

ᠨᠢᠭᠡ᠎ᠳᠤ ᠪᠡᠯᠡ ᠴᠤᠭᠯᠠᠭᠤᠯᠬᠤ ᠲᠥᠷᠥ ᠵᠢᠨ ᠪᠣᠳᠣᠯᠭ᠎ᠠ ᠵᠢ 《ᠰᠢᠭᠤᠳ ᠬᠦᠷᠭᠡᠵᠦ ᠬᠤᠷᠳᠤᠨ ᠡᠳ᠋ᠯᠡᠭᠦᠯᠪᠡ》᠃ ᠤᠯᠤᠰ᠎ᠤᠨ ᠳᠡᠰ᠎ᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠢᠴᠢ ᠬᠤᠲᠠ ᠵᠢᠨ ᠳᠡᠰ᠎ᠤᠨ 2010 ᠣᠨ᠎ᠠᠴᠠ ᠨᠠᠭ᠋ᠠᠰᠢ ᠨᠡᠶ᠋ᠢᠲᠡᠯᠡᠭᠰᠡᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠡᠮᠬᠢᠯᠡᠵᠦ᠂ ᠪᠠᠯᠠ ᠲᠣᠬᠢᠷᠠᠭᠤᠯᠭ᠎ᠠ ᠵᠢᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠶ᠋ᠢᠲᠡ 30 ᠭᠠᠷᠤᠶ ᠬᠤᠪᠢ ᠴᠤᠭᠯᠠᠭᠤᠯᠤᠨ ᠡᠮᠬᠢᠳᠭᠡᠵᠦ᠂ 《ᠤᠯᠠᠭ᠋ᠠᠨᠬᠠᠳᠠ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠡᠯᠡ ᠲᠣᠬᠢᠷᠠᠭᠤᠯᠵᠤ ᠠᠵᠤ ᠠᠬᠤᠶ᠋ᠢᠯᠠᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠡᠮᠬᠢᠳᠬᠡᠯ》᠎ᠢ ᠨᠠᠶ᠋ᠢᠷᠠᠭᠤᠯᠤᠨ ᠵᠣᠬᠢᠶᠠᠵᠤ᠂ ᠠᠵᠤ ᠠᠬᠤᠶ᠋ᠢᠯᠠᠯ ᠪᠠ ᠡᠯ᠎ᠡ ᠪᠡᠯᠡ ᠲᠣᠬᠢᠷᠠᠭᠤᠯᠬᠤ ᠪᠠᠶ᠋ᠢᠭᠤᠯᠤᠮᠵᠢ᠎ᠳᠤ ᠨᠠᠶ᠋ᠢᠳᠠᠪᠤᠷᠢᠲᠤ ᠴᠢᠨᠠᠷ᠂ ᠨᠠᠷᠢᠯᠢᠭ ᠣᠨᠣᠪᠴᠢᠲᠤ ᠴᠢᠨᠠᠷ᠎ᠲᠠᠢ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠬᠠᠩᠭ᠋ᠠᠪᠠ᠃

ᠬᠤᠶᠠᠷ᠎ᠲᠤ ᠰᠠᠭ᠋ᠠᠳ ᠥᠬᠡᠶ ᠨᠡᠪᠲᠡᠷᠡᠬᠦ ᠵᠠᠮ ᠵᠶ᠋ᠠᠷ 《ᠠᠵᠤ ᠠᠬᠤᠶ᠋ᠢᠯᠠᠯ᠎ᠤᠨ ᠵᠣᠪᠠᠨᠢᠯ᠎ᠢ ᠰᠢᠢ᠍ᠳᠪᠦᠷᠢᠯᠡᠪᠡ》᠃ ᠲᠠᠸᠠᠷ᠎ᠤᠨ ᠲᠡᠮᠳᠡᠭᠲᠦ ᠵᠢᠨ ᠳᠠᠨᠵᠢᠯᠠᠭ᠎ᠠ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠵᠦ᠂ ᠳᠠᠨᠵᠢᠯᠠᠬᠤ ᠴᠤᠪᠤᠷᠠᠯ᠎ᠢ ᠰᠢᠯᠢᠳᠡᠭᠵᠢᠭᠦᠯᠦᠨ᠂ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠪᠣᠭᠤᠨᠢᠰᠬᠠᠵᠤ᠂ ᠭᠤᠶᠤᠴᠢᠯᠠᠭᠴᠢ᠎ᠠᠴᠠ 《ᠲᠠᠸᠠᠷ᠎ᠤᠨ ᠲᠡᠮᠳᠡᠭᠲᠦ ᠵᠢᠨ ᠲᠤᠰᠬᠠᠶ ᠬᠡᠷᠡᠭᠯᠡᠬᠦ ᠡᠷᠬᠡ ᠵᠢᠨ ᠳᠠᠨᠵᠢᠯᠠᠭ᠎ᠠ ᠵᠢᠨ ᠡᠷᠬᠡ ᠵᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ》 ᠵᠡᠷᠭᠡ ᠮᠠᠲ᠋ᠧᠷᠢᠶᠠᠯ᠎ᠢ ᠲᠤᠰᠢᠶᠠᠵᠤ᠂ ᠬᠡᠷᠪᠡ ᠮᠠᠲ᠋ᠧᠷᠢᠶᠠᠯ᠎ᠨᠢ ᠪᠦᠷᠢᠨ ᠭᠦᠢ᠍ᠴᠡᠳ ᠮᠥᠷᠲᠡᠭᠡᠨ ᠠᠩᠬ᠎ᠠ ᠬᠢᠨᠠᠭ᠋ᠠᠳ ᠬᠢᠷᠢ ᠲᠡᠩᠴᠡᠪᠡᠯ᠂ ᠲᠤᠬᠠᠶ ᠵᠢᠨ ᠡᠳᠦᠷ᠎ᠲᠤ ᠲᠤᠰᠢᠶᠠᠬᠤ ᠠᠵᠢᠯᠯᠠᠭ᠎ᠠ ᠵᠢ ᠭᠦᠢ᠍ᠴᠡᠳᠭᠡᠵᠦ 2 ᠠᠵᠢᠯᠯᠠᠬᠤ ᠡᠳᠦᠷ᠎ᠲᠤ ᠳᠠᠷᠤᠶ 《ᠲᠠᠸᠠᠷ᠎ᠤᠨ ᠲᠡᠮᠳᠡᠭᠲᠦ ᠵᠢᠨ ᠲᠤᠰᠬᠠᠶ ᠬᠡᠷᠡᠭᠯᠡᠬᠦ ᠡᠷᠬᠡ ᠵᠢᠨ ᠳᠠᠨᠵᠢᠯᠠᠭ᠎ᠠ ᠵᠢᠨ ᠡᠷᠬᠡ ᠵᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ》 ᠣᠯᠭᠤᠵᠤ ᠪᠣᠯᠤᠨ᠎ᠠ᠃

ᠭᠤᠷᠪᠠ᠎ᠳᠤ 《ᠠᠵᠤ ᠠᠬᠤᠶ᠋ᠢᠯᠠᠯ᠎ᠠᠴᠠ ᠬᠡᠷᠡᠭᠴᠡᠭᠡ ᠵᠢ ᠠᠰᠠᠭᠤᠬᠤ》 ᠣᠢ᠌ᠯᠠᠭ᠋ᠠᠨ ᠵᠢᠭᠰᠠᠭ᠋ᠠᠬᠤ ᠠᠵᠢᠯ᠎ᠢ ᠥᠷᠨᠢᠭᠦᠯᠪᠡ᠃ ᠪᠥᠬᠦ ᠬᠤᠲᠠ ᠵᠢᠨ ᠲᠤᠰᠬᠠᠶ ᠠᠰᠢᠭ᠂ ᠲᠠᠸᠠᠷ᠎ᠤᠨ ᠲᠡᠮᠳᠡᠭᠲᠦ᠂ ᠭᠠᠵᠠᠷ ᠵᠦᠶ ᠵᠢᠨ ᠲᠡᠮᠳᠡᠭ᠎ᠲᠠᠢ ᠠᠵᠤ ᠠᠬᠤᠶ᠋ᠢᠯᠠᠯ ᠪᠠ ᠨᠡᠶ᠋ᠢᠭᠡᠮᠯᠢᠭ᠎ᠠᠴᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠳᠠᠨᠵᠢᠯᠠᠭ᠎ᠠ᠎ᠲᠠᠢ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠤᠶ᠋ᠢᠯᠠᠭ᠋ᠠᠨ ᠵᠢᠭᠰᠠᠭ᠋ᠠᠬᠤ ᠠᠵᠢᠯ᠎ᠢ ᠥᠷᠨᠢᠭᠦᠯᠵᠦ᠂ ᠠᠵᠤ ᠠᠬᠤᠶ᠋ᠢᠯᠠᠯ᠎ᠢ ᠤᠯᠠᠮ ᠨᠢᠭᠡ ᠠᠯᠬᠤᠮ ᠬᠠᠪᠰᠤᠷᠤᠨ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ᠎ᠨᠢ ᠥᠷᠭᠡᠳᠬᠡᠵᠦ᠂ ᠵᠠᠰᠠᠭ ᠪᠠᠩᠬᠢ ᠠᠵᠤ ᠠᠬᠤᠶ᠋ᠢᠯᠠᠯ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠳᠠᠨᠵᠢᠯᠠᠭ᠎ᠠ᠎ᠲᠠᠢ ᠪᠠᠯᠠ ᠲᠣᠬᠢᠷᠠᠭᠤᠯᠭ᠎ᠠ ᠵᠢ ᠵᠣᠯᠭ᠋ᠠᠭᠤᠯᠬᠤ ᠬᠥᠭᠦᠷᠭᠡ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠣᠳᠣᠬᠠᠨ᠎ᠳᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠳᠠᠨᠵᠢᠯᠠᠭ᠎ᠠ᠎ᠲᠠᠢ ᠪᠠᠯᠠ ᠲᠣᠬᠢᠷᠠᠭᠤᠯᠭ᠎ᠠ ᠵᠢᠨ ᠡᠵᠡᠩᠨᠡᠯᠲᠡ ᠵᠢᠨ ᠭᠤᠤᠯ ᠴᠣᠭᠴᠠ 50 ᠡᠷᠦᠬᠡ᠂ ᠲᠠᠸᠠᠷ᠎ᠤᠨ ᠲᠡᠮᠳᠡᠭᠲᠦ 795 ᠪᠠᠶ᠋ᠢᠵᠤ᠂ ᠲᠤᠰᠬᠠᠶ ᠠᠰᠢᠭ 358 ᠪᠠᠶ᠋ᠢᠵᠤ᠂ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠪᠠᠷᠤᠭ 7.4 ᠳ᠋ᠦᠩᠰᠢᠭᠤᠷ ᠲᠥᠭᠦᠷᠢᠭ᠎ᠲᠤ ᠬᠦᠷᠴᠡᠶ᠃

ᠳᠥᠷᠪᠡ᠎ᠳᠤ᠂ ᠬᠠᠮᠵᠢᠯᠴᠠᠨ ᠬᠥᠳᠡᠯᠦᠯᠴᠡᠵᠦ 《ᠨᠠᠷᠢᠯᠢᠭ ᠣᠨᠣᠪᠴᠢᠲᠠᠢ᠎ᠪᠠᠷ ᠵᠣᠬᠢᠴᠠᠭᠤᠯᠪᠠ》᠃ 100 ᠠᠵᠤ ᠠᠬᠤᠶ᠋ᠢᠯᠠᠯ᠎ᠢ ᠪᠠᠭᠲᠠᠭ᠋ᠠᠭᠰᠠᠨ 《ᠤᠯᠠᠭ᠋ᠠᠨᠬᠠᠳᠠ ᠬᠤᠲᠠ ᠵᠢᠨ ᠰᠢᠯᠢᠳᠡᠭ ᠲᠠᠸᠠᠷ᠎ᠤᠨ ᠲᠡᠮᠳᠡᠭᠲᠦ ᠵᠢᠨ ᠠᠵᠤ ᠠᠬᠤᠶ᠋ᠢᠯᠠᠯ᠎ᠤᠨ ᠨᠡᠷᠡᠰ》 ᠪᠠ 《ᠤᠯᠠᠭ᠋ᠠᠨᠬᠠᠳᠠ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ》 ᠵᠢ ᠡᠮᠬᠢᠯᠡᠨ ᠬᠤᠷᠢᠶᠠᠩᠭᠤᠶ᠋ᠢᠯᠠᠵᠤ᠂ ᠲᠠᠸᠠᠷ᠎ᠤᠨ ᠲᠡᠮᠳᠡᠭᠲᠦ ᠵᠢᠨ ᠳᠠᠨᠵᠢᠯᠠᠨ ᠬᠠᠩᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠡᠭᠦᠨ᠎ᠤ ᠬᠠᠮᠲᠤ 31 ᠬᠤᠯᠪᠣᠭᠳᠠᠯ ᠪᠥᠬᠦᠶ ᠨᠢᠭᠡᠴᠢ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠦᠷᠭᠡᠵᠦ᠂ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠪᠴᠢᠲᠠᠢ᠎ᠪᠠᠷ ᠵᠣᠯᠭ᠋ᠠᠭᠤᠯᠪᠠ᠃ ᠵᠠᠰᠠᠭ᠎ᠤᠨ ᠣᠷᠳᠣᠨ᠂ ᠪᠠᠩᠬᠢ᠂ ᠠᠵᠤ ᠠᠬᠤᠶ᠋ᠢᠯᠠᠯ ᠭᠤᠷᠪᠠᠨ ᠲᠠᠯ᠎ᠠ ᠵᠢᠨ ᠪᠠᠶ᠋ᠢᠩᠭᠤ ᠵᠢᠨ ᠴᠢᠨᠠᠷᠲᠠᠶ ᠵᠣᠯᠭ᠋ᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠪᠠ᠃ ᠡᠨᠡ ᠵᠢᠯ ᠨᠢᠭᠡᠨᠲᠡ 2 ᠲᠠᠸᠠᠷ᠎ᠤᠨ ᠲᠡᠮᠲᠡᠭᠲᠦ ᠵᠢᠨ ᠳᠠᠨᠵᠢᠯᠠᠭ᠎ᠠ ᠵᠢᠨ ᠪᠠᠯᠠ ᠲᠣᠬᠢᠷᠠᠭᠤᠯᠭ᠎ᠠ ᠵᠢ ᠠᠮᠵᠢᠯᠲᠠ᠎ᠲᠠᠢ ᠭᠦᠢ᠍ᠴᠡᠳᠬᠡᠵᠦ᠂ ᠵᠣᠭᠤᠰ᠎ᠤᠨ ᠲᠤᠭ᠎ᠠ᠎ᠨᠢ 1030 ᠲᠦᠮᠡᠨ ᠲᠥᠭᠦᠷᠢᠭ᠎ᠲᠤ ᠬᠦᠷᠪᠡ᠃

ᠢᠷᠡᠯᠲᠡ᠄ ᠤᠯᠠᠭ᠋ᠠᠨᠬᠠᠳᠠ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ