ᠣᠶ᠋ᠢᠷ᠎ᠠ᠎ᠳᠤ᠂ ᠣᠷᠳᠣᠰ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠭᠤᠤᠯᠯᠠᠨ ᠨᠠᠶ᠋ᠢᠷᠠᠭᠤᠯᠤᠨ ᠵᠣᠬᠢᠶᠠᠭᠰᠠᠨ 《ᠲᠠᠸᠠᠷ᠎ᠤᠨ ᠠᠷᠠᠯᠵᠢᠶᠠᠨ᠎ᠤ ᠲᠠᠯᠠᠪᠤᠷ ᠭᠠᠵᠠᠷ᠎ᠤᠨ ᠭᠤᠤᠯᠴᠢ ᠵᠢᠩᠯᠡᠭᠦᠷ᠎ᠤᠨ ᠪᠠᠶ᠋ᠢᠷᠢᠯᠠᠭᠤᠯᠤᠯᠲᠠ ᠪᠠ ᠬᠠᠮᠢᠶᠠᠷᠤᠯᠲᠠ ᠵᠢᠨ ᠵᠢᠷᠤᠮᠵᠢᠯ》 (DB1506/T 64 — 2025) ᠭᠡᠬᠦ ᠣᠷᠳᠣᠰ ᠬᠣᠲᠠ ᠵᠢᠨ ᠣᠷᠣᠨ ᠨᠤᠲᠤᠭ᠎ᠤᠨ ᠪᠠᠷᠢᠮᠵᠢᠶ᠎ᠠ ᠵᠢ ᠨᠡᠢ᠌ᠲᠡᠯᠡᠪᠡ᠂ 7 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠦᠨ᠎ᠡ᠃
ᠪᠠᠷᠢᠮᠵᠢᠶ᠎ᠠ᠎ᠨᠢ ᠭᠤᠤᠯᠳᠠᠭᠤ 6 ᠬᠡᠰᠡᠭ ᠵᠶ᠋ᠠᠷ ᠪᠦᠷᠢᠯᠳᠦᠵᠦ᠂ ᠡᠭᠦᠨ᠎ᠳᠤ ᠬᠡᠷᠡᠭᠯᠡᠬᠦ ᠬᠡᠪᠴᠢᠶ᠎ᠡ᠂ ᠵᠢᠷᠤᠮᠵᠢᠯ᠎ᠤᠨ ᠴᠢᠨᠠᠷᠲᠠᠶ ᠡᠰᠢᠯᠡᠨ ᠬᠡᠷᠡᠭᠯᠡᠬᠦ ᠪᠢᠴᠢᠭ ᠮᠠᠲ᠋ᠧᠷᠢᠶᠠᠯ᠂ ᠨᠡᠷ᠎ᠡ ᠲᠣᠮᠢᠶ᠎ᠠ ᠪᠠ ᠲᠣᠳᠣᠷᠬᠠᠶ᠋ᠢᠯᠠᠯᠲᠠ᠂ ᠭᠤᠤᠯᠴᠢ ᠵᠢᠩᠯᠡᠭᠦᠷ᠎ᠤᠨ ᠬᠡᠯᠪᠡᠷᠢ ᠰᠣᠩᠭᠤᠬᠤ ᠱᠠᠭ᠋ᠠᠷᠳᠠᠯᠭ᠎ᠠ᠂ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ᠂ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠪᠠᠭᠲᠠᠭ᠋ᠠᠵᠤ᠂ ᠪᠠᠷᠢᠮᠵᠢᠶ᠎ᠠ ᠵᠢ ᠨᠡᠶ᠋ᠢᠲᠡᠯᠡᠭᠰᠡᠨ᠎ᠤ ᠳᠠᠷᠠᠭ᠎ᠠ ᠪᠥᠬᠦ ᠬᠤᠲᠠ ᠵᠢᠨ ᠭᠤᠤᠯᠴᠢ ᠵᠢᠩᠯᠡᠭᠦᠷ᠎ᠤᠨ ᠪᠠᠶ᠋ᠢᠷᠢᠯᠠᠭᠤᠯᠤᠯᠲᠠ᠎ᠳᠤ ᠪᠠᠷᠢᠮᠵᠢᠶᠠᠵᠢᠭᠤᠯᠤᠭᠰᠠᠨ ᠨᠢᠭᠡᠳᠦᠯᠲᠡᠶ ᠲᠣᠬᠢᠷᠠᠭᠤᠯᠤᠯᠲᠠ᠂ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠵᠦᠭᠯᠡᠭᠦᠷ ᠬᠠᠩᠭ᠋ᠠᠬᠤ ᠪᠣᠯᠤᠨ᠎ᠠ᠃
ᠲᠣᠰ ᠪᠠᠷᠢᠮᠵᠢᠶ᠎ᠠ ᠵᠢ ᠨᠡᠶ᠋ᠢᠲᠡᠯᠡᠬᠦ ᠪᠠ ᠬᠡᠷᠡᠭᠵᠢᠭᠦᠯᠬᠦ᠎ᠨᠢ ᠵᠠᠬ᠎ᠠ ᠳᠡᠯᠭᠡᠭᠦᠷ᠎ᠤᠨ ᠭᠤᠤᠯᠯᠠᠨ ᠡᠷᠬᠢᠯᠡᠭᠴᠢ ᠵᠢ ᠪᠦᠲᠦᠮᠵᠢᠲᠡᠶ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠬᠢᠭᠡᠳ ᠨᠡᠶ᠋ᠢᠭᠡᠮ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠦᠷᠢᠮ᠎ᠤᠨ ᠲᠠᠯ᠎ᠠ᠎ᠠᠴᠠ ᠡᠷᠬᠡ ᠲᠡᠭᠰᠢ ᠲᠥᠪ ᠭᠤᠤᠯᠴᠢ᠂ ᠡᠶ᠎ᠡ ᠵᠣᠬᠢᠴᠠᠯ᠎ᠲᠠᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠤ ᠰᠠᠭᠤᠷᠢ ᠵᠢ ᠪᠠᠬᠢᠵᠢᠭᠦᠯᠬᠦ ᠵᠢᠨ ᠬᠠᠮᠲᠤ ᠡᠵᠡᠩᠨᠡᠭᠴᠢᠳ᠎ᠤᠨ ᠦᠨᠡᠨᠴᠢ ᠢᠲᠡᠭᠡᠮᠵᠢᠲᠡᠶ ᠡᠵᠡᠩᠨᠡᠬᠦ ᠤᠬᠠᠮᠰᠠᠷ᠎ᠢ᠎ᠨᠢ ᠴᠢᠩᠭ᠋ᠠᠳᠬᠠᠬᠤ ᠵᠢ ᠠᠬᠢᠭᠤᠯᠵᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠪᠠᠷ ᠳᠠᠮᠵᠢᠭᠤᠯᠤᠨ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠵᠢᠩ ᠯᠠᠩ ᠳᠤᠲᠠᠬᠤ ᠵᠡᠷᠭᠡ ᠬᠡᠮᠵᠢᠯᠲᠡ ᠵᠢᠨ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠡᠭᠦᠰᠬᠦ ᠵᠢ ᠡᠬᠢ ᠡᠭᠦᠰᠦᠯ᠎ᠠᠴᠠ᠎ᠨᠢ ᠬᠤᠷᠢᠭᠯᠠᠨ᠎ᠠ᠃