ᠤᠯᠠᠭᠠᠨᠬᠠᠳᠠ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠵᠠᠷ ᠮᠡᠳᠡᠭᠡ ᠪᠠᠷ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠦᠷ᠎ᠡ ᠪᠦᠲᠦᠮᠵᠢ ᠣᠯᠪᠠ
2025-07-29

ᠡᠨᠡ ᠵᠢᠯ᠎ᠠᠴᠠ ᠨᠠᠭᠠᠰᠢ ᠂ ᠤᠯᠠᠭᠠᠨᠬᠠᠳᠠ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠲᠣᠭ᠍ᠲᠠᠭᠠᠯ᠎ᠳᠤ ᠨᠡᠢᠴᠡᠭᠦᠯᠦᠨ ᠵᠢᠯᠣᠭᠤᠳᠭᠤ ᠂ ᠰᠤᠷᠪᠤᠯᠵᠢᠯᠠᠨ ᠬᠠᠪᠰᠤᠷᠤᠨ ᠲᠡᠳᠬᠦᠬᠦ ᠂ ᠬᠠᠮᠵᠢᠯᠴᠠᠨ ᠬᠦᠴᠦᠯᠡᠬᠦ᠌᠎ᠪᠠᠷ ᠳᠠᠮᠵᠢᠭᠤᠯᠤᠨ ᠂ ᠵᠠᠷ ᠮᠡᠳᠡᠭᠡ ᠪᠠᠷ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠪᠣᠳᠠᠲᠤ ᠦᠷ᠎ᠡ ᠪᠦᠲᠦᠮᠵᠢ ᠤᠯᠪᠠ ᠃

ᠨᠢᠭᠡ᠎ᠳᠤ ᠂ ᠲᠣᠭ᠍ᠲᠠᠭᠠᠯ᠎ᠳᠤ ᠨᠡᠢᠴᠡᠭᠦᠯᠦᠨ ᠵᠢᠯᠣᠭᠤᠳᠴᠤ᠌ ᠂ 《 ᠭᠠᠯ᠎ᠢ ᠰᠡᠷᠭᠡᠢᠯᠡᠬᠦ᠌ ᠬᠡᠷᠡᠮ᠎ᠢ ᠪᠠᠢᠭᠤᠯᠪᠠ ᠃ ᠰᠡᠷᠭᠡᠢᠯᠡᠬᠦ᠌᠎ᠶ᠋ᠢ ᠲᠡᠷᠢᠭᠦᠨ᠎ᠳᠤ ᠲᠠᠯᠪᠢᠬᠤ ᠂ ᠡᠷᠲᠡ᠎ᠠᠴᠠ ᠠᠳᠭᠤᠬᠤ ᠪᠠᠭ᠎ᠠ᠎ᠠᠴᠠ ᠠᠳᠭᠤᠬᠤ ᠵᠠᠷᠴᠢᠮ ᠶᠣᠰᠣᠭᠠᠷ ᠂ ᠰᠠᠨᠠᠭᠤᠯᠤᠮᠵᠢ ᠶ᠋ᠢᠨ ᠬᠤᠷᠠᠯ ᠂ ᠵᠠᠰᠠᠭ ᠵᠠᠬᠢᠷᠭᠠᠨ᠎ᠤ ᠵᠢᠯᠣᠭᠤᠳᠭᠤ ᠬᠤᠷᠠᠯ ᠂ ᠲᠤᠬᠠᠶ ᠶ᠋ᠢᠨ ᠭᠠᠵᠠᠷ᠎ᠲᠤ ᠨᠢ ᠪᠠᠢᠴᠠᠭᠠᠯᠲᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠂ ᠡᠵᠡᠩᠨᠡᠯᠲᠡ ᠶ᠋ᠢᠨ ᠭᠤᠤᠯ ᠴᠤᠭ᠍ᠴᠠ᠎ᠳᠤ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠷ ᠮᠡᠳᠡᠭᠡ ᠶ᠋ᠢᠨ ᠬᠠᠤᠯᠢ 》 ᠂ 《 ᠢᠨᠲ᠋ᠧᠷ ᠰᠦᠯᠵᠢᠶᠡᠨ᠎ᠤ ᠵᠠᠷ ᠮᠡᠳᠡᠭᠡ ᠶ᠋ᠢᠨ ᠬᠠᠮᠢᠶᠠᠷᠤᠯᠲᠠ ᠶ᠋ᠢᠨ ᠠᠷᠭ᠎ᠠ 》 ᠂ 《 ᠡᠮᠴᠢᠯᠡᠭᠡᠨ᠎ᠤ ᠵᠠᠷ ᠮᠡᠳᠡᠭᠡ ᠶ᠋ᠢᠨ ᠬᠠᠮᠢᠶᠠᠷᠤᠯᠲᠠ ᠶ᠋ᠢᠨ ᠠᠷᠭ᠎ᠠ 》 ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠥᠷᠭᠡᠨ᠎ᠢᠶᠠᠷ ᠤᠬᠠᠭᠤᠯᠵᠤ ᠂ ᠡᠵᠡᠩᠨᠡᠯᠲᠡ ᠶ᠋ᠢᠨ ᠭᠣᠤᠯ ᠴᠣᠭ᠍ᠴᠠ ᠶ᠋ᠢᠨ ᠵᠠᠷ ᠮᠡᠳᠡᠭᠡ ᠶ᠋ᠢᠨ ᠦᠢᠯᠡ ᠠᠵᠢᠯᠯᠠᠭ᠎ᠠ᠎ᠳᠤ ᠲᠣᠭ᠍ᠲᠠᠭᠠᠯ᠎ᠳᠤ ᠨᠡᠢᠴᠡᠭᠦᠯᠬᠦ᠌ ᠵᠢᠯᠣᠭᠣᠳᠣᠯᠭ᠎ᠠ ᠶ᠋ᠢ ᠥᠷᠨᠢᠭᠦᠯᠵᠦ᠍ ᠂ ᠵᠠᠷ ᠮᠡᠳᠡᠭᠡ ᠶ᠋ᠢᠨ ᠠᠭᠤᠯᠭ᠎ᠠ ᠶ᠋ᠢᠨ ᠬᠠᠤᠯᠢ ᠶᠣᠰᠣᠴᠢ ᠴᠢᠨᠠᠷ ᠂ ᠣᠨᠣᠪᠴᠢᠲᠤ ᠴᠢᠨᠠᠷ ᠪᠠ ᠵᠣᠬᠢᠴᠠᠬᠤ ᠴᠢᠨᠠᠷ ᠎ᠢ ᠦᠨᠡᠨ ᠬᠦ᠌ ᠪᠠᠲᠤᠯᠠᠨ᠎ᠠ ᠃ ᠡᠭᠦᠨ᠎ᠤ ᠬᠠᠮᠲᠤ᠌ ᠂ ᠡᠯ᠎ᠡ ᠬᠠᠮᠢᠶ᠎ᠠ ᠪᠥᠬᠦᠶ ᠵᠠᠬ᠎ᠠ ᠳᠡᠯᠭᠡᠭᠦᠷ᠎ᠤᠨ ᠡᠵᠡᠩᠨᠡᠯᠲᠡ ᠶ᠋ᠢᠨ ᠭᠤᠤᠯ ᠴᠣᠭ᠍ᠴᠠ᠎ᠶ᠋ᠢ ᠱᠢᠮᠳᠠᠭᠤᠯᠵᠤ ᠪᠠᠢᠭᠠᠳ ᠵᠠᠷ ᠮᠡᠳᠡᠭᠡ ᠶ᠋ᠢᠨ ᠬᠠᠮᠢᠶᠠᠷᠤᠯᠲᠠ ᠶ᠋ᠢᠨ ᠬᠠᠮᠢᠶ᠎ᠠ ᠪᠥᠬᠦᠶ ᠲᠣᠭ᠍ᠲᠠᠭᠠᠯ᠎ᠲᠠᠢ ᠬᠠᠷᠢᠴᠠᠭᠤᠯᠤᠨ ᠥᠪᠡᠷᠲᠡᠭᠡᠨ ᠪᠠᠢᠴᠠᠭᠠᠬᠤ ᠠᠵᠢᠯ ᠥᠷᠨᠢᠭᠦᠯᠬᠦ᠌ ᠶ᠋ᠢᠨ ᠬᠠᠮᠲᠤ᠌ ᠂ ᠬᠠᠷᠢᠶ᠎ᠠ ᠣᠷᠣᠨ᠎ᠤ ᠢᠨᠲ᠋ᠧᠷ ᠰᠦᠯᠵᠢᠶᠡᠨ᠎ᠤ ᠠᠵᠤ ᠠᠬᠤᠢᠯᠠᠯ᠎ᠳᠤ ᠲᠤᠬᠠᠶ ᠶ᠋ᠢᠨ ᠭᠠᠵᠠᠷ᠎ᠤᠨ ᠪᠠᠢᠴᠠᠭᠠᠯᠲᠠ ᠪᠠ ᠲᠤᠬᠠᠶ ᠶ᠋ᠢᠨ ᠲᠠᠯᠠᠪᠤᠷ᠎ᠤᠨ ᠵᠢᠯᠣᠭᠤᠳᠣᠯᠭ᠎ᠠ ᠥᠷᠨᠢᠭᠦᠯᠵᠦ᠍ ᠂ ᠢᠨᠲ᠋ᠧᠷ ᠰᠦᠯᠵᠢᠶ᠎ᠡ ᠶ᠋ᠢᠨ ᠲᠠᠪᠴᠠᠩ᠎ᠤᠨ ᠬᠠᠮᠢᠶᠠᠷᠤᠯᠲᠠ ᠶ᠋ᠢᠨ ᠳᠦᠷᠢᠮ᠎ᠢ ᠲᠠᠰᠤᠷᠠᠯᠲᠠ ᠤᠢ᠍ᠭᠡᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠶ᠋ᠢ ᠱᠢᠮᠳᠠᠭᠤᠯᠵᠤ ᠂ ᠭᠣᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ ᠂ ᠵᠠᠷ ᠮᠡᠳᠡᠭᠡ ᠶ᠋ᠢᠨ ᠤᠬᠠᠭᠤᠯᠭ᠎ᠠ ᠶ᠋ᠢᠨ ᠠᠵᠢᠯᠯᠠᠭ᠎ᠠ ᠶ᠋ᠢ ᠦᠨᠡᠨ ᠬᠦ᠌ ᠵᠢᠷᠤᠮᠵᠢᠭᠤᠯᠤᠨ᠎ᠠ ᠃ ᠳᠡᠭᠡᠷ᠎ᠡ ᠬᠠᠭᠠᠰ ᠵᠢᠯ᠎ᠳᠤ ᠵᠠᠰᠠᠭ ᠵᠠᠬᠢᠷᠭᠠᠨ᠎ᠤ ᠵᠢᠯᠣᠭᠤᠳᠣᠯᠭ᠎ᠠ ᠶ᠋ᠢ ᠨᠡᠢᠲᠡ 3 ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍ ᠂ 32 ᠡᠵᠡᠩᠨᠡᠯᠲᠡ ᠶ᠋ᠢᠨ ᠭᠤᠤᠯ ᠴᠣᠭ᠍ᠴᠠ᠎ᠲᠠᠢ ᠪᠣᠯᠵᠣᠨ ᠶᠠᠷᠢᠯᠴᠠᠵᠤ ᠂ 4 ᠤᠳᠠᠭ᠎ᠠ ᠲᠣᠭ᠍ᠲᠠᠭᠠᠯ᠎ᠳᠤ ᠨᠡᠢᠴᠡᠬᠦ᠌ ᠪᠣᠯᠪᠠᠰᠤᠷᠠᠯ᠎ᠢ ᠥᠷᠨᠢᠭᠦᠯᠵᠦ᠍ ᠂ ᠬᠠᠮᠢᠶ᠎ᠠ ᠪᠥᠬᠦᠶ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠠᠵᠢᠯᠲᠠᠨ 650 ᠬᠥᠮᠦᠨ ᠤᠳᠠᠭ᠎ᠠ ᠬᠤᠯᠪᠣᠭ᠍ᠳᠠᠵᠠᠶ ᠃

ᠬᠤᠶᠠᠷ᠎ᠲᠤ᠌ ᠂ ᠰᠤᠷᠪᠤᠯᠵᠢᠯᠠᠨ ᠬᠠᠪᠰᠤᠷᠤᠨ ᠲᠡᠳᠬᠦᠵᠦ᠍ ᠂ 《 ᠬᠤᠯᠪᠣᠭᠠᠯᠠᠨ ᠨᠡᠪᠲᠡᠷᠡᠯᠴᠡᠬᠦ᠌ ᠬᠥᠭᠦᠷᠭᠡ 》 ᠶ᠋ᠢ ᠪᠤᠰᠭᠠᠪᠠ ᠃ ᠰᠤᠷᠪᠤᠯᠵᠢᠯᠠᠨ ᠪᠠᠢᠴᠠᠭᠠᠨ ᠰᠤᠳᠤᠯᠤᠯᠲᠠ ᠬᠢᠬᠦ᠌ ᠪᠠᠷ ᠳᠠᠮᠵᠢᠨ ᠂ ᠬᠥᠭ᠌ᠵᠢᠯᠲᠡ ᠶ᠋ᠢᠨ ᠳᠠᠯᠳᠠ ᠬᠦᠴᠦᠨ᠎ᠢᠶᠠᠷ ᠶᠡᠭᠡ ᠂ ᠬᠥᠲᠥᠯᠥᠨ ᠳᠠᠭᠠᠭᠤᠯᠬᠤ ᠦᠢᠯᠡᠳᠦᠯ᠎ᠢᠶᠠᠷ ᠴᠢᠩᠭ᠎ᠠ ᠣᠨᠴᠠᠯᠢᠭ᠍ᠲᠤ ᠲᠠᠷᠢᠶᠠᠯᠠᠩ ᠪᠠ ᠮᠠᠯ᠎ᠤᠨ ᠪᠦᠲᠦᠭᠡᠭ᠌ᠳᠡᠬᠦᠨ᠎ᠤ ᠠᠵᠤ ᠠᠬᠤᠢᠯᠠᠯ᠎ᠳᠤ ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠵᠦ᠍ ᠂ ᠵᠠᠷ ᠮᠡᠳᠡᠭᠡ ᠡᠵᠡᠩᠨᠡᠬᠦ᠌ ᠭᠤᠤᠯ ᠴᠣᠭ᠍ᠴᠠ ᠶ᠋ᠢᠨ ᠠᠵᠤ ᠠᠬᠤᠢᠯᠠᠯ᠎ᠯᠤᠭ᠎ᠠ ᠬᠠᠮᠲᠤᠷᠠᠯᠴᠠᠨ ᠵᠠᠯᠭᠠᠯᠳᠤᠬᠤ ᠶ᠋ᠢ ᠵᠣᠷᠢᠭ᠍ᠵᠢᠭᠤᠯᠵᠤ ᠂ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠪᠦᠲᠦᠭᠡᠯ᠎ᠢ ᠬᠠᠪᠰᠤᠷᠤᠨ ᠦᠢᠯᠡᠳᠴᠦ᠍ ᠂ ᠵᠠᠷ ᠮᠡᠳᠡᠭᠡ ᠶ᠋ᠢᠨ ᠠᠵᠤ ᠦᠢᠯᠡᠰ ᠬᠢᠭᠡᠳ ᠣᠷᠣᠨ ᠪᠦᠰᠡ ᠶ᠋ᠢᠨ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠵᠤ ᠦᠢᠯᠡᠰ᠎ᠤᠨ ᠭᠦᠨᠵᠡᠭᠡᠶ ᠠᠭᠤᠰᠤᠯᠴᠠᠯ ᠂ ᠬᠠᠮᠲᠤ᠎ᠪᠠᠷ ᠬᠥᠭ᠌ᠵᠢᠬᠦ᠌᠎ᠶ᠋ᠢ ᠪᠡᠶᠡᠯᠡᠭᠦᠯᠦᠨ᠎ᠡ ᠃ ᠣᠳᠣᠬᠠᠨ᠎ᠳᠤ ᠂ ᠲᠠᠷᠢᠶᠠᠯᠠᠩ᠎ᠢ ᠲᠤᠰᠠᠯᠠᠬᠤ ᠣᠯᠠᠨ ᠵᠠᠷ ᠮᠡᠳᠡᠭᠡ ᠶ᠋ᠢᠨ ᠪᠦᠲᠦᠭᠡᠯ᠎ᠢ ᠨᠢᠭᠡᠨᠲᠡ ᠲᠥᠪ ᠲᠧᠯᠸᠢᠰ᠎ᠤᠨ ᠰᠤᠪᠠᠭ ᠂ ᠪᠡᠭᠡᠵᠢᠩ᠎ᠤᠨ ᠣᠳᠣᠨ ᠲᠧᠯᠸᠢᠰ ᠂ ᠥᠪᠥᠷ ᠮᠣᠩᠭᠤᠯ᠎ᠤᠨ ᠣᠳᠣᠨ ᠲᠧᠯᠸᠢᠰ ᠵᠡᠷᠭᠡ ᠭᠤᠤᠯ ᠵᠠᠭᠤᠴᠢᠯᠠᠭᠤᠷ᠎ᠲᠤ ᠨᠡᠪᠲᠡᠷᠡᠭᠦᠯᠦᠭ᠌ᠰᠡᠨ ᠪᠥᠭᠡᠳ ᠪᠡᠭᠡᠵᠢᠩ ᠲᠢᠶᠠᠨᠵᠢᠨ ᠾᠧᠪᠧᠶ ᠂ ᠬᠥᠬᠡᠮᠥ᠋ᠷᠡᠨ᠎ᠤ ᠭᠤᠷᠪᠠᠯᠵᠢᠨ ᠬᠤᠢᠭ ᠵᠡᠷᠭᠡ ᠭᠠᠵᠠᠷ᠎ᠲᠤ ᠬᠠᠨᠳᠤᠯᠭᠠᠲᠤ ᠴᠢᠨᠠᠷᠲᠠᠶ ᠤᠬᠠᠭᠤᠯᠭ᠎ᠠ ᠥᠷᠨᠢᠭᠦᠯᠪᠡ ᠃ 52 ᠠᠵᠤ ᠠᠬᠤᠢᠯᠠᠯ᠎ᠤᠨ ᠱᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠬᠥᠮᠦᠰ ᠨᠢᠭᠡᠨᠲᠡ ᠲᠢᠺ ᠲᠣᠺ ᠂ ᠪᠤᠱᠢᠭᠤ ᠭᠠᠷ ᠵᠡᠷᠭᠡ ᠲᠠᠪᠴᠠᠩ᠎ᠳᠤ ᠣᠷᠣᠵᠤ ᠱᠢᠭᠤᠳ ᠨᠡᠪᠲᠡᠷᠡᠭᠦᠯᠦᠨ ᠪᠣᠷᠣᠯᠠᠭᠤᠯᠵᠤ ᠂ ᠤᠯᠠᠭᠠᠨᠬᠠᠳᠠ ᠶ᠋ᠢᠨ ᠣᠨᠴᠠᠯᠢᠭ᠍ᠲᠤ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢ ᠨᠠᠩ ᠶᠡᠭᠡ ᠬᠡᠪᠴᠢᠶ᠎ᠡ᠎ᠪᠠᠷ ᠤᠬᠠᠭᠤᠯᠤᠨ ᠳᠡᠯᠭᠡᠷᠡᠭᠦᠯᠪᠡ ᠃

ᠭᠤᠷᠪᠠ᠎ᠳᠤ ᠂ ᠬᠠᠮᠵᠢᠯᠴᠠᠨ ᠬᠦᠴᠦᠯᠡᠵᠦ᠍ ᠂ 《 ᠴᠢᠨᠡᠭᠡᠯᠢᠭ᠌ᠵᠢᠯ᠎ᠤᠨ ᠵᠠᠮ 》᠎ᠢ ᠴᠣᠭ᠍ᠴᠠᠯᠠᠨ᠎ᠠ ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠂ ᠵᠠᠷ ᠮᠡᠳᠡᠭᠡ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠂ ᠡᠯ᠎ᠡ ᠱᠠᠲᠤᠨ᠎ᠤ ᠵᠠᠭᠤᠴᠢᠯᠠᠭᠤᠷ ᠵᠢᠴᠢ ᠲᠠᠪᠴᠠᠩ ᠪᠣᠯᠤᠨ ᠲᠠᠷᠢᠶᠠᠯᠠᠩ ᠮᠠᠯ᠎ᠤᠨ᠎ᠪᠦᠲᠦᠭᠡᠭ᠌ᠳᠡᠬᠦᠨ᠎ᠤ ᠠᠵᠤ ᠠᠬᠤᠢᠯᠠᠯ ᠵᠡᠷᠭᠡ ᠡᠯ᠎ᠡ ᠲᠠᠯ᠎ᠠ ᠶ᠋ᠢᠨ ᠨᠢᠭ᠍ᠲᠠ ᠬᠠᠮᠵᠢᠯᠴᠠᠭ᠎ᠠ ᠪᠣᠯᠤᠨ ᠭᠦᠨᠵᠡᠭᠡᠶ ᠬᠠᠮᠲᠤᠷᠠᠯᠴᠠᠭ᠎ᠠ᠎ᠪᠠᠷ ᠳᠠᠮᠵᠢᠭᠤᠯᠤᠨ ᠂ ᠣᠣᠬᠠᠨ ᠎ᠤ ᠨᠠᠷᠢᠮᠤ ᠂ ᠯᠢᠨᠰᠢ ᠶ᠋ᠢᠨ ᠡᠯᠳᠡᠪ ᠠᠮᠤ ᠂ ᠬᠠᠷᠠᠴᠢᠨ ᠬᠤᠱᠢᠭᠤᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ ᠵᠡᠷᠭᠡ 24 ᠠᠵᠤ ᠠᠬᠤᠢᠯᠠᠯ᠎ᠤᠨ 36 ᠲᠥᠷᠥᠯ᠎ᠤᠨ ᠦᠢᠯᠡᠳᠬᠦᠨ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠳᠤ ᠣᠷᠣᠯᠴᠠᠪᠠ ᠃ ᠣᠲᠣ ᠪᠣᠯᠲᠠᠯ᠎ᠠ ᠂ ᠵᠠᠷ ᠮᠡᠳᠡᠭᠡ᠎ᠪᠠᠷ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠨᠢᠭᠡᠨᠲᠡ ᠲᠠᠷᠢᠶᠠᠯᠠᠩ᠎ᠢ ᠳᠡᠮᠵᠢᠵᠦ᠍ ᠠᠵᠤ ᠠᠬᠤᠢᠯᠠᠯ᠎ᠢ ᠲᠤᠰᠠᠯᠠᠬᠤ ᠪᠦᠲᠦᠭᠡᠯ᠎ᠢ 530 ᠵᠤᠷᠪᠤᠰ ᠤᠳᠠᠭ᠎ᠠ ᠦᠢᠯᠡᠳᠴᠦ᠍ ᠨᠡᠢᠲᠡᠯᠡᠵᠦ᠍ ᠂ ᠳᠠᠭᠤ ᠳᠦᠷᠰᠦ ᠱᠢᠩᠭᠡᠭᠡᠯᠲᠡ ᠶ᠋ᠢᠨ ᠶᠡᠷᠦᠩᠬᠡᠶ ᠴᠠᠭ᠎ᠨᠢ 66 ᠴᠠᠭ ᠪᠠᠢᠵᠤ ᠂ ᠱᠢᠭᠤᠳ ᠨᠡᠪᠲᠡᠷᠡᠭᠦᠯᠭᠡ᠎ᠶ᠋ᠢ 45 ᠲᠠᠯᠠᠪᠤᠷ ᠤᠳᠠᠭ᠎ᠠ ᠵᠣᠬᠢᠶᠠᠨ ᠪᠠᠢᠭᠤᠯᠵᠤ ᠂ ᠰᠦᠯᠵᠢᠶᠡᠨ ᠳᠡᠭᠡᠷᠡᠬᠢ ᠦᠵᠡᠭ᠌ᠴᠢᠳ᠎ᠦᠨ ᠲᠤᠭ᠎ᠠ᠎ᠨᠢ ᠨᠡᠢᠲᠡ 94500 ᠬᠥᠮᠦᠨ ᠪᠠᠢᠵᠤ ᠂ ᠮᠠᠯ ᠲᠠᠷᠢᠶᠠᠯᠠᠩ᠎ᠳᠤ ᠬᠣᠯᠪᠣᠭ᠍ᠳᠠᠭ᠍ᠰᠠᠨ ᠠᠵᠤ ᠠᠬᠤᠢᠯᠠᠯ ᠪᠣᠯᠤᠨ ᠣᠯᠠᠨ ᠲᠦᠮᠡᠨ᠎ᠦ ᠣᠷᠣᠯᠭ᠎ᠠ᠎ᠶ᠋ᠢ 2500 ᠭᠠᠷᠤᠢ ᠲᠦᠮᠡᠨ ᠲᠥᠭᠥᠷᠢᠭ ᠨᠡᠮᠡᠭ᠌ᠳᠡᠭᠦᠯᠪᠡ ᠃ ᠵᠢᠭ᠍ᠰᠠᠭᠠᠯ᠎ᠤᠨ ᠮᠠᠶᠢᠭ᠎ᠤᠨ ᠤᠬᠠᠭᠤᠯᠭ᠎ᠠ ᠲᠠᠨᠢᠯᠴᠠᠭᠤᠯᠭ᠎ᠠ ᠪᠠᠷ ᠳᠠᠮᠵᠢᠨ ᠂ ᠲᠠᠷᠢᠶᠠᠯᠠᠩ ᠮᠠᠯ᠎ᠤᠨ ᠪᠦᠲᠦᠭᠡᠭ᠌ᠳᠡᠭᠦᠨ᠎ᠤ ᠥᠷᠲᠡᠭ ᠨᠡᠮᠡᠭ᠌ᠳᠡᠵᠦ᠍ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠶᠠᠪᠤᠴᠠ᠎ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠍ ᠂ ᠵᠠᠷ ᠮᠡᠳᠡᠭᠡ ᠶ᠋ᠢᠨ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠢ ᠬᠠᠷᠢᠯᠴᠠᠨ ᠠᠬᠢᠭᠤᠯᠤᠭ᠍ᠰᠠᠨ ᠂ ᠬᠠᠷᠢᠯᠴᠠᠨ ᠠᠱᠢᠭ᠍ᠲᠠᠢ ᠬᠠᠮᠲᠤ ᠪᠠᠷ ᠠᠱᠢᠭ ᠬᠦᠷᠲᠡᠬᠦ᠌ ᠰᠠᠢᠨ ᠰᠠᠢᠬᠠᠨ ᠬᠥᠭ᠌ᠵᠢᠯᠲᠡ ᠶ᠋ᠢᠨ ᠪᠠᠢᠳᠠᠯ᠎ᠢ ᠪᠣᠢ ᠪᠣᠯᠭᠠᠪᠠ ᠃

ᠢᠷᠡᠯᠲᠡ᠄ ᠤᠯᠠᠭᠠᠨᠬᠠᠳᠠ ᠬᠤᠲᠠ ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ