2025 ᠣᠨ᠎ᠠᠴᠠ ᠨᠠᠭᠠᠰᠢ ᠂ ᠪᠠᠶᠠᠨᠨᠠᠭᠤᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠡᠷᠡᠭ᠌ᠯᠡᠭᠡ᠎ᠶ᠋ᠢᠨ ᠡᠷᠬᠡ ᠪᠠᠨ ᠬᠠᠮᠠᠭᠠᠯᠠᠬᠤ ᠡᠭᠦᠷᠭᠡ ᠬᠠᠷᠢᠭᠤᠴᠠᠯᠭᠠᠳᠤ ᠠᠩᠬᠠᠷᠤᠯ᠎ᠢᠶᠠᠨ ᠲᠥᠪᠯᠡᠷᠡᠭᠦᠯᠵᠦ᠍ ᠂ 《 ᠭᠤᠮᠣᠳᠠᠯ ᠱᠠᠭᠠᠷᠳᠠᠯᠭ᠎ᠠ᠎ᠶ᠋ᠢ ᠱᠢᠢᠳᠪᠦᠷᠢᠯᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ ᠂ ᠲᠤᠰᠭᠠᠢ ᠴᠡᠭ᠌ᠴᠡᠯᠡᠨ ᠵᠠᠰᠠᠵᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠂ ᠨᠡᠢᠭᠡᠮ ᠨᠡᠢᠲᠡ᠎ᠪᠠᠷ᠎ᠢᠶᠠᠨ ᠬᠠᠮᠲᠤ᠎ᠪᠠᠷ ᠵᠠᠰᠠᠵᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ 》 ᠭᠤᠷᠪᠠᠨ ᠲᠠᠯ᠎ᠠ᠎ᠠᠴᠠ ᠬᠤᠯᠪᠣᠭᠠᠯᠠᠨ ᠬᠥᠳᠡᠯᠦᠯᠴᠡᠬᠦ᠌ ᠪᠠᠷ ᠳᠠᠮᠵᠢᠭᠤᠯᠤᠨ ᠂ ᠬᠡᠷᠡᠭ᠌ᠯᠡᠭᠡᠨ᠎ᠤ ᠣᠷᠴᠢᠨ ᠨᠥᠬᠦᠴᠡᠯ᠎ᠢ ᠪᠥᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍ ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ ᠂ ᠬᠡᠷᠡᠭ᠌ᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠵᠤ ᠂ ᠰᠠᠨᠠᠭ᠎ᠠ ᠠᠮᠠᠷ ᠬᠡᠷᠡᠭ᠌ᠯᠡᠭᠡᠨ᠎ᠤ ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠪᠠ ᠃
ᠭᠤᠮᠣᠳᠠᠯ ᠱᠠᠭᠠᠷᠳᠠᠯᠭ᠎ᠠ᠎ᠶ᠋ᠢ ᠱᠢᠢᠳᠪᠦᠷᠢᠯᠡᠬᠦ᠌ ᠨᠢ 《 ᠬᠤᠷᠳᠤᠴᠠ᠎ᠶ᠋ᠢᠨ ᠨᠡᠮᠡᠭ᠌ᠳᠡᠯ 》᠎ᠢ ᠭᠠᠷᠭᠠᠪᠠ
ᠲᠣᠭ᠎ᠠ ᠪᠠᠷᠢᠮᠲᠠ ᠦᠷ᠎ᠡ ᠪᠦᠲᠦᠮᠵᠢ ᠶ᠋ᠢ ᠭᠡᠷᠡᠴᠢᠯᠡᠨ᠎ᠡ ᠃ ᠳᠡᠭᠡᠷ᠎ᠡ ᠬᠠᠭᠠᠰ ᠵᠢᠯ᠎ᠳᠤ ᠂ ᠪᠦᠬᠦ᠌ ᠬᠤᠲᠠ᠎ᠶ᠋ᠢᠨ 12135 ᠲᠠᠪᠴᠠᠩ᠎ᠤᠨ᠎ᠬᠢᠨ ᠬᠡᠷᠡᠭ᠌ᠯᠡᠭ᠌ᠴᠢᠳ᠎ᠤᠨ ᠬᠦᠰᠡᠯ ᠱᠠᠭᠠᠷᠳᠠᠯᠭ᠎ᠠ᠎ᠶ᠋ᠢ 8254 ᠬᠤᠪᠢ ᠬᠦᠯᠢᠶᠡᠨ ᠠᠪᠴᠤ᠌ ᠂ ᠠᠳᠠᠯᠢ ᠬᠤᠭᠤᠴᠠᠭᠠᠨ᠎ᠤ᠎ᠬᠢ᠎ᠠᠴᠠ 19.92% ᠢᠶᠠᠷ ᠨᠡᠮᠡᠭ᠌ᠳᠡᠵᠦ᠍ ᠂ ᠡᠭᠦᠨ᠎ᠳᠤ 3680 ᠬᠤᠪᠢ ᠵᠠᠭᠠᠯᠳᠤᠯᠭ᠎ᠠ ᠂ 1131 ᠬᠤᠪᠢ ᠢᠯᠡᠴᠢᠯᠡᠨ ᠮᠡᠳᠡᠭᠦᠯᠦᠯᠲᠡ ᠂ 3443 ᠬᠤᠪᠢ ᠵᠥᠪᠯᠡᠯᠭᠡ ᠂ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ 6.14% ᠂ 17.32% ᠂ 40.42% ᠢᠶᠠᠷ ᠨᠡᠮᠡᠭ᠌ᠳᠡᠵᠦ᠍ ᠂ ᠵᠠᠭᠠᠯᠳᠤᠯᠭ᠎ᠠ᠎ᠶ᠋ᠢ ᠴᠠᠭ ᠲᠤᠬᠠᠶ᠎ᠳᠤ ᠨᠢ ᠠᠩᠬ᠎ᠠ ᠪᠠᠢᠴᠠᠭᠠᠬᠤ ᠨᠣᠷᠮ᠎ᠠ ᠂ ᠵᠠᠭᠠᠯᠳᠤᠯᠭ᠎ᠠ᠎ᠶ᠋ᠢ ᠴᠠᠭ ᠲᠤᠬᠠᠶ᠎ᠳᠤ ᠨᠢ ᠭᠦᠢᠴᠡᠳᠭᠡᠨ ᠳᠠᠭᠤᠰᠭᠠᠭ᠍ᠰᠠᠨ ᠨᠣᠷᠮ᠎ᠠ ᠂ ᠢᠯᠡᠴᠢᠯᠡᠨ ᠮᠡᠳᠡᠭᠦᠯᠦᠭ᠌ᠰᠡᠨ᠎ᠢ ᠴᠠᠭ ᠲᠤᠬᠠᠢ᠎ᠳᠦ ᠨᠢ ᠬᠢᠨᠠᠨ ᠪᠠᠢᠴᠠᠭᠠᠭ᠍ᠰᠠᠨ ᠨᠣᠷᠮ᠎ᠠ ᠴᠥᠮ 99.7% ᠠᠴᠠ ᠳᠡᠭᠡᠭ᠌ᠰᠢ᠎ᠳᠤ ᠬᠦᠷᠴᠦ᠍ ᠂ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠦᠲᠦᠮᠵᠢᠲᠡᠶ ᠬᠠᠮᠠᠭᠠᠯᠠᠪᠠ ᠃ 《 ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠡᠬᠡ ᠲᠠᠩᠰᠠ 》 ᠶ᠋ᠢ ᠪᠠᠢᠭᠤᠯᠬᠤ᠎ᠪᠠᠷ ᠳᠠᠮᠵᠢᠭᠤᠯᠤᠨ ᠂ 64 ᠬᠡᠷᠡᠭ᠎ᠢ ᠱᠢᠯᠵᠢᠭᠦᠯᠦᠨ ᠭᠦᠢᠴᠡᠳᠭᠡᠬᠦ᠌ ᠵᠠᠬᠢᠳᠠᠯ᠎ᠢ 《 ᠤᠳᠠᠭᠠᠱᠢᠷᠠᠭᠤᠯᠬᠤ ᠥᠬᠡᠶ 》 ᠡᠷᠭᠢᠯᠲᠡ᠎ᠳᠤ ᠣᠷᠣᠭᠤᠯᠬᠤ᠎ᠶ᠋ᠢ ᠪᠡᠶᠡᠯᠡᠭᠦᠯᠪᠡ ; 29 ODR ᠠᠵᠤ ᠠᠬᠤᠢᠯᠠᠯ᠎ᠤᠨ ᠬᠡᠷᠡᠭ᠌ᠯᠡᠭᠡᠨ᠎ᠤ ᠬᠦᠰᠡᠯ ᠱᠠᠭᠠᠷᠳᠠᠯᠭ᠎ᠠ ᠶ᠋ᠢ 72 ᠬᠤᠪᠢ ᠭᠥᠯᠢᠶᠡᠨ ᠠᠪᠴᠤ᠌ ᠱᠢᠢᠳᠪᠦᠷᠢᠯᠡᠪᠡ ; 《 ᠲᠠᠪᠤ᠎ᠶ᠋ᠢ ᠣᠷᠣᠭᠤᠯᠬᠤ 》 ᠬᠡᠷᠡᠭ᠌ᠯᠡᠭᠡᠨ᠎ᠤ ᠡᠷᠬᠡ ᠠᠱᠢᠭ᠎ᠢ ᠬᠠᠮᠠᠭᠠᠯᠠᠬᠤ ᠦᠢᠯᠡᠴᠢᠯᠡᠭᠡᠨ᠎ᠤ ᠥᠷᠲᠡᠭᠡ 74 ᠪᠠᠢᠭᠤᠯᠵᠤ ᠂ ᠬᠡᠷᠡᠭ᠌ᠯᠡᠭᠡᠨ᠎ᠤ ᠵᠠᠭᠠᠯᠳᠤᠯᠭ᠎ᠠ᠎ᠶ᠋ᠢ 51 ᠬᠤᠪᠢ ᠭᠥᠯᠢᠶᠡᠨ ᠠᠪᠴᠤ᠌ ᠂ ᠮᠠᠷᠭᠤᠯᠳᠤᠭᠠᠨ᠎ᠢ ᠱᠢᠢᠳᠪᠦᠷᠢᠯᠡᠭ᠌ᠰᠡᠨ ᠵᠣᠭᠤᠰ᠎ᠤᠨ ᠲᠤᠭ᠎ᠠ 2.73 ᠲᠦᠮᠡᠨ ᠲᠥᠭᠦᠷᠢᠭ᠎ᠲᠤ ᠬᠦᠷᠴᠦ᠍ ᠂ ᠡᠶᠡᠳᠡᠭ᠌ᠰᠡᠨ ᠨᠣᠷᠮ᠎ᠠ᠎ᠨᠢ 100% ᠃ ᠬᠤᠲᠠ᠎ᠶ᠋ᠢᠨ ᠬᠡᠷᠡᠭ᠌ᠯᠡᠭ᠌ᠴᠢᠳ᠎ᠤᠨ ᠨᠡᠢᠭᠡᠮᠯᠢᠭ᠎ᠤᠨ ᠬᠦᠯᠢᠶᠡᠨ ᠠᠪᠴᠤ᠌ ᠱᠢᠢᠳᠪᠦᠷᠢᠯᠡᠭ᠌ᠰᠡᠨ 17 ᠬᠦᠴᠢᠷ ᠲᠦᠪᠡᠭ᠌ᠲᠡᠶ ᠵᠠᠭᠠᠯᠳᠤᠯᠭ᠎ᠠ ᠶ᠋ᠢ 100% ᠪᠠᠷ ᠡᠶᠡᠳᠡᠭᠦᠯᠵᠦ᠍ ᠂ ᠬᠡᠷᠡᠭ᠌ᠯᠡᠭ᠌ᠴᠢᠳ᠎ᠲᠤ 8 ᠲᠦᠮᠡᠨ ᠲᠥᠭᠦᠷᠢᠭ᠎ᠤᠨ ᠬᠤᠬᠢᠷᠠᠯ᠎ᠢ ᠡᠭᠡᠭᠦᠯᠦᠨ ᠠᠪᠴᠢᠷᠠᠪᠠ ᠃
ᠬᠠᠷᠠᠯᠲᠠ᠎ᠲᠠᠢ᠎ᠪᠠᠷ ᠴᠡᠭ᠌ᠴᠡᠯᠡᠨ ᠵᠠᠰᠠᠵᠤ 《 ᠬᠠᠮ ᠨᠢᠳᠤᠷᠭ᠎ᠠ 》 ᠭᠠᠷᠭᠠᠨ᠎ᠠ
ᠤᠷᠢᠳᠴᠢᠯᠠᠨ ᠥᠭ᠌ᠬᠦ ᠮᠠᠶᠢᠭ᠎ᠤᠨ ᠬᠡᠷᠡᠭ᠌ᠯᠡᠭᠡ ᠂ ᠢᠳᠡᠭᠡᠨ ᠪᠠ ᠡᠮ᠎ᠤᠨ ᠵᠦᠢᠯ ᠂ ᠭᠠᠷ ᠳᠠᠮᠵᠢᠭ᠍ᠰᠠᠨ ᠮᠠᠱᠢᠨ ᠲᠡᠷᠭᠡᠨ᠎ᠤ ᠠᠷᠠᠯᠵᠢᠶ᠎ᠠ ᠵᠡᠷᠭᠡ ᠠᠷᠠᠳ᠎ᠤᠨ ᠠᠮᠢᠳᠤᠷᠠᠯ᠎ᠤᠨ ᠡᠪᠡᠷᠱᠢᠶᠡᠯ᠎ᠤᠨ ᠴᠡᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍ ᠂ 3371 ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠪᠠᠢᠴᠠᠭᠠᠵᠤ ᠂ ᠬᠡᠷᠡᠭ᠌ᠯᠡᠭᠡᠨ᠎ᠤ ᠵᠠᠭᠠᠯᠳᠤᠯᠭ᠎ᠠ᠎ᠶ᠋ᠢ 4870 ᠬᠤᠪᠢ ᠱᠢᠢᠳᠪᠦᠷᠢᠯᠡᠵᠦ᠍ ᠂ ᠬᠡᠷᠡᠭ᠌ᠯᠡᠭ᠌ᠴᠢᠳ᠎ᠲᠤ 143.6 ᠲᠦᠮᠡᠨ ᠲᠥᠭᠦᠷᠢᠭ᠎ᠤᠨ ᠲᠦᠯᠦᠪᠦᠷᠢ ᠪᠤᠴᠠᠭᠠᠪᠠ ᠃ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ ᠂ ᠢᠳᠡᠭᠡᠨ ᠤᠮᠳᠠᠭᠠᠨ᠎ᠢ ᠤᠷᠢᠳᠴᠢᠯᠠᠨ ᠥᠭ᠌ᠬᠦ ᠬᠦᠷᠢᠶ᠎ᠡ ᠴᠠᠷᠠᠭ᠎ᠠ᠎ᠳᠤ ᠴᠢᠭ᠌ᠯᠡᠭᠦᠯᠦᠨ ᠂ 《 ᠬᠣᠣᠰ ᠲᠠᠱᠢᠷᠠᠮ + ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ 》 ᠵᠠᠭ᠍ᠪᠤᠷ᠎ᠤᠨ ᠱᠢᠨ᠎ᠡ᠎ᠶ᠋ᠢ ᠡᠭᠦᠳᠴᠦ᠍ ᠂ 30 ᠠᠵᠤ ᠠᠬᠤᠢᠯᠠᠯ᠎ᠢ ᠰᠣᠩᠭᠤᠨ ᠪᠠᠢᠴᠠᠭᠠᠵᠤ ᠂ ᠪᠥᠬᠦ᠌ ᠬᠤᠲᠠ᠎ᠶ᠋ᠢᠨ 483 ᠡᠵᠡᠩᠨᠡᠭ᠌ᠴᠢ᠎ᠶ᠋ᠢ ᠪᠦᠷᠬᠦᠵᠦ᠍ ᠂ ᠡᠵᠡᠩᠨᠡᠯᠲᠡ᠎ᠶ᠋ᠢᠨ ᠦᠢᠯᠡ ᠠᠵᠢᠯᠯᠠᠭ᠎ᠠ᠎ᠶ᠋ᠢ ᠱᠢᠮᠳᠠᠭᠤᠯᠤᠨ ᠵᠢᠷᠤᠮᠵᠢᠭᠤᠯᠪᠠ ᠃ 123 ᠬᠤᠳᠠᠯᠳᠤᠭᠠᠨ᠎ᠤ ᠡᠷᠦᠬᠡ 《 ᠰᠠᠨᠠᠭ᠎ᠠ ᠠᠮᠠᠷ ᠬᠡᠷᠡᠭ᠌ᠯᠡᠭᠡ᠎ᠶ᠋ᠢᠨ ᠠᠮᠠᠯᠠᠯᠲᠠ᠎ᠶ᠋ᠢᠨ ᠨᠢᠭᠡᠴᠢ 》 ᠪᠠᠷ ᠦᠨᠡᠯᠡᠭ᠌ᠳᠡᠵᠦ᠍ ᠂ 271 ᠬᠤᠳᠠᠯᠳᠤᠭᠠᠨ᠎ᠤ ᠡᠷᠦᠬᠡ ᠰᠦᠯᠵᠢᠶᠡᠨ ᠭᠠᠳᠠᠨᠠᠬᠢ 7 ᠡᠳᠦᠷ᠎ᠲᠤ ᠤᠴᠢᠷ ᠱᠢᠯᠲᠠᠭᠠᠨ ᠥᠬᠡᠶ᠎ᠪᠠᠷ ᠪᠠᠷᠠᠭ᠎ᠠ ᠪᠤᠴᠠᠭᠠᠬᠤ ᠶ᠋ᠢ ᠠᠮᠠᠯᠳᠠᠵᠤ ᠂ 40 ᠲᠣᠮᠣ ᠬᠡᠯᠪᠡᠷᠢ᠎ᠶ᠋ᠢᠨ ᠢᠳᠡᠭᠡᠨ ᠤᠮᠳᠠᠭᠠᠨ᠎ᠤ ᠨᠢᠭᠡᠴᠢ 7 ᠡᠳᠦᠷ᠎ᠠᠴᠠ ᠡᠮᠦᠨ᠎ᠡ ᠬᠤᠭᠤᠯᠠ ᠢᠳᠡᠬᠦ᠌ ᠤᠴᠢᠷ ᠱᠢᠯᠲᠠᠭᠠᠨ ᠥᠬᠡᠶ᠎ᠪᠠᠷ ᠪᠠᠷᠠᠭ᠎ᠠ ᠪᠤᠴᠠᠭᠠᠬᠤ ( ᠲᠣᠭ᠍ᠲᠠᠭᠠᠬᠤ ) ᠠᠵᠢᠯᠯᠠᠭ᠎ᠠ᠎ᠳᠤ ᠣᠷᠣᠯᠴᠠᠵᠤ ᠂ ᠬᠡᠷᠡᠭ᠌ᠯᠡᠭᠡᠨ᠎ᠤ ᠵᠢᠭᠤᠷᠠᠯᠳᠤᠭᠠᠨ᠎ᠢ ᠡᠬᠢ ᠡᠭᠦᠰᠦᠯ᠎ᠠᠴᠠ᠎ᠨᠢ ᠪᠠᠭᠠᠰᠭᠠᠪᠠ ᠃
ᠨᠡᠢᠭᠡᠮ ᠨᠡᠢᠲᠡ᠎ᠪᠠᠷ᠎ᠢᠶᠠᠨ ᠬᠠᠮᠲᠤ᠎ᠪᠠᠷ ᠵᠠᠰᠠᠵᠤ 《 ᠶᠡᠭᠡ ᠨᠠᠢᠷᠠᠯ ᠳᠠᠭᠤᠤ 》 ᠶ᠋ᠢ ᠬᠦᠭ᠌ᠵᠢᠮᠳᠡᠵᠦ᠍ ᠪᠠᠢᠨ᠎ᠠ
《 3 • 15 》᠎ᠤ ᠱᠢᠷᠢᠰ ᠠᠵᠢᠯᠯᠠᠭ᠎ᠠ ᠵᠠᠯᠭᠠᠭ᠎ᠠ᠎ᠪᠠᠷ ᠡᠬᠢᠯᠡᠵᠦ᠍ ᠂ 2024 ᠣᠨ᠎ᠤ ᠡᠷᠬᠡ᠎ᠪᠠᠨ ᠬᠠᠮᠠᠭᠠᠯᠠᠬᠤ ᠲᠤᠭ᠎ᠠ ᠪᠠᠷᠢᠮᠲᠠ ᠵᠢᠴᠢ ᠬᠡᠷᠡᠭ᠌ᠯᠡᠭ᠌ᠴᠢᠳ᠎ᠤᠨ ᠡᠷᠬᠡ ᠠᠱᠢᠭ᠎ᠲᠤ ᠬᠠᠯᠳᠠᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍ ᠂ ᠲᠤᠬᠠᠶ᠎ᠶ᠋ᠢᠨ ᠲᠠᠯᠠᠪᠤᠷ᠎ᠤᠨ ᠠᠵᠢᠯᠯᠠᠭ᠎ᠠ᠎ᠨᠢ ᠣᠯᠠᠨ ᠲᠦᠮᠡᠨ᠎ᠢ 3000 ᠭᠠᠷᠤᠶ ᠬᠥᠮᠦᠨ ᠤᠳᠠᠭ᠎ᠠ ᠲᠡᠳᠡᠨ ᠠᠪᠴᠢᠷᠠᠵᠤ ᠂ 335.8 ᠲᠦᠮᠡᠨ ᠲᠥᠭᠦᠷᠢᠭ᠎ᠤᠨ ᠬᠠᠭᠤᠷᠮᠠᠭ ᠮᠠᠭᠤ ᠲᠠᠸᠠᠷ᠎ᠢ ᠤᠰᠠᠳᠭᠠᠪᠠ ; ᠰᠦᠯᠵᠢᠶᠡᠨ ᠳᠡᠭᠡᠷ᠎ᠡ 《 ᠰᠦᠯᠵᠢᠶ᠎ᠡ + ᠵᠠᠭᠤᠴᠢᠯᠠᠭᠤᠷ 》᠎ᠤᠨ ᠵᠢᠭ᠍ᠰᠠᠭᠠᠯ᠎ᠳᠤ ᠲᠦᠱᠢᠭ᠌ᠯᠡᠨ ᠂ ᠰᠦᠯᠵᠢᠶᠡᠨ ᠭᠠᠳᠠᠨ᠎ᠠ LED ᠳᠡᠯᠭᠡᠴᠡ ᠂ ᠸᠢᠴᠠᠲ᠎ᠤᠨ ᠣᠯᠠᠨ ᠨᠡᠢᠲᠡ᠎ᠶ᠋ᠢᠨ ᠲᠠᠪᠴᠠᠩ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠂ ᠡᠷᠬᠡ᠎ᠪᠠᠨ ᠬᠠᠮᠠᠭᠠᠯᠠᠬᠤ ᠮᠡᠳᠡᠯᠭᠡ᠎ᠶ᠋ᠢ ᠲᠦᠭᠡᠮᠡᠯᠵᠢᠭᠦᠯᠪᠡ ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠡᠷᠡᠭ᠌ᠯᠡᠭᠡᠨ᠎ᠤ ᠰᠤᠷᠭᠠᠨ ᠬᠥᠮᠦᠵᠢᠯ᠎ᠤᠨ ᠰᠠᠭᠤᠷᠢᠨ ᠭᠠᠵᠠᠷ᠎ᠢ 3 ᠪᠠᠢᠭᠤᠯᠵᠤ ᠂ ᠡᠷᠬᠡ᠎ᠶ᠋ᠢ ᠬᠠᠮᠠᠭᠠᠯᠠᠬᠤ ᠰᠠᠢᠨ ᠳᠤᠷ᠎ᠠ᠎ᠶ᠋ᠢᠨ ᠦᠢᠯᠡᠴᠢᠯᠡᠭ᠌ᠴᠢ᠎ᠶ᠋ᠢ 23 ᠬᠥᠭ᠌ᠵᠢᠭᠦᠯᠵᠦ᠍ ᠂ 50 ᠭᠠᠷᠤᠶ ᠠᠵᠤ ᠠᠬᠤᠢᠯᠠᠯ 《 3 • 15 ᠣᠶᠤᠨᠴᠢ ᠲᠠᠪᠴᠠᠩ 》᠎ᠳᠦ ᠳᠠᠩᠰᠠᠯᠠᠵᠤ ᠂ ᠠᠵᠤ ᠠᠬᠤᠢᠯᠠᠯ᠎ᠤᠨ ᠳᠣᠲᠣᠭᠠᠳᠤ᠎ᠠᠴᠠ ᠬᠡᠷᠡᠭ᠌ᠯᠡᠭᠡᠨ᠎ᠤ ᠵᠢᠭᠤᠷᠠᠯᠳᠤᠭᠠᠨ᠎ᠢ ᠨᠠᠩ ᠥᠨᠳᠥᠷ ᠪᠦᠲᠦᠮᠵᠢᠲᠡᠶ᠎ᠪᠠᠷ ᠱᠢᠢᠳᠪᠦᠷᠢᠯᠡᠬᠦ᠌᠎ᠶ᠋ᠢ ᠠᠬᠢᠭᠤᠯᠪᠠ ᠃