                       
2025-06-30

ᠡᠨᠡ ᠵᠢᠯ᠎ᠠᠴᠠ ᠨᠠᠭ᠋ᠠᠰᠢ᠂ ᠤᠯᠠᠭ᠋ᠠᠨᠬᠠᠳᠠ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠤ ᠠᠬᠤᠶ᠋ᠢᠯᠠᠯ᠎ᠤᠨ ᠲᠤᠰᠬᠠᠯ ᠴᠢᠩᠭ᠎ᠠ ᠪᠠᠢ᠌ᠬᠤ ᠠᠵᠤ ᠠᠬᠤᠶ᠋ᠢᠯᠠᠯ᠎ᠳᠤ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ᠂ ᠮᠥᠩᠭᠦᠨ ᠭᠦᠢ᠍ᠯᠭᠡᠭᠡᠨ᠎ᠤ ᠰᠦᠢ᠍ᠳᠬᠡᠯ ᠬᠤᠷᠢᠶᠠᠬᠤ᠂ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ᠎ᠤᠨ ᠰᠦᠢ᠍ᠳᠬᠡᠯ ᠬᠤᠷᠢᠶᠠᠬᠤ ᠵᠢᠴᠢ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠰᠦᠢ᠍ᠳᠬᠡᠯ ᠬᠤᠷᠢᠶᠠᠬᠤ᠎ᠪᠠᠷ ᠭᠤᠤᠯᠳᠠᠯᠭ᠎ᠠ ᠪᠣᠯᠭ᠋ᠠᠨ 《ᠵᠢᠷᠤᠮᠵᠢᠯ᠎ᠲᠠᠢ᠂ ᠢᠯᠡ ᠲᠣᠳᠣ᠂ ᠳᠠᠷᠤᠭ᠋ᠠᠰᠤ ᠵᠢ ᠬᠥᠩᠭᠡᠯᠡᠬᠦ》᠎ᠪᠠᠷ ᠬᠠᠷᠠᠯᠲᠠ ᠪᠣᠯᠭ᠋ᠠᠵᠤ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠦᠢ᠍ᠯᠡ ᠠᠵᠢᠯᠯᠠᠭ᠎ᠠ ᠵᠢ ᠦᠷᠭᠦᠯᠵᠢᠯᠡᠨ ᠵᠢᠷᠤᠮᠵᠢᠭᠤᠯᠵᠤ᠂ ᠠᠵᠤ ᠠᠬᠤᠶ᠋ᠢᠯᠠᠯ᠎ᠢ ᠪᠦᠬᠦ ᠬᠦᠴᠦᠨ ᠵᠶ᠋ᠠᠷ ᠵᠶ᠋ᠠᠨ ᠬᠠᠪᠰᠤᠷᠴᠤ ᠪᠠᠶ᠋ᠢᠭ᠋ᠠᠳ ᠳᠠᠷᠤᠭ᠋ᠠᠰᠤ ᠵᠢ᠎ᠨᠢ ᠬᠥᠩᠭᠡᠯᠡᠵᠦ ᠦᠷ᠎ᠡ ᠠᠰᠢᠭ᠎ᠢ᠎ᠨᠢ ᠨᠡᠮᠡᠭᠳᠡᠭᠦᠯᠪᠡ᠃     

ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦᠢ᠍ᠳᠬᠡᠯ ᠬᠤᠷᠢᠶᠠᠬᠤ ᠡᠷᠦᠢ ᠬᠤᠷᠤᠢ ᠦᠭᠡᠢ ᠪᠠᠢ᠌ᠳᠠᠯ᠎ᠳᠤ ᠨᠠᠷᠢᠯᠢᠭ ᠣᠨᠣᠪᠴᠢᠲᠠᠢ᠎ᠪᠠᠷ 《ᠰᠡᠯᠡᠮ᠎ᠡ ᠭᠠᠷᠭ᠋ᠠᠪᠠ》

ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ᠎ᠤᠨ 《ᠪᠠᠴᠢᠮ ᠬᠦᠴᠢᠷ ᠵᠣᠪᠠᠵᠤ ᠬᠦᠰᠡᠵᠦ》 ᠪᠠᠢ᠌ᠬᠤ ᠪᠠᠢ᠌ᠳᠠᠯ᠎ᠲᠠᠢ ᠨᠢᠭᠲᠠ ᠤᠶᠠᠯᠳᠤᠭᠤᠯᠤᠨ᠂ ᠳᠥᠷᠪᠡᠨ ᠶᠡᠭᠡ ᠰᠦᠢ᠍ᠳᠬᠡᠯ ᠬᠤᠷᠢᠶᠠᠬᠤ ᠬᠦᠷᠢᠶᠡᠨ᠎ᠳᠤ 《ᠲᠣᠤᠷ ᠲᠠᠲᠠᠬᠤ ᠮᠠᠶᠢᠭ》᠎ᠤᠨ ᠵᠢᠭᠰᠠᠭ᠋ᠠᠨ ᠪᠠᠶ᠋ᠢᠴᠠᠭ᠋ᠠᠯᠲᠠ ᠥᠷᠨᠢᠭᠦᠯᠪᠡ᠄ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠬᠦᠷᠢᠶᠡᠨ᠎ᠳᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠳᠠᠩᠰᠠᠯᠠᠨ ᠲᠡᠮᠳᠡᠭᠯᠡᠬᠦ᠂ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠡᠷᠭᠡ ᠭᠤᠭᠴᠤᠭ᠎ᠠ᠎ᠳᠤ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠬᠤ᠂ ᠬᠡᠯᠪᠡᠷᠢ ᠥᠭᠡᠷᠡᠲᠦᠭᠦᠯᠦᠨ ᠥᠪᠡᠷ᠎ᠤᠨ ᠥᠷᠲᠡᠭ᠎ᠢ ᠰᠢᠯᠵᠢᠭᠦᠯᠬᠦ ᠵᠡᠷᠭᠡ ᠠᠰᠠᠭᠤᠳᠠᠯ ᠣᠷᠣᠰᠢᠵᠤ ᠪᠠᠶ᠋ᠢᠬᠤ ᠡᠰᠡᠬᠦ ᠵᠢ ᠭᠤᠣᠯᠳᠠᠯᠭ᠎ᠠ᠎ᠲᠠᠢ ᠬᠢᠨᠠᠨ ᠪᠠᠶ᠋ᠢᠴᠠᠭ᠋ᠠᠪᠠ; ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠡᠷᠭᠡ ᠨᠡᠶ᠋ᠢᠲᠡ ᠵᠢᠨ ᠬᠡᠷᠡᠭᠯᠡᠭᠡᠨ᠎ᠤ ᠦᠢ᠍ᠯᠡᠰ᠎ᠤᠨ ᠬᠦᠷᠢᠶᠡᠨ᠎ᠳᠤ ᠠᠯᠪᠠᠳᠠᠯᠭ᠎ᠠ᠎ᠪᠠᠷ ᠨᠡᠶ᠋ᠢᠯᠡᠭᠦᠯᠦᠨ ᠬᠤᠳᠠᠯᠳᠤᠬᠤ᠂ ᠬᠡᠯᠪᠡᠷᠢ ᠥᠭᠡᠷᠡᠲᠦᠭᠦᠯᠦᠨ ᠳᠠᠩ ᠦᠨ᠎ᠡ ᠵᠢ ᠥᠰᠬᠡᠬᠦ᠂ 《ᠳᠠᠭ᠋ᠠᠯᠳᠤᠭᠤᠯᠤᠨ ᠦᠨ᠎ᠡ ᠥᠰᠬᠡᠬᠦ》 ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠪᠠ; ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠣᠭᠲᠠᠭ᠋ᠠᠯ᠎ᠠᠴᠠ ᠵᠥᠷᠢᠴᠡᠨ ᠡᠳ᠋᠎ᠤᠨ ᠶᠠᠪᠤᠳᠠᠯ᠎ᠤᠨ ᠵᠥᠪᠯᠡᠭᠴᠢ ᠵᠢᠨ ᠵᠠᠷᠤᠳᠠᠯ᠂ ᠮᠡᠳᠡᠭᠡ ᠵᠠᠩᠭᠢ ᠵᠢᠨ ᠵᠥᠪᠯᠡᠯᠭᠡ ᠥᠭᠬᠦ ᠵᠠᠷᠤᠳᠠᠯ ᠵᠡᠷᠭᠡ 《ᠳᠠᠯᠳᠠ ᠳᠠᠷᠤᠭ᠋ᠠᠰᠤ》᠎ᠳᠤ ᠴᠢᠭᠯᠡᠭᠦᠯᠦᠨ ᠳᠠᠭ᠋ᠠᠷᠢᠯᠲᠠ ᠬᠢᠪᠡ; ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠨᠡᠶ᠋ᠢᠭᠡᠮᠯᠢᠭ᠎ᠤᠨ ᠬᠦᠷᠢᠶᠡᠨ᠎ᠳᠤ ᠠᠯᠪᠠᠳᠠᠯᠭ᠎ᠠ᠎ᠪᠠᠷ ᠡᠪᠯᠡᠯ᠎ᠳᠤ ᠣᠷᠣᠬᠤ᠂ ᠨᠡᠶ᠋ᠢᠭᠡᠮᠯᠢᠭ᠎ᠤᠨ ᠵᠠᠷᠤᠳᠠᠯ᠎ᠢ ᠲᠡᠰᠬᠡᠨ ᠨᠣᠭᠳᠠᠭᠤᠯᠬᠤ᠂ ᠦᠢ᠍ᠯᠡᠴᠢᠯᠡᠭᠡᠨ᠎ᠤ ᠰᠦᠢ᠍ᠳᠬᠡᠯ᠎ᠢ ᠲᠣᠭᠲᠠᠭ᠋ᠠᠬᠤ ᠵᠡᠷᠭᠡ ᠡᠷᠦᠢ ᠬᠤᠷᠤᠢ ᠦᠭᠡᠢ ᠪᠠᠢ᠌ᠳᠠᠯ᠎ᠢ ᠲᠥᠪᠯᠡᠷᠡᠭᠦᠯᠦᠨ ᠴᠡᠭᠴᠡᠯᠡᠪᠡ᠃ ᠬᠠᠤᠯᠢ ᠬᠡᠷᠡᠭᠵᠢᠭᠦᠯᠬᠦ ᠠᠵᠢᠯᠲᠠᠨ ᠰᠦᠢ᠍ᠳᠬᠡᠯ ᠬᠤᠷᠢᠶᠠᠬᠤ ᠨᠢᠭᠡᠴᠢ ᠵᠢᠨ ᠡᠳ᠋᠎ᠤᠨ ᠶᠠᠪᠤᠳᠠᠯ᠎ᠤᠨ ᠲᠠᠩᠰᠠ ᠵᠢ ᠰᠢᠯᠵᠢᠭᠦᠯᠦᠨ ᠠᠪᠬᠤ᠂ ᠦᠢ᠍ᠯᠡᠴᠢᠯᠡᠭᠡᠨ᠎ᠤ ᠭᠡᠷ᠎ᠡ ᠵᠢᠨ ᠫᠢᠶᠣᠣ ᠪᠠᠷᠢᠮᠲᠠ ᠵᠢ ᠰᠤᠭᠤᠴᠢᠨ ᠪᠠᠶ᠋ᠢᠴᠠᠭ᠋ᠠᠬᠤ᠂ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠦᠢ᠍ᠳᠬᠡᠯ ᠬᠤᠷᠢᠶᠠᠬᠤ ᠵᠢ ᠢᠯᠡ ᠨᠡᠶ᠋ᠢᠲᠡᠯᠡᠭᠰᠡᠨ ᠲᠠᠯ᠎ᠠ᠎ᠪᠠᠷ ᠵᠢᠷᠤᠮᠵᠢᠯ ᠥᠬᠡᠶ᠂ ᠪᠡᠶ᠎ᠡ᠎ᠪᠠᠨ ᠳᠠᠭ᠋ᠠᠭ᠋ᠠᠭᠰᠠᠨ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠬᠤ ᠵᠡᠷᠭᠡ ᠣᠯᠠᠨ ᠲᠥᠷᠥᠯ᠎ᠤᠨ ᠠᠰᠠᠭᠤᠳᠠᠯ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠪᠠᠶ᠋ᠢᠴᠠᠭ᠋ᠠᠯᠲᠠ᠎ᠳᠤ ᠥᠨᠴᠥᠭ ᠪᠤᠯᠤᠩ ᠥᠬᠡᠶ᠂ ᠪᠠᠯᠠᠶ ᠣᠷᠣᠨ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃

ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠎ᠢ ᠦᠨᠡᠨ ᠪᠤᠳᠠᠲᠠᠢ᠎ᠪᠠᠷ ᠴᠡᠭᠴᠡᠯᠡᠨ ᠵᠠᠰᠠᠪᠠ

ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ 《ᠥᠴᠦᠬᠡᠨ ᠴᠦ᠍ ᠢᠯᠳᠠᠷ ᠬᠠᠶᠠᠬᠤ ᠥᠬᠡᠶ》 ᠣᠪᠣᠷ᠎ᠢ ᠪᠠᠷᠢᠮᠲᠠᠯᠠᠨ᠂ 《ᠴᠡᠭᠴᠡᠯᠡᠨ ᠰᠠᠢ᠌ᠵᠢᠷᠠᠭᠤᠯᠬᠤ + ᠰᠢᠢ᠍ᠳᠭᠡᠨ ᠲᠣᠷᠭ᠋ᠠᠬᠤ》 ᠬᠣᠣᠰ ᠵᠠᠮ᠎ᠤᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠬᠤ᠂ ᠪᠡᠶ᠎ᠡ᠎ᠪᠠᠨ ᠳᠠᠭ᠋ᠠᠭ᠋ᠠᠭᠰᠠᠨ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ ᠵᠡᠷᠭᠡ ᠦᠢ᠍ᠯᠡ ᠠᠵᠢᠯᠯᠠᠭ᠎ᠠ᠎ᠳᠤ 《ᠵᠠᠷᠯᠢᠭᠳᠠᠨ ᠵᠠᠯᠠᠷᠠᠭᠤᠯᠬᠤ ᠮᠡᠳᠡᠭᠳᠡᠯ᠎ᠤᠨ ᠪᠢᠴᠢᠭ》 ᠪᠠᠭᠤᠯᠭ᠋ᠠᠵᠤ᠂ ᠲᠣᠭᠲᠠᠭ᠋ᠠᠯ᠎ᠠᠴᠠ ᠵᠥᠷᠢᠴᠡᠭᠰᠡᠨ ᠵᠠᠷᠤᠳᠠᠯ᠎ᠢ ᠬᠤᠭᠤᠴᠠᠭ᠎ᠠ ᠬᠢᠵᠠᠭ᠋ᠠᠷᠯᠠᠨ ᠪᠤᠴᠠᠭ᠋ᠠᠯᠭ᠋ᠠᠪᠠ; ᠣᠯᠠᠨᠲᠠ ᠪᠠᠶ᠋ᠢᠴᠠᠭ᠋ᠠᠵᠤ ᠣᠯᠠᠨᠲᠠ ᠵᠥᠷᠢᠴᠡᠭᠰᠡᠨ᠂ ᠰᠢᠨᠵᠢ ᠴᠢᠨᠠᠷ ᠵᠶ᠋ᠠᠷ ᠮᠠᠭᠤ ᠨᠢᠭᠡᠴᠢ ᠵᠢ ᠬᠠᠤᠯᠢ ᠶᠣᠰᠣᠭ᠋ᠠᠷ ᠰᠢᠢ᠍ᠳᠭᠡᠬᠦ ᠵᠢᠨ ᠬᠠᠮᠲᠤ ᠢᠯᠡ ᠨᠡᠶ᠋ᠢᠲᠡᠯᠡᠵᠦ᠂ 《ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠨᠢᠭᠡ ᠬᠡᠰᠡᠭ᠎ᠢ ᠰᠦᠷᠳᠡᠭᠦᠯᠬᠦ》 ᠦᠢ᠍ᠯᠡᠳᠦᠯ᠎ᠢ ᠪᠣᠶ ᠪᠣᠯᠭ᠋ᠠᠪᠠ᠃ ᠡᠭᠦᠨ᠎ᠤ ᠬᠠᠮᠲᠤ᠂ 《ᠨᠢᠭᠡ ᠠᠵᠤ ᠠᠬᠤᠶ᠋ᠢᠯᠠᠯ ᠨᠢᠭᠡ ᠲᠠᠩᠰᠠ ᠡᠪᠬᠡᠮᠡᠯ》᠎ᠤᠨ ᠴᠡᠭᠴᠡᠯᠡᠨ ᠰᠠᠶ᠋ᠢᠵᠢᠷᠠᠭᠤᠯᠬᠤ ᠡᠬᠡ ᠲᠠᠩᠰᠠ ᠵᠢ ᠪᠠᠶ᠋ᠢᠭᠤᠯᠵᠤ᠂ 《ᠠᠰᠠᠭᠤᠳᠠᠯ᠎ᠢ ᠬᠦᠴᠦᠨ ᠥᠬᠡᠶ ᠪᠣᠯᠭ᠋ᠠᠬᠤ + ᠡᠷᠭᠢᠵᠦ ᠬᠠᠷᠠᠬᠤ》 ᠲᠣᠭᠲᠠᠴᠠ ᠵᠢ ᠬᠡᠷᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠢᠨ 《ᠳᠠᠬᠢᠨ ᠰᠡᠷᠭᠦᠬᠦ ᠥᠬᠡᠶ᠂ ᠳᠠᠬᠢᠨ ᠢᠯᠡᠷᠡᠬᠦ ᠥᠬᠡᠶ》 ᠪᠠᠶ᠋ᠢᠬᠤ ᠵᠢ ᠦᠨᠡᠨ ᠬᠦ᠌ ᠪᠠᠲᠤᠯᠠᠪᠠ᠃ ᠬᠠᠤᠯᠢ ᠵᠢ ᠴᠢᠩᠭ᠎ᠠ ᠬᠡᠷᠡᠭᠵᠢᠭᠦᠯᠬᠦ᠎ᠪᠠᠷ ᠳᠠᠮᠵᠢᠭᠤᠯᠤᠨ᠂ ᠰᠦᠢ᠍ᠳᠬᠡᠯ ᠬᠤᠷᠢᠶᠠᠬᠤ ᠨᠢᠭᠡᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠡᠮᠬᠢ ᠵᠢᠷᠤᠮ᠎ᠢ ᠦᠨᠡᠨ ᠬᠦ᠌ ᠬᠠᠮᠠᠭ᠋ᠠᠯᠠᠪᠠ᠃

ᠦᠢ᠍ᠯᠡᠴᠢᠯᠡᠵᠦ ᠵᠢᠯᠤᠭᠤᠳᠬᠤ᠎ᠪᠠᠨ ᠭᠦᠨᠵᠡᠭᠡᠶ᠋ᠢᠷᠡᠭᠦᠯᠵᠦ᠂ ᠰᠦᠢ᠍ᠳᠬᠡᠯ ᠬᠤᠷᠢᠶᠠᠬᠤ ᠠᠵᠢᠯᠯᠠᠭ᠎ᠠ ᠵᠢᠨ 《ᠰᠠᠨᠠᠭ᠋ᠠᠴᠢᠯᠠᠭ᠎ᠠ᠎ᠠᠴᠠ᠎ᠪᠠᠨ ᠲᠣᠭᠲᠠᠭ᠋ᠠᠯ᠎ᠳᠤ ᠨᠡᠶ᠋ᠢᠴᠡᠬᠦ》 ᠵᠢ ᠠᠬᠢᠭᠤᠯᠪᠠ

《ᠬᠢᠨᠠᠨ ᠬᠠᠮᠢᠶᠠᠷᠤᠯᠲᠠ + ᠦᠢ᠍ᠯᠡᠴᠢᠯᠡᠭᠡ》 ᠵᠢᠨ ᠠᠭᠤᠰᠤᠯᠴᠠᠬᠤ ᠵᠢ ᠪᠠᠷᠢᠮᠲᠠᠯᠠᠪᠠ᠃ ᠲᠣᠭᠲᠠᠭ᠋ᠠᠯ᠎ᠠᠴᠠ ᠵᠥᠷᠢᠴᠡᠭᠰᠡᠨ᠎ᠢ ᠴᠢᠩᠭ᠎ᠠ ᠪᠠᠶ᠋ᠢᠴᠠᠭ᠋ᠠᠬᠤ ᠵᠢᠨ ᠬᠠᠮᠲᠤ᠂ ᠰᠠᠨᠠᠭ᠋ᠠᠴᠢᠯᠠᠭ᠎ᠠ᠎ᠠᠴᠠ᠎ᠪᠠᠨ ᠤᠷᠢᠳ ᠵᠶ᠋ᠠᠷ ᠦᠢ᠍ᠯᠡᠴᠢᠯᠡᠨ᠂ ᠰᠦᠢ᠍ᠳᠬᠡᠯ ᠬᠤᠷᠢᠶᠠᠬᠤ ᠦᠢ᠍ᠯᠡ ᠠᠵᠢᠯᠯᠠᠭ᠎ᠠ ᠵᠢ 《ᠰᠠᠨᠠᠭ᠋ᠠᠴᠢᠯᠠᠭ᠋ᠠᠲᠤ ᠪᠤᠰᠤ ᠵᠢᠷᠤᠮᠵᠢᠯ》᠎ᠠᠴᠠ 《ᠰᠠᠨᠠᠭ᠋ᠠᠴᠢᠯᠠᠭ᠎ᠠ᠎ᠠᠴᠠ᠎ᠪᠠᠨ ᠲᠣᠭᠲᠠᠭ᠋ᠠᠯ᠎ᠳᠤ ᠨᠡᠶ᠋ᠢᠴᠡᠭᠦᠯᠬᠦ》 ᠲᠡᠢ᠌ᠰᠢ ᠬᠤᠪᠢᠷᠠᠭᠤᠯᠬᠤ ᠵᠢ ᠲᠦᠯᠬᠢᠨ ᠠᠬᠢᠭᠤᠯᠪᠠ᠃ ᠨᠢᠭᠡ ᠲᠠᠯ᠎ᠠ᠎ᠪᠠᠷ᠂ 《ᠲᠥᠷᠥ ᠵᠢᠨ ᠪᠣᠳᠣᠯᠭ᠎ᠠ ᠵᠢ ᠠᠵᠤ ᠠᠬᠤᠶ᠋ᠢᠯᠠᠯ᠎ᠳᠤ ᠣᠷᠤᠭᠤᠯᠬᠤ》 ᠠᠵᠢᠯᠯᠠᠭ᠎ᠠ᠎ᠪᠠᠷ ᠳᠠᠮᠵᠢᠭᠤᠯᠤᠨ᠂ 《ᠨᠢᠭᠡ᠎ᠳᠤ ᠨᠢᠭᠡ》 ᠵᠢᠨ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠤᠳᠣᠯᠭ᠎ᠠ ᠵᠢ ᠥᠷᠨᠢᠭᠦᠯᠵᠦ᠂ ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ ᠵᠢ ᠬᠠᠰᠤᠵᠤ ᠬᠡᠯᠲᠦᠷᠢᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠬᠠᠷᠠᠭ᠋ᠠᠯᠵᠠᠯ ᠦᠵᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠭᠤᠤᠯᠳᠠᠯᠭ᠎ᠠ᠎ᠲᠠᠢ ᠲᠠᠶ᠋ᠢᠯᠪᠤᠷᠢᠯᠠᠵᠤ᠂ ᠠᠵᠤ ᠠᠬᠤᠶ᠋ᠢᠯᠠᠯ᠎ᠢ ᠬᠠᠪᠰᠤᠷᠤᠨ 《ᠲᠥᠷᠥ ᠵᠢᠨ ᠪᠣᠳᠣᠯᠭ᠎ᠠ ᠵᠢᠨ ᠲᠠᠩᠰᠠ》᠂ 《ᠥᠪᠡᠷ᠎ᠤᠨ ᠥᠷᠲᠡᠭ᠎ᠤᠨ ᠲᠠᠩᠰᠠ》 ᠵᠢ ᠪᠤᠳᠤᠵᠤ ᠥᠭᠪᠡ; ᠨᠥᠭᠦᠭᠡ ᠲᠠᠯ᠎ᠠ᠎ᠪᠠᠷ᠂ ᠰᠦᠢ᠍ᠳᠬᠡᠯ ᠬᠤᠷᠢᠶᠠᠬᠤ ᠨᠢᠭᠡᠴᠢ ᠵᠢ ᠵᠢᠯᠣᠭᠤᠳᠴᠤ ᠪᠠᠶ᠋ᠢᠭ᠋ᠠᠳ 《ᠰᠦᠢ᠍ᠳᠬᠡᠯ ᠬᠤᠷᠢᠶᠠᠬᠤ ᠵᠢ ᠢᠯᠡ ᠨᠡᠶ᠋ᠢᠲᠡᠯᠡᠬᠦ ᠨᠠᠷᠢᠨ ᠲᠠᠩᠰᠠ》 ᠪᠠ 《ᠦᠢ᠍ᠯᠡᠴᠢᠯᠡᠭᠡᠨ᠎ᠤ ᠳ᠋ᠦᠩᠨᠡᠨ ᠪᠤᠳᠤᠬᠤ ᠨᠠᠷᠢᠨ ᠲᠠᠩᠰᠠ》 ᠵᠢ ᠪᠠᠶ᠋ᠢᠭᠤᠯᠵᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ᠂ ᠦᠨᠳᠦᠰᠦᠯᠡᠯ ᠪᠠ ᠦᠢ᠍ᠯᠡᠴᠢᠯᠡᠭᠡᠨ᠎ᠤ ᠠᠭᠤᠯᠭ᠎ᠠ ᠵᠢ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠢ 《ᠲᠣᠳᠣᠷᠬᠠᠶ᠎ᠪᠠᠷ ᠰᠦᠢ᠍ᠳᠬᠡᠯ ᠲᠤᠰᠢᠶᠠᠬᠤ》 ᠪᠣᠯᠭ᠋ᠠᠪᠠ᠃ ᠡᠭᠦᠨ᠎ᠠᠴᠠ ᠭᠠᠳᠠᠨ᠎ᠠ᠂ ᠠᠵᠢᠯ ᠲᠥᠷᠥᠯ᠎ᠤᠨ ᠨᠡᠶ᠋ᠢᠭᠡᠮᠯᠢᠭ᠎ᠤᠨ 《ᠰᠦᠢ᠍ᠳᠬᠡᠯ ᠬᠤᠷᠢᠶᠠᠬᠤ ᠰᠠᠬᠢᠯᠭ᠎ᠠ ᠪᠠᠲᠤ ᠵᠢᠨ ᠭᠡᠷ᠎ᠡ》 ᠲᠣᠭᠲᠠᠭ᠋ᠠᠬᠤ ᠵᠢ ᠠᠬᠢᠭᠤᠯᠵᠤ᠂ ᠭᠡᠰᠢᠭᠦᠨ ᠨᠢᠭᠡᠴᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠠᠮᠠᠯᠠᠯᠲᠠ ᠵᠢᠨ ᠪᠢᠴᠢᠭ᠎ᠲᠤ ᠭᠠᠷ᠎ᠤᠨ ᠦᠰᠦᠭ ᠵᠢᠷᠤᠭᠤᠯᠵᠤ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠠᠬᠢᠭᠤᠯᠪᠠ᠃ 12315᠂ 12345 ᠵᠡᠷᠭᠡ ᠵᠠᠭ᠋ᠠᠯᠳᠤᠯᠭ᠎ᠠ ᠵᠢᠨ ᠠᠷᠭ᠎ᠠ ᠵᠠᠮ᠎ᠢ ᠵᠡᠷᠭᠡ᠎ᠪᠠᠷ ᠨᠡᠪᠲᠡᠷᠡᠭᠦᠯᠵᠦ᠂ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ ᠪᠠᠶ᠋ᠢᠴᠠᠭ᠋ᠠᠬᠤ᠂ ᠪᠠᠢ᠌ᠴᠠᠭ᠋ᠠᠪᠠᠯ ᠳᠣᠣᠷ᠎ᠠ᠎ᠨᠢ ᠬᠠᠷᠢᠭᠤ ᠲᠤᠰᠬᠠᠬᠤ》 ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠪᠠ᠃

ᠢᠷᠡᠯᠲᠡ᠄ ᠤᠯᠠᠭ᠋ᠠᠨᠬᠠᠳᠠ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ