ᠠᠯᠠᠱᠠ ᠠᠶ᠋ᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ 《ᠶᠠᠰᠤ ᠴᠢᠨᠠᠷ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ ᠵᠢᠨ ᠬᠥᠲᠥᠯᠪᠦᠷᠢ》 ᠵᠢ ᠪᠥᠬᠦ ᠲᠠᠯ᠎ᠠ᠎ᠪᠠᠷ ᠭᠦᠨᠵᠡᠭᠡᠶ ᠨᠠᠶ᠋ᠢᠳᠠᠪᠤᠷᠢᠵᠢᠭᠤᠯᠬᠤ᠎ᠪᠠᠷ ᠶᠡᠷᠦᠩᠬᠡᠶ᠋ᠢᠯᠡᠨ ᠵᠢᠯᠣᠭᠤᠳᠣᠭᠤᠯᠵᠤ᠂ ᠮᠠᠨ᠎ᠤ ᠠᠶ᠋ᠢᠮᠠᠭ᠎ᠤᠨ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠤᠤᠯᠳᠠᠯᠭ᠎ᠠ᠎ᠲᠠᠢ ᠠᠵᠤ ᠠᠬᠤᠶ᠋ᠢᠯᠠᠯ᠂ ᠠᠵᠤ ᠦᠢ᠍ᠯᠡᠰ᠎ᠤᠨ ᠶᠠᠰᠤ ᠴᠢᠨᠠᠷ᠎ᠢ ᠬᠤᠯᠪᠣᠭ᠋ᠠᠯᠠᠨ ᠬᠥᠳᠡᠯᠦᠯᠴᠡᠵᠦ ᠳᠡᠭᠡᠭᠰᠢᠯᠡᠭᠦᠯᠬᠦ ᠵᠢ ᠠᠬᠢᠭᠤᠯᠵᠤ᠂ ᠶᠠᠰᠤ ᠴᠢᠨᠠᠷ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠦᠨ ᠬᠡᠯᠬᠢᠶ᠎ᠡ ᠵᠢ ᠬᠦᠴᠦᠷᠬᠡᠭᠵᠢᠭᠦᠯᠵᠦ ᠰᠢᠶᠠᠨ᠎ᠢ ᠬᠦᠴᠦᠷᠬᠡᠭᠵᠢᠭᠦᠯᠬᠦ ᠵᠢ ᠰᠢᠰᠲ᠋ᠧᠮ᠎ᠲᠠᠢ ᠠᠬᠢᠭᠤᠯᠵᠤ᠂ ᠠᠵᠤ ᠠᠬᠤᠶ᠋ᠢᠯᠠᠯ᠂ ᠠᠵᠤ ᠦᠢ᠍ᠯᠡᠰ ᠪᠠ ᠰᠢᠶᠠᠨ᠎ᠤ ᠬᠡᠪᠴᠢᠶᠡᠨ᠎ᠤ ᠬᠠᠮᠵᠢᠯᠴᠠᠨ ᠬᠥᠭᠵᠢᠬᠦ᠎ᠪᠠᠷ᠂ ᠬᠡᠯᠬᠢᠶᠡᠨ᠎ᠳᠠᠬᠢ ᠠᠵᠤ ᠠᠬᠤᠶ᠋ᠢᠯᠠᠯ᠎ᠢ ᠳᠠᠶ᠋ᠢᠴᠢᠯᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠲᠦᠪᠰᠢᠨ ᠪᠠ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠪᠡ᠃
ᠶᠠᠰᠤ ᠴᠢᠨᠠᠷ ᠵᠶ᠋ᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠵᠢ ᠭᠦᠨᠵᠡᠭᠡᠢ ᠠᠬᠢᠭᠣᠯᠪᠠ᠃ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠦᠷᠢᠶᠡᠯᠡᠩ ᠲᠣᠭᠤᠷᠢᠭ᠎ᠲᠤ ᠣᠷᠣᠭᠤᠯᠵᠤ ᠠᠵᠤ ᠠᠬᠤᠶ᠋ᠢᠯᠠᠯ᠎ᠳᠤ ᠣᠷᠣᠭᠤᠯᠬᠤ》 ᠠᠵᠢᠯᠯᠠᠭ᠎ᠠ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠠᠰᠤ ᠴᠢᠨᠠᠷ ᠮᠡᠷᠭᠡᠵᠢᠯ᠎ᠤᠨ ᠪᠥᠬᠦ ᠲᠠᠯ᠎ᠠ ᠵᠢᠨ ᠦᠢ᠍ᠯᠡᠴᠢᠯᠡᠭᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠠᠩᠭ᠋ᠠᠵᠤ᠂ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠣᠷᠣᠨ ᠪᠦᠰᠡ᠂ ᠠᠵᠤ ᠦᠢ᠍ᠯᠡᠰ᠎ᠤᠨ ᠶᠠᠰᠤ ᠴᠢᠨᠠᠷ᠎ᠤᠨ ᠥᠷᠢᠰᠥᠯᠳᠦᠬᠦ ᠬᠦᠴᠦᠨ᠎ᠢ ᠴᠢᠩᠭ᠋ᠠᠷᠠᠭᠣᠯᠪᠠ᠃ ᠲᠦᠷᠦᠭᠦᠤ ᠪᠦᠯᠦᠭ᠎ᠤᠨ ᠲᠣᠭᠲᠠᠭ᠋ᠠᠭᠰᠠᠨ ᠶᠠᠰᠤ ᠴᠢᠨᠠᠷ᠎ᠤᠨ ᠬᠦᠴᠦᠨ ᠵᠦᠢ᠍ᠯ᠎ᠤᠨ ᠨᠠᠷᠢᠨ ᠳᠠᠩᠰᠠ ᠵᠢᠨ ᠶᠣᠰᠣᠭ᠋ᠠᠷ᠂ 《ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠶᠠᠰᠤ ᠴᠢᠨᠠᠷ᠎ᠤᠨ ᠵᠢᠭᠡᠯᠡᠯᠭᠡ》 ᠵᠢᠨ ᠠᠵᠤ ᠠᠬᠤᠶ᠋ᠢᠯᠠᠯ᠎ᠤᠨ ᠨᠡᠷᠡᠰ᠎ᠤᠨ ᠬᠥᠮᠥᠷᠭᠡ ᠵᠢ ᠪᠠᠶ᠋ᠢᠭᠤᠯᠵᠤ᠂ ᠨᠥᠬᠦᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠢ ᠴᠠᠭ ᠲᠤᠬᠠᠶ᠎ᠳᠤᠨᠢ ᠬᠣᠷᠰᠢᠭᠰᠠ ᠪᠠᠩᠬᠢ᠎ᠳᠤ ᠬᠦᠷᠭᠡᠪᠡ᠃ ᠠᠵᠤ ᠠᠬᠤᠶ᠋ᠢᠯᠠᠯ᠎ᠤᠨ ᠪᠠᠩᠬᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠤᠯᠭ᠋ᠠᠭᠤᠯᠬᠤ᠎ᠳᠤ ᠬᠦᠴᠦᠨ ᠨᠡᠮᠡᠷᠢᠯᠡᠵᠦ᠂ ᠢᠲᠡᠭᠡᠮᠵᠢ ᠣᠯᠭᠤᠬᠤ ᠲᠥᠷᠥ ᠵᠢᠨ ᠪᠣᠳᠣᠯᠭ᠎ᠠ ᠵᠢ ᠴᠠᠭ ᠲᠤᠬᠠᠢᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠪᠠᠩᠬᠢ ᠵᠢᠨ ᠵᠣᠯᠭ᠋ᠠᠯᠴᠠᠭ᠎ᠠ ᠵᠢᠨ ᠠᠮᠵᠢᠯᠲᠠ ᠣᠯᠬᠤ ᠨᠣᠷᠮ᠎ᠠ ᠵᠢ ᠳᠡᠭᠡᠭᠰᠢᠯᠡᠭᠦᠯᠪᠡ᠃ ᠠᠵᠤ ᠠᠬᠤᠶ᠋ᠢᠯᠠᠯ᠎ᠤᠨ ᠲᠦᠷᠦᠭᠦᠦ ᠶᠠᠰᠤ ᠴᠢᠨᠠᠷ᠎ᠤᠨ ᠲᠤᠰᠢᠶᠠᠯᠲᠠᠨ᠎ᠤ ᠳᠦᠷᠢᠮ᠎ᠢ ᠶᠡᠬᠡ᠎ᠪᠠᠷ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠲᠦᠷᠦᠭᠦᠦ ᠶᠠᠰᠤ ᠴᠢᠨᠠᠷ᠎ᠤᠨ ᠲᠤᠰᠢᠶᠠᠯᠲᠠᠨ᠎ᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ ᠪᠠᠶ᠋ᠢᠭ᠋ᠠᠳ ᠶᠠᠰᠤ ᠴᠢᠨᠠᠷ᠎ᠤᠨ ᠲᠠᠯ᠎ᠠ᠎ᠪᠠᠷ ᠠᠵᠤ ᠠᠬᠤᠶ᠋ᠢᠯᠠᠯ᠎ᠢ ᠬᠦᠴᠦᠷᠬᠡᠭᠵᠢᠭᠦᠯᠬᠦ ᠴᠢᠬᠤᠯᠠ ᠭᠠᠷᠳᠠᠴᠠ ᠪᠣᠯᠭ᠋ᠠᠵᠤ᠂ ᠲᠦᠷᠦᠭᠦᠦ ᠶᠠᠰᠤ ᠴᠢᠨᠠᠷ᠎ᠤᠨ ᠲᠤᠰᠢᠶᠠᠯᠲᠠᠨ᠎ᠤ ᠳᠦᠷᠢᠮ᠎ᠢ ᠪᠣᠲᠠᠲᠠᠢ᠎ᠳᠤ ᠨᠠᠢ᠌ᠳᠠᠪᠣᠷᠢᠵᠢᠭᠣᠯᠬᠤ ᠵᠢ ᠦᠨᠡᠨ ᠬᠦ᠌ ᠪᠠᠲᠣᠯᠠᠪᠠ᠃ ᠣᠳᠣᠬᠠᠨ ᠪᠣᠯᠲᠠᠯ᠎ᠠ᠂ ᠠᠯᠠᠱ᠌ᠠ ᠠᠶ᠋ᠢᠮᠠᠭ᠎ᠲᠤ ᠬᠡᠪᠴᠢᠶᠡᠵᠢᠯ᠎ᠠᠴᠠ ᠳᠡᠭᠡᠭᠰᠢᠬᠢ 155 ᠠᠵᠤ ᠦᠢ᠍ᠯᠡᠳᠪᠦᠷᠢ ᠠᠵᠤ ᠠᠬᠤᠶ᠋ᠢᠯᠠᠯ᠂ 50 ᠵᠢᠵᠢᠭ ᠪᠢᠴᠢᠯ ᠠᠵᠤ ᠠᠬᠤᠶ᠋ᠢᠯᠠᠯ ᠲᠦᠷᠦᠭᠦᠤ ᠶᠠᠰᠤ ᠴᠢᠨᠠᠷ᠎ᠤᠨ ᠲᠤᠰᠢᠶᠠᠯᠲᠠᠨ᠎ᠤ ᠲᠦᠷᠢᠮ᠎ᠢ ᠪᠠᠶ᠋ᠢᠭᠤᠯᠤᠭᠰᠠᠨ ᠪᠥᠭᠡᠳ ᠲᠦᠷᠦᠭᠦᠦ ᠶᠠᠰᠤ ᠴᠢᠨᠠᠷ᠎ᠤᠨ ᠲᠤᠰᠢᠶᠠᠯᠲᠠᠨ᠎ᠢ ᠭᠠᠷᠭ᠋ᠠᠭᠰᠠᠨ ᠪᠠᠢ᠌ᠨ᠎ᠠ᠃
ᠶᠠᠰᠤ ᠴᠢᠨᠠᠷ ᠵᠶ᠋ᠠᠷ ᠬᠡᠯᠬᠢᠶ᠎ᠡ ᠵᠢ ᠬᠦᠴᠦᠷᠬᠡᠭᠵᠢᠭᠦᠯᠬᠦ ᠵᠢ ᠭᠦᠨᠵᠡᠭᠡᠢ ᠠᠬᠢᠭᠣᠯᠪᠠ᠃ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠶᠠᠰᠤ ᠴᠢᠨᠠᠷ᠎ᠢ ᠬᠤᠯᠪᠣᠭ᠋ᠠᠯᠠᠨ ᠬᠥᠳᠡᠯᠦᠯᠴᠡᠵᠦ ᠳᠡᠭᠡᠭᠰᠢᠯᠡᠭᠦᠯᠬᠦ ᠵᠢ ᠠᠬᠢᠭᠤᠯᠪᠠ᠃ ᠭᠣᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ᠂ ᠶᠠᠰᠤ ᠴᠢᠨᠠᠷ᠎ᠤᠨ ᠪᠠᠶ᠋ᠢᠳᠠᠯ᠎ᠤᠨ ᠪᠠᠶ᠋ᠢᠴᠠᠭ᠋ᠠᠨ ᠰᠤᠳᠤᠯᠤᠯᠲᠠ ᠵᠢ ᠦᠷᠨᠢᠭᠦᠯᠵᠦ᠂ ᠣᠳᠣ ᠵᠢᠨ ᠪᠠᠶ᠋ᠢᠭ᠎ᠠ ᠠᠵᠤ ᠦᠢ᠍ᠯᠡᠰ᠎ᠤᠨ ᠰᠠᠭᠤᠷᠢ ᠪᠠ ᠭᠣᠤᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ᠎ᠳᠤ ᠲᠦᠰᠢᠭᠯᠡᠨ᠂ ᠶᠠᠰᠤ ᠴᠢᠨᠠᠷ᠎ᠤᠨ ᠪᠣᠭᠣᠮᠲᠠ ᠰᠢᠪᠲᠤᠯᠬᠤ ᠲᠥᠷᠥᠯ ᠵᠦᠢ᠍ᠯ᠎ᠢ ᠲᠥᠪᠯᠡᠷᠡᠭᠦᠯᠦᠨ ᠬᠡᠷᠡᠭᠵᠢᠭᠦᠯᠵᠦ᠂ ᠴᠢᠬᠣᠯᠠ ᠶᠡᠬᠡ ᠶᠠᠰᠤ ᠴᠢᠨᠠᠷ᠎ᠤᠨ ᠮᠡᠷᠭᠡᠵᠢᠯ᠎ᠤᠨ ᠪᠣᠭᠣᠮᠢ ᠵᠢ ᠰᠢᠪᠲᠤᠯᠪᠠ᠃ ᠬᠡᠮᠵᠢᠬᠦ᠂ ᠪᠠᠷᠢᠮᠵᠢᠶᠠᠯᠠᠬᠤ᠂ ᠰᠢᠯᠭ᠋ᠠᠨ ᠪᠠᠢ᠌ᠴᠠᠭ᠋ᠠᠵᠦ ᠪᠠᠶ᠋ᠢᠴᠠᠭ᠋ᠠᠨ ᠬᠡᠮᠵᠢᠬᠦ᠂ ᠭᠡᠷᠡᠴᠢᠯᠡᠬᠦ ᠵᠡᠷᠭᠡ ᠶᠠᠰᠤ ᠴᠢᠨᠠᠷ᠎ᠤᠨ ᠰᠠᠭᠤᠷᠢ ᠲᠦᠬᠦᠭᠡᠷᠦᠮᠵᠢ ᠵᠢᠨ ᠬᠦᠴᠦᠨ ᠵᠦᠢ᠍ᠯ᠎ᠤᠨ ᠬᠠᠮᠵᠢᠯᠴᠠᠭ᠎ᠠ ᠵᠢ ᠴᠢᠩᠭ᠋ᠠᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠶᠠᠰᠤ ᠴᠢᠨᠠᠷ᠎ᠤᠨ ᠵᠢᠷᠤᠭ᠎ᠤᠨ ᠵᠢᠭᠰᠠᠯ᠎ᠢ ᠵᠢᠷᠤᠭᠯᠠᠨ ᠲᠡᠭᠦᠯᠳᠡᠷᠵᠢᠭᠦᠯᠵᠦ᠂ ᠶᠠᠰᠤ ᠴᠢᠨᠠᠷ᠎ᠤᠨ ᠠᠰᠠᠭᠤᠳᠠᠯ᠎ᠤᠨ ᠨᠠᠷᠢᠨ ᠳᠠᠩᠰᠠ᠂ ᠶᠠᠰᠤ ᠴᠢᠨᠠᠷ᠎ᠤᠨ ᠪᠣᠭᠤᠮᠲᠠ ᠰᠢᠪᠲᠤᠯᠬᠤ ᠲᠥᠷᠥᠯ ᠵᠦᠢ᠍ᠯ᠎ᠤᠨ ᠨᠠᠷᠢᠨ ᠳᠠᠩᠰᠠ ᠵᠢ ᠡᠮᠬᠢᠯᠡᠪᠡ᠃ ᠪᠥᠬᠦ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠣᠷᠣᠨ ᠪᠦᠰᠡ ᠵᠢ ᠬᠠᠮᠤᠷᠠᠭᠰᠠᠨ᠂ ᠭᠤᠤᠯᠳᠠᠯᠭ᠎ᠠ᠎ᠲᠠᠢ ᠬᠦᠷᠢᠶᠡᠯᠡᠩ ᠲᠣᠭᠤᠷᠢᠭ᠎ᠢ ᠪᠦᠬᠦᠨ᠎ᠢ ᠬᠠᠮᠤᠷᠤᠨ ᠪᠠᠶ᠋ᠢᠭᠤᠯᠤᠭᠰᠠᠨ 5 ᠶᠠᠰᠤ ᠴᠢᠨᠠᠷ᠎ᠤᠨ ᠰᠠᠭᠤᠷᠢ ᠲᠦᠬᠦᠭᠡᠷᠦᠮᠵᠢ ᠵᠢᠨ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡᠨ᠎ᠤ ᠴᠣᠩᠬᠤᠪᠴᠢ ᠵᠢ ᠭᠦᠢ᠍ᠴᠡᠳ ᠠᠰᠢᠭᠯᠠᠵᠤ᠂ ᠬᠡᠯᠬᠢᠶᠡᠨ᠎ᠳᠠᠬᠢ ᠠᠵᠤ ᠠᠬᠤᠶ᠋ᠢᠯᠠᠯ᠎ᠳᠤ ᠥᠨᠳᠥᠷ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠶ᠋ᠢᠲᠠᠶ ᠶᠠᠰᠤ ᠴᠢᠨᠠᠷ᠎ᠤᠨ ᠰᠠᠭᠤᠷᠢ ᠲᠦᠬᠦᠭᠡᠷᠦᠮᠵᠢ ᠵᠢᠨ ᠦᠢ᠍ᠯᠡᠴᠢᠯᠡᠭᠡ ᠬᠠᠩᠭ᠋ᠠᠵᠤ᠂ ᠠᠵᠤ ᠠᠬᠤᠶ᠋ᠢᠯᠠᠯ᠎ᠢ ᠬᠠᠪᠰᠤᠷᠤᠨ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ᠂ ᠦᠷ᠎ᠡ ᠠᠰᠢᠭ᠎ᠢ᠎ᠨᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠡᠯ᠎ᠡ ᠦᠢ᠍ᠯᠡᠴᠢᠯᠡᠭᠡᠨ᠎ᠤ ᠴᠣᠩᠬᠤᠪᠴᠢ ᠵᠢᠨ ᠦᠢ᠍ᠯᠡᠴᠢᠯᠡᠭᠡᠨ᠎ᠤ ᠠᠵᠦ ᠠᠬᠣᠢ᠌ᠯᠠᠯ᠎ᠨᠢ 1327 ᠪᠠᠶ᠋ᠢᠵᠤ᠂ ᠠᠵᠤ ᠠᠬᠤᠶ᠋ᠢᠯᠠᠯ᠎ᠳᠤ 611.84 ᠲᠦᠮᠡᠨ ᠲᠥᠭᠦᠷᠢᠭ᠎ᠤᠨ ᠵᠠᠷᠤᠳᠠᠯ᠎ᠢ ᠬᠠᠰᠤᠵᠤ ᠬᠡᠯᠲᠦᠷᠢᠭᠦᠯᠪᠡ᠃
ᠶᠠᠰᠣ ᠴᠢᠨᠠᠷ ᠵᠶ᠋ᠠᠷ ᠰᠢᠶᠠᠨ᠎ᠢ ᠬᠦᠴᠦᠷᠬᠡᠭᠵᠢᠭᠦᠯᠬᠦ ᠵᠢ ᠭᠦᠨᠵᠡᠭᠡᠢ ᠠᠬᠢᠭᠣᠯᠪᠠ᠃ 1 ~ 2 ᠬᠤᠰᠢᠭᠤ ᠰᠢᠶᠠᠨ᠎ᠢ ᠭᠣᠣᠯᠳᠠᠯᠭ᠎ᠠ᠎ᠲᠠᠢ ᠲᠦᠯᠬᠢᠨ ᠠᠬᠢᠭᠣᠯᠵᠦ᠂ 2 ~ 3 ᠬᠤᠰᠢᠭᠤ ᠰᠢᠶᠠᠨ᠎ᠢ ᠨᠦᠭᠡᠴᠢᠯᠡᠨ ᠬᠦᠮᠦᠵᠢᠭᠦᠯᠬᠦ ᠰᠡᠳᠬᠢᠮᠵᠢ ᠶᠣᠰᠣᠭ᠋ᠠᠷ᠂ ᠬᠣᠶᠠᠷᠬᠤᠳᠳᠤᠭᠤᠨ ᠠᠮᠢ ᠠᠬᠤᠢ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠣᠷᠣᠨ ᠪᠣᠯᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠢ ᠲᠠᠨᠢᠯᠴᠠᠭᠤᠯᠵᠤ ᠠᠯᠠᠱ᠌ᠠ ᠠᠶ᠋ᠢᠮᠠᠭ᠎ᠤᠨ ᠶᠠᠰᠤ ᠴᠢᠨᠠᠷ ᠵᠶ᠋ᠠᠷ ᠰᠢᠶᠠᠨ᠎ᠢ ᠬᠦᠴᠦᠷᠬᠡᠭᠵᠢᠭᠦᠯᠬᠦ᠎ᠳᠤ ᠨᠥᠭᠡᠴᠡ ᠰᠢᠶᠠᠨ᠎ᠢ ᠪᠣᠢ᠌ᠵᠢᠭᠣᠯᠣᠨ ᠪᠦᠲᠦᠭᠡᠨ ᠪᠠᠢ᠌ᠭᠣᠯᠵᠦ᠂ ᠪᠦᠯᠦᠭ ᠣᠳᠠᠭ᠎ᠠ ᠬᠤᠪᠢᠶᠠᠨ ᠠᠯᠬᠤᠮ ᠳᠠᠷᠠᠭ᠎ᠠ ᠬᠤᠪᠢᠶᠠᠨ ᠯᠠᠪᠳᠠᠭᠤᠨ ᠪᠠᠲᠤᠲᠠᠶ ᠲᠦᠯᠬᠢᠨ ᠠᠬᠢᠭᠣᠯᠪᠠ᠃ ᠡᠭᠦᠨ᠎ᠤ ᠬᠠᠮᠲᠤ ᠠᠯᠠᠱ᠌ᠠ ᠪᠠᠷᠠᠭᠤᠨ ᠬᠤᠰᠢᠭᠤ᠂ ᠠᠯᠠᠱ᠌ᠠ ᠪᠠᠷᠠᠭᠤᠨ ᠬᠤᠰᠢᠭᠤᠨ᠎ᠤ ᠬᠤᠶᠠᠷ ᠪᠤᠶ᠋ᠢᠵᠢᠭᠤᠯᠬᠤ ᠬᠥᠮᠥᠷᠭᠡ ᠵᠢᠨ ᠬᠤᠰᠢᠭᠤ ᠰᠢᠶᠠᠨ᠎ᠢ ᠵᠣᠷᠢᠭᠵᠢᠭᠤᠯᠵᠤ ᠪᠠᠶ᠋ᠢᠭ᠋ᠠᠳ ᠶᠠᠰᠤ ᠴᠢᠨᠠᠷ ᠵᠶ᠋ᠠᠷ ᠰᠢᠶᠠᠨ᠎ᠢ ᠬᠦᠴᠦᠷᠬᠡᠭᠵᠢᠭᠦᠯᠬᠦ ᠵᠢ ᠪᠣᠢ᠌ᠵᠢᠭᠣᠯᠣᠨ ᠪᠦᠲᠦᠭᠡᠨ ᠪᠠᠢ᠌ᠭᠣᠯᠬᠤ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ ᠪᠠ ᠵᠠᠭᠤᠨ ᠬᠤᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠢ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠵᠦ᠂ ᠲᠣᠰ ᠪᠡᠶ᠎ᠡ ᠵᠢᠨ ᠪᠠᠶ᠋ᠢᠷᠢ ᠲᠣᠭᠲᠠᠭ᠋ᠠᠯᠲᠠ ᠪᠠ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ᠎ᠪᠠᠨ ᠰᠠᠭᠤᠷᠢᠯᠠᠨ᠂ ᠣᠨᠴᠠᠯᠢᠭᠲᠤ ᠠᠵᠢᠯᠯᠠᠭ᠎ᠠ ᠵᠢᠨ ᠨᠡᠷᠡᠲᠤ ᠲᠡᠮᠳᠡᠭᠲᠦ ᠵᠢ ᠪᠣᠶ ᠪᠣᠯᠭ᠋ᠠᠪᠠ᠃